2017 ᠳᠤᠮᠳᠠᠳᠤ ᠤᠯᠤᠰ ᠤᠨ ᠰᠦ ᠶᠢᠨ ᠦᠢᠯᠡᠰ ︵ᠴᠠᠭᠠᠨ ᠢᠳᠡᠭᠡᠨ︶᠎ ᠤᠨ ᠡᠵᠡᠩᠨᠡᠨ ᠪᠣᠷᠣᠯᠠᠭᠤᠯᠬᠤ ᠬᠥᠭᠵᠢᠯᠲᠡ ᠶᠢᠨ ᠴᠠᠭᠠᠨ ᠭᠠᠳᠡᠷᠳᠦ ᠪᠢᠴᠢᠭ ᠨᠡᠶᠢᠲᠡᠯᠡᠭᠳᠡᠪᠡ
ᠨᠡᠶᠢᠲᠡᠯᠡᠭᠰᠡᠨ ᠴᠠᠭ᠄
2017/3/29
     ᠲᠦᠷᠦᠭᠦᠴᠦᠳ ᠤᠨ ᠶᠠᠷᠢᠶᠠᠨ ᠤ ᠲᠠᠪᠴᠠᠩ ᠵᠢᠴᠢ ᠴᠠᠭᠠᠨ ᠭᠠᠳᠠᠷᠲᠤ ᠪᠢᠴᠢᠭ      3 ᠳ᠋ᠤᠭᠠᠷ ᠰᠠᠷ᠎ᠠ ᠶᠢᠨ 27 ~ 29᠎ ᠤ ᠡᠳᠦᠷ᠂ ᠥᠪᠥᠷ ᠮᠣᠩᠭᠤᠯ ᠤᠨ ᠰᠦ ᠶᠢᠨ ᠦᠢᠯᠡᠰ ᠤᠨ ᠨᠡᠶᠢᠭᠡᠮᠯᠢᠭ᠂ ᠠᠽᠢᠶ᠎ᠠ ᠲᠢᠪ ᠤᠨ ᠦᠬᠡᠷ ᠤᠨ ᠦᠢᠯᠡᠰ ᠤᠨ ᠨᠡᠶᠢᠭᠡᠮᠯᠢᠭ ᠤᠨ ᠭᠤᠣᠯᠯᠠᠨ ᠡᠷᠭᠢᠯᠡᠭᠰᠡᠨ ᠠᠷᠪᠠᠨ ᠨᠢᠭᠡᠳᠦᠭᠡᠷ ᠬᠤᠭᠤᠴᠠᠭᠠᠨ ᠤ ᠥᠪᠥᠷ ᠮᠣᠩᠭᠤᠯ ᠤᠨ ᠰᠦ ᠶᠢᠨ ᠦᠢᠯᠡᠰ ᠤᠨ ᠦᠵᠡᠰᠬᠦᠯᠡᠩ ᠤᠨ ᠴᠤᠭᠯᠠᠭᠠᠨ ᠵᠢᠴᠢ ᠰᠦ ᠶᠢᠨ ᠦᠢᠯᠡᠰ ᠤᠨ ᠲᠦᠷᠦᠭᠦᠴᠦᠳ ᠤᠨ ᠶᠠᠷᠢᠶᠠᠨ ᠤ ᠲᠠᠪᠴᠠᠩ ᠳᠤᠮᠳᠠᠳᠤ ᠤᠯᠤᠰ ᠤᠨ ᠰᠦ ᠶᠢᠨ ᠬᠤᠲᠠ ᠬᠥᠬᠡᠬᠤᠲᠠ ᠳᠤ ᠬᠤᠷᠠᠯᠳᠤᠪᠠ᠃ 2017 ᠳᠤᠮᠳᠠᠳᠤ ᠤᠯᠤᠰ ᠤᠨ ᠰᠦ ᠶᠢᠨ ᠦᠢᠯᠡᠰ ︵ᠴᠠᠭᠠᠨ ᠢᠳᠡᠭᠡᠨ︶᠎ ᠤᠨ ᠡᠵᠡᠩᠨᠡᠨ ᠪᠣᠷᠣᠯᠠᠭᠤᠯᠬᠤ ᠬᠥᠭᠵᠢᠯᠲᠡ ᠶᠢᠨ ᠴᠠᠭᠠᠨ ᠭᠠᠳᠡᠷᠳᠦ ᠪᠢᠴᠢᠭ ᠴᠦ ᠬᠠᠮᠲᠤ ᠨᠡᠶᠢᠲᠡᠯᠡᠭᠳᠡᠪᠡ᠃      ᠳᠤᠮᠳᠠᠳᠤ ᠤᠯᠤᠰ ᠤᠨ ᠰᠦ ᠶᠢᠨ ᠦᠢᠯᠡᠰ ᠤᠨ ᠨᠡᠶᠢᠭᠡᠮᠯᠢᠭ ᠤᠨ ᠳᠡᠳ᠋ ᠨᠠᠷᠢᠨ ᠪᠢᠴᠢᠭ ᠤᠨ ᠳᠠᠷᠤᠭ᠎ᠠ ᠵᠠᠩ ᡁᠢ ᠱᠠᠨ ᠬᠡᠯᠡᠭᠰᠡᠨ ᠨᠢ᠂ 2016 ᠣᠨ ᠳᠤ ᠮᠠᠨ ᠤ ᠤᠯᠤᠰ ᠤᠨ ᠦᠨᠢᠶᠡᠨ ᠰᠦ ᠪᠠ ᠴᠠᠭᠠᠨ ᠢᠳᠡᠭᠡᠨ ᠤ ᠭᠠᠷᠤᠯᠲᠠ ᠲᠤᠰ ᠲᠤᠰ 3602 ᠲᠦᠮᠡᠨ ᠲᠣᠨ ᠪᠠ 2993 ᠲᠦᠮᠡᠨ ᠲᠣᠨ ᠳᠤ ᠬᠦᠷᠴᠦ᠂ ᠬᠥᠮᠦᠨ ᠪᠦᠷᠢ ᠳᠤ ᠨᠤᠭᠤᠯᠵᠤ ᠪᠤᠳᠤᠪᠠᠯ ᠰᠦ ᠶᠢᠨ ᠬᠡᠷᠡᠭᠯᠡᠭᠡᠨ 36.2 ᠺᠢᠯᠣᠭ᠍ᠷᠠᠮ ᠨᠤᠭᠳᠠᠵᠤ ᠪᠠᠶᠢᠨ᠎ᠠ᠃ ᠬᠥᠮᠦᠨ ᠪᠦᠷᠢ ᠶᠢᠨ ᠴᠠᠭᠠᠨ ᠢᠳᠡᠭᠡᠨ ᠤ ᠬᠡᠷᠡᠭᠯᠡᠭᠡ ᠨᠢ ᠵᠥᠪᠬᠡᠨ ᠳᠡᠯᠡᠬᠡᠶ ᠶᠢᠨ ᠬᠢᠷᠢ ᠬᠡᠮᠵᠢᠶᠡᠨ ᠤ 1 / 3᠎ ᠶᠢ ᠡᠵᠡᠯᠡᠵᠦ᠂ ᠠᠽᠢᠶ᠎ᠠ ᠲᠢᠪ ᠤᠨ 1 / 2᠎ ᠶᠢ ᠡᠵᠡᠯᠡᠵᠦ ᠪᠠᠶᠢᠨ᠎ᠠ᠃ ᠭᠡᠪᠡᠴᠦ ᠣᠶᠢᠷ᠎ᠠ ᠶᠢᠨ ᠵᠢᠯ ᠠᠴᠠ ᠨᠠᠰᠢ᠂ ᠳᠤᠮᠳᠠᠳᠤ ᠤᠯᠤᠰ ᠤᠨ ᠭᠠᠳᠠᠭᠠᠳᠤ ᠠᠴᠠ ᠴᠠᠭᠠᠨ ᠢᠳᠡᠭᠡᠨ ᠤᠷᠤᠭᠤᠯᠬᠤ ᠲᠤᠭ᠎ᠠ ᠬᠡᠮᠵᠢᠶ᠎ᠡ ᠮᠡᠳᠡᠭᠳᠡᠬᠦ᠋ᠢᠴᠡ ᠨᠡᠮᠡᠭᠳᠡᠵᠦ᠂ ᠮᠠᠨ ᠤ ᠤᠯᠤᠰ ᠤᠨ ᠴᠠᠭᠠᠨ ᠢᠳᠡᠭᠡᠨ ᠤ ᠦᠢᠯᠡᠰ ᠤᠨ ᠬᠥᠭᠵᠢᠯᠲᠡ ᠮᠥᠨ ᠬᠦ ᠨᠡᠯᠢᠶᠡᠳ ᠶᠡᠭᠡ ᠣᠷᠣᠨ ᠵᠠᠶ ᠲᠠᠢ ᠪᠠᠶᠢᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯ ᠮᠠᠨ ᠤ ᠤᠯᠤᠰ ᠤᠨ ᠴᠠᠭᠠᠨ ᠢᠳᠡᠭᠡᠨ ᠤ ᠦᠢᠯᠡᠰ ᠤᠨ ᠨᠢᠭᠡᠳᠦᠭᠡᠷ ᠲᠤᠮᠤ ᠮᠤᠵᠢ ᠮᠦᠨ᠂ ᠰᠠᠭᠠᠯᠢ ᠶᠢᠨ ᠦᠨᠢᠶ᠎ᠡ᠂ ᠦᠨᠢᠶᠡᠨ ᠰᠦ ᠶᠢᠨ ᠭᠠᠷᠤᠯᠲᠠ᠂ ᠦᠢᠯᠡᠳᠬᠦᠨ ᠤ ᠪᠣᠷᠣᠯᠠᠭᠤᠯᠤᠯᠲᠠ ᠶᠢᠨ ᠣᠷᠣᠯᠭ᠎ᠠ ᠵᠡᠷᠭᠡ ᠴᠢᠬᠤᠯᠠ ᠭᠦᠢᠴᠡᠳᠬᠡᠬᠦ ᠲᠤᠭ᠎ᠠ ᠨᠢ ᠪᠦᠬᠦ ᠤᠯᠤᠰ ᠲᠤ ᠨᠢᠭᠡᠳᠦᠭᠡᠷ ᠲᠤ ᠪᠠᠶᠢᠷᠢᠯᠠᠵᠤ᠂ ᠥᠪᠥᠷ ᠮᠣᠩᠭᠤᠯ ᠤᠨ ᠴᠠᠭᠠᠨ ᠢᠳᠡᠭᠡᠨ ᠤ ᠦᠢᠯᠡᠰ ᠤᠨ ᠬᠥᠭᠵᠢᠯᠲᠡ ᠶᠢᠨ ᠬᠠᠨᠳᠤᠰᠢ ᠨᠢ ᠪᠦᠬᠦ ᠤᠯᠤᠰ ᠤᠨ ᠴᠠᠭᠠᠨ ᠢᠳᠡᠭᠡᠨ ᠤ ᠦᠢᠯᠡᠰ ᠤᠨ ᠬᠥᠭᠵᠢᠯᠲᠡ ᠳᠤ ᠴᠢᠬᠤᠯᠠ ᠨᠥᠯᠥᠭᠡ ᠦᠵᠡᠭᠦᠯᠵᠦ ᠪᠠᠶᠢᠨ᠎ᠠ᠃      2017 ᠳᠤᠮᠳᠠᠳᠤ ᠤᠯᠤᠰ ᠤᠨ ᠰᠦ ᠶᠢᠨ ᠦᠢᠯᠡᠰ ︵ᠴᠠᠭᠠᠨ ᠢᠳᠡᠭᠡᠨ︶᠎ ᠤᠨ ᠡᠵᠡᠩᠨᠡᠨ ᠪᠣᠷᠣᠯᠠᠭᠤᠯᠬᠤ ᠬᠥᠭᠵᠢᠯᠲᠡ ᠶᠢᠨ ᠴᠠᠭᠠᠨ ᠭᠠᠳᠡᠷᠳᠦ ᠪᠢᠴᠢᠭ ᠲᠤ ᠣᠳᠣᠬᠠᠨ ᠤ ᠳᠤᠮᠳᠠᠳᠤ ᠤᠯᠤᠰ ᠤᠨ ᠰᠦ ᠶᠢᠨ ᠦᠢᠯᠡᠰ ᠤᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠣᠳᠣᠬᠢ ᠪᠠᠶᠢᠳᠠᠯ᠂ ᠠᠰᠠᠭᠤᠳᠠᠯ ᠪᠠ ᠠᠵᠠ ᠲᠣᠬᠢᠶᠠᠯ᠂ ᠦᠢᠯᠡᠳᠬᠦᠨ ᠤ ᠬᠦᠭᠵᠢᠯᠲᠡ ᠶᠢᠨ ᠵᠦᠭᠯᠡᠭᠦᠷ᠂ ᠠᠷᠭ᠎ᠠ ᠵᠠᠮ ᠠᠵᠢᠯᠯᠠᠬᠤ ᠬᠡᠯᠪᠡᠷᠢ᠂ ᠡᠵᠡᠩᠨᠡᠨ ᠪᠣᠷᠣᠯᠠᠭᠤᠯᠬᠤ ᠳᠡᠯᠭᠡᠷᠡᠭᠦᠯᠬᠦ ᠠᠷᠭ᠎ᠠ ᠪᠤᠳᠤᠯᠭ᠎ᠠ ᠵᠡᠷᠭᠡ ᠶᠢ ᠲᠤᠳᠤᠷᠬᠠᠶᠢᠯᠠᠨ ᠦᠭᠦᠯᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号