ᠪᠦ᠋ ᠰᠢᠶᠤᠤ ᠯᠢᠨ 2017 ᠤᠨ ᠤ ᠪᠦᠬᠦ ᠤᠷᠤᠨ ᠤ ᠮᠦᠩᠬᠦᠨ ᠬᠦᠢᠯᠭᠡᠭᠡᠨ ᠤ ᠠᠵᠢᠯ ᠤᠨ ᠶᠠᠷᠢᠯᠴᠠᠬᠤ ᠬᠤᠷᠠᠯ ᠢ ᠡᠷᠬᠢᠯᠡᠭᠰᠡᠨ ᠤ ᠬᠠᠮᠲᠤ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2017/3/29
     3 ᠳ᠋ᠤᠭᠠᠷ ᠰᠠᠷ᠎ᠠ ᠶᠢᠨ 27 ᠤ ᠦᠳᠡ ᠶᠢᠨ ᠡᠮᠦᠨ᠎ᠡ᠂ 2017 ᠤᠨ ᠤ ᠪᠦᠬᠦ ᠤᠷᠤᠨ ᠤ ᠮᠦᠩᠬᠦᠨ ᠬᠦᠢᠯᠭᠡᠭᠡᠨ ᠤ ᠠᠵᠢᠯ ᠤᠨ ᠶᠠᠷᠢᠯᠴᠠᠬᠤ ᠬᠤᠷᠠᠯ ᠬᠦᠬᠡᠬᠤᠳᠠ ᠳᠤ ᠬᠤᠷᠠᠯᠳᠣᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠳᠡᠷᠢᠭᠦᠯᠡᠭᠴᠢ ᠪᠦ᠋ ᠰᠢᠶᠤᠤ ᠯᠢᠨ ᠬᠤᠷᠠᠯ ᠡᠷᠬᠢᠯᠡᠭᠰᠡᠨ ᠤ ᠬᠠᠮᠳᠣ ᠶᠠᠷᠢᠶ᠎ᠠ ᠳᠠᠯᠪᠢᠪᠠ᠃ ᠳᠡᠷᠡ ᠴᠢᠬᠤᠯᠠᠴᠢᠯᠠᠭᠰᠠᠨ ᠨᠢ᠂ ᠮᠦᠩᠭᠦᠨ ᠬᠦᠢᠯᠭᠡᠭᠡᠨ ᠤ ᠪᠤᠳᠠᠳᠤ ᠴᠤᠭᠴᠠ ᠶᠢᠨ ᠠᠵᠤ ᠠᠬᠤᠢ ᠳᠤ ᠦᠢᠯᠡᠴᠢᠯᠡᠬᠦ ᠡᠷᠴᠢᠮ ᠢ ᠴᠢᠩᠭᠠᠷᠠᠭᠤᠯᠵᠣ᠂ ᠮᠦᠩᠭᠦᠨ ᠭᠦᠢᠯᠭᠡᠭᠡᠨ ᠤ ᠬᠠᠩᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠠᠬᠢᠭᠤᠯᠬᠤ ᠳᠣᠮᠳᠠᠬᠢ ᠦᠢᠯᠡᠳᠦᠯ ᠢ ᠬᠦᠢᠴᠡᠳ ᠪᠠᠳᠠᠷᠠᠭᠤᠯᠤᠨ᠂ ᠦᠪᠡᠷᠳᠡᠭᠡᠨ ᠵᠠᠰᠠᠬᠤ ᠤᠷᠤᠨ ᠤ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦᠯᠬᠦ ᠶᠢ ᠠᠬᠢᠭᠤᠯᠬᠤ ᠬᠡᠷᠡᠭᠳᠠᠢ ᠬᠡᠪᠡ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠦᠪᠡᠷᠳᠡᠭᠡᠨ ᠵᠠᠰᠠᠬᠤ ᠤᠷᠤᠨ ᠤ ᠪᠠᠶᠢᠩᠭᠤ ᠶᠢᠨ ᠳᠡᠳ᠋ ᠳᠡᠷᠢᠭᠦᠯᠡᠭᠴᠢ ᠵᠠᠩ ᠵᠢᠶᠠᠨ ᠮᠢᠨ ᠬᠤᠷᠠᠯ ᠳᠤ ᠤᠷᠤᠯᠴᠠᠪᠠ᠃      ᠶᠠᠷᠢᠯᠴᠠᠬᠤ ᠬᠤᠷᠠᠯ ᠳᠡᠭᠡᠷ᠎ᠡ᠂ ᠬᠤᠷᠠᠯ ᠳᠤ ᠤᠷᠤᠯᠴᠠᠭᠰᠠᠳ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠪᠣᠯᠣᠨ 2017 ᠤᠨ ᠤ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠤᠨ ᠪᠠᠶᠢᠷᠢᠯᠠᠭᠤᠯᠤᠯᠳᠠ ᠶᠢ ᠳᠣᠣᠱᠯᠠᠭᠤᠯᠣᠨ ᠨᠠᠶᠢᠳᠠᠪᠣᠷᠢᠵᠢᠭᠤᠯᠬᠤ ᠶᠢᠨ ᠲᠤᠭᠤᠷᠢᠨ ᠳᠤ ᠮᠠᠯᠵᠢᠬᠤ ᠳᠠᠷᠢᠶᠠᠯᠠᠬᠤ ᠤᠷᠤᠨ ᠤ ᠦᠨᠳᠤᠷ ᠬᠦᠦ ᠲᠠᠢ ᠵᠢᠭᠡᠯᠡᠯᠭᠡ ᠶᠢᠨ ᠠᠰᠠᠭᠤᠳᠠᠯ᠂ ᠮᠦᠩᠭᠦᠨ ᠬᠦᠢᠯᠭᠡᠭᠡᠨ ᠤ ᠪᠤᠳᠠᠳᠤ ᠴᠤᠭᠴᠠ ᠶᠢᠨ ᠠᠵᠤ ᠠᠬᠤᠢ ᠶᠢ ᠳᠡᠮᠵᠢᠬᠦ᠂ ᠮᠦᠩᠭᠦᠨ ᠬᠦᠢᠯᠭᠡᠭᠡᠨ ᠤ ᠠᠶᠤᠯ ᠲᠦᠭᠰᠢᠭᠦᠷᠢ ᠶᠢ ᠰᠡᠷᠬᠡᠶᠢᠯᠡᠨ ᠨᠠᠮᠳᠠᠭᠤᠯᠬᠤ ᠵᠡᠷᠭᠡ ᠰᠡᠳᠦᠪ ᠢ ᠶᠠᠷᠢᠯᠴᠠᠨ ᠰᠠᠨᠠᠯ ᠢᠶᠠᠨ ᠰᠤᠯᠢᠯᠴᠠᠵᠤ᠂ ᠣᠳᠣᠬᠠᠨ ᠤ ᠮᠦᠩᠬᠦᠨ ᠬᠦᠢᠯᠭᠡᠭᠡᠨ ᠤ ᠠᠵᠢᠯ ᠳᠤ ᠳᠣᠯᠭᠠᠷᠠᠵᠣ ᠪᠠᠶᠢᠭ᠎ᠠ ᠪᠠᠶᠢᠳᠠᠯ ᠪᠠ ᠤᠷᠤᠰᠢᠵᠤ ᠪᠠᠶᠢᠭ᠎ᠠ ᠠᠰᠠᠭᠤᠳᠠᠯ ᠢ ᠵᠠᠳᠠᠯᠵᠤ᠂ ᠳᠠᠷᠠᠭᠠᠴᠢ ᠶᠢᠨ ᠠᠯᠬᠤᠮ ᠤᠨ ᠠᠵᠢᠯ ᠤᠨ ᠰᠡᠳᠬᠢᠴᠡ ᠪᠠ ᠠᠷᠭ᠎ᠠ ᠬᠡᠮᠵᠢᠶ᠎ᠡ ᠶᠢ ᠰᠤᠳᠤᠯᠪᠠ᠃      ᠤᠯᠠᠨ ᠤ ᠶᠠᠷᠢᠬᠤ ᠶᠢ ᠬᠢᠨᠠᠮᠠᠭᠠᠢ ᠰᠤᠨᠤᠰᠤᠭᠰᠠᠨ ᠤ ᠳᠠᠷᠠᠭ᠎ᠠ᠂ ᠪᠦ᠋ ᠰᠢᠶᠤᠤ ᠯᠢᠨ ᠵᠢᠭᠠᠵᠤ ᠭᠠᠷᠭᠠᠭᠰᠠᠨ ᠨᠢ᠂ 2016 ᠤᠨ ᠳᠤ᠂ ᠲᠦᠪᠡᠭ ᠪᠣᠳᠣᠯᠢᠶᠠᠨᠳᠠᠢ ᠬᠦᠨᠳᠦ ᠨᠣᠴᠢᠳᠠᠢ ᠠᠵᠤ ᠠᠬᠤᠢ ᠶᠢᠨ ᠪᠠᠶᠢᠳᠠᠯ ᠪᠣᠯᠣᠨ ᠬᠠᠳᠠᠭᠤ ᠪᠡᠷᠭᠡᠰᠢᠶᠡᠯᠳᠡᠢ ᠨᠦᠰᠡᠷ ᠬᠦᠨᠳᠦ ᠦᠬᠡᠷᠡᠴᠢᠯᠡᠯᠳᠡ ᠬᠦᠭᠵᠢᠯᠳᠡ ᠳᠤᠭᠳᠠᠭᠤᠨ ᠤ ᠡᠭᠦᠷᠭᠡ ᠶᠢᠨ ᠡᠮᠦᠨ᠎ᠡ᠂ ᠪᠦᠬᠦ ᠤᠷᠤᠨ ᠤ ᠮᠦᠩᠭᠦᠨ ᠬᠦᠢᠯᠭᠡᠭᠡ ᠶᠢᠨ ᠰᠢᠰᠲ᠋ᠧᠮᠵᠢ ᠵᠠᠮ ᠨᠡᠭᠡᠭᠡᠨ ᠤᠷᠤᠭᠰᠢᠯᠠᠵᠤ᠂ ᠯᠠᠪᠳᠠᠭᠤᠨ ᠪᠠᠳᠣᠳᠠᠢ ᠠᠵᠢᠯᠯᠠᠵᠤ᠂ ᠪᠤᠳᠠᠳᠤ ᠴᠤᠭᠴᠠ ᠶᠢᠨ ᠠᠵᠤ ᠠᠬᠤᠢ ᠪᠣᠯᠣᠨ ᠬᠠᠩᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠳᠤ ᠦᠢᠯᠡᠴᠢᠯᠡᠬᠦ ᠶᠢᠨ ᠲᠤᠭᠤᠷᠢᠨ ᠳᠤ᠂ ᠤᠯᠠᠨ ᠡᠰᠢᠵᠢᠭᠰᠡᠨ ᠪᠡᠯᠡ ᠴᠤᠭᠯᠠᠭᠤᠯᠬᠤ ᠠᠷᠭ᠎ᠠ ᠵᠠᠮ ᠢ ᠢᠳᠡᠪᠬᠢᠳᠡᠢ ᠨᠡᠬᠡᠬᠡᠵᠤ᠂ ᠮᠦᠩᠭᠦᠨ ᠬᠦᠢᠯᠭᠡᠭᠡ ᠶᠢᠨ ᠦᠢᠯᠡᠴᠢᠯᠡᠭᠡ ᠶᠢᠨ ᠰᠢᠨ᠎ᠡ ᠶᠢ ᠡᠭᠦᠳᠴᠦ᠂ ᠭᠤᠤᠯᠳᠠᠯᠭ᠎ᠠ ᠲᠠᠢ ᠬᠦᠷᠢᠶ᠎ᠡ ᠳᠠᠬᠢ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠣ᠂ ᠦᠪᠡᠷᠳᠡᠭᠡᠨ ᠵᠠᠰᠠᠬᠤ ᠤᠷᠤᠨ ᠤ ᠠᠵᠤ ᠠᠬᠤᠢ ᠨᠡᠶᠢᠬᠡᠮ ᠤᠨ ᠬᠦᠭᠵᠢᠯᠳᠡ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠡᠭᠦᠨ ᠤ ᠬᠠᠮᠳᠣ᠂ ᠤᠷᠤᠰᠢᠵᠤ ᠪᠠᠶᠢᠭ᠎ᠠ ᠠᠰᠠᠭᠤᠳᠠᠯ ᠢᠶᠠᠨ ᠴᠦ ᠤᠯᠵᠤ ᠬᠠᠷᠠᠬᠤ ᠬᠡᠷᠡᠭᠳᠡᠢ᠂ ᠵᠢᠱᠢᠶᠡᠯᠡᠪᠡᠯ ᠨᠡᠶᠢᠬᠡᠮ ᠤᠨ ᠪᠡᠯᠡ ᠴᠤᠭᠯᠠᠭᠤᠯᠬᠤ ᠬᠡᠪᠴᠢᠶ᠎ᠡ ᠪᠣᠯᠣᠨ ᠵᠢᠭᠡᠯᠡᠯᠭᠡ ᠶᠢᠨ ᠪᠦᠬᠦ ᠤᠯᠤᠰ ᠲᠠᠬᠢ ᠬᠤᠪᠢ ᠶᠢᠨ ᠵᠢᠩ ᠵᠢᠯ ᠳᠠᠷᠠᠭᠠᠯᠠᠨ ᠪᠠᠭᠤᠷᠠᠵᠤ ᠪᠠᠶᠢᠬᠤ᠂ ᠪᠡᠯᠡ ᠴᠤᠭᠯᠠᠭᠤᠯᠬᠤ ᠪᠦᠳᠦᠴᠡ ᠵᠦᠢ ᠵᠤᠬᠢᠰ ᠦᠭᠡᠢ ᠪᠠᠶᠢᠬᠤ᠂ ᠠᠵᠤ ᠠᠬᠤᠶᠢᠯᠠᠯ ᠤᠨ ᠰᠲ᠋ᠣᠺ ᠢ ᠵᠠᠬ᠎ᠠ ᠳᠡᠯᠭᠡᠬᠦᠷ ᠲᠤ ᠭᠠᠷᠭᠠᠬᠤ ᠶᠢ ᠠᠬᠢᠭᠤᠯᠬᠤ ᠠᠵᠢᠯ ᠵᠡᠷᠦᠩᠬᠡᠢ ᠳᠡᠭᠡᠨ ᠤᠳᠠᠭᠠᠨ ᠪᠠᠶᠢᠬᠤ᠂ ᠬᠡᠰᠡᠭ ᠮᠠᠯᠵᠢᠬᠤ ᠳᠠᠷᠢᠶᠠᠯᠠᠬᠤ ᠤᠷᠤᠨ ᠳᠤ ᠦᠨᠳᠦᠷ ᠬᠦᠦ ᠲᠠᠢ ᠵᠢᠭᠡᠯᠡᠯᠭᠡ ᠶᠢᠨ ᠠᠰᠠᠭᠤᠳᠠᠯ ᠨᠡᠯᠢᠶᠡᠳ ᠬᠦᠨᠳᠦ ᠨᠤᠴᠢᠳᠠᠢ ᠪᠠᠶᠢᠬᠤ᠂ ᠡᠯ᠎ᠡ ᠮᠦᠩᠭᠦᠨ ᠬᠦᠢᠯᠭᠡᠭᠡ ᠶᠢᠨ ᠪᠠᠶᠢᠭᠤᠯᠤᠮᠵᠢ ᠶᠢᠨ ᠵᠢᠭᠡᠯᠡᠯᠭᠡ ᠶᠢᠨ ᠨᠡᠮᠡᠭᠳᠡᠯ ᠳᠡᠩᠴᠡᠭᠦᠷᠢ ᠦᠭᠡᠢ ᠪᠠᠶᠢᠬᠤ᠂ ᠡᠷᠡᠭᠦᠯ ᠪᠤᠰᠤ ᠵᠢᠭᠡᠯᠡᠯᠭᠡ ᠶᠢᠨ ᠨᠡᠮᠡᠭᠳᠡᠯ ᠤᠨ ᠳᠠᠷᠤᠯᠳᠠ ᠶᠡᠭᠡ ᠪᠠᠶᠢᠬᠤ᠂ ᠮᠦᠩᠭᠦᠨ ᠬᠦᠢᠯᠭᠡᠭᠡ ᠶᠢᠨ ᠲᠦᠭᠰᠢᠭᠦᠷᠢ ᠶᠢ ᠰᠡᠷᠬᠡᠶᠢᠯᠡᠬᠦ ᠪᠠᠶᠢᠳᠠᠯ ᠮᠦᠨ ᠯᠡ ᠬᠦᠨᠳᠦ ᠨᠤᠴᠢᠳᠠᠢ ᠪᠠᠶᠢᠬᠤ ᠵᠡᠷᠭᠡ ᠠᠰᠠᠭᠤᠳᠠᠯ ᠤᠳ ᠣᠷᠣᠰᠢᠵᠤ ᠪᠣᠢ᠃      ᠡᠳᠡᠭᠡᠷ ᠠᠰᠠᠭᠤᠳᠠᠯ ᠢ ᠳᠡᠭᠡᠳᠦ ᠬᠡᠮᠵᠢᠶ᠎ᠡ ᠪᠠᠷ ᠬᠦᠨᠳᠦᠳᠭᠡᠵᠦ᠂ ᠬᠢᠨᠠᠮᠠᠭᠠᠢ ᠰᠤᠳᠤᠯᠤᠨ ᠰᠢᠢᠳᠪᠦᠷᠢᠯᠡᠬᠦ ᠬᠡᠷᠡᠭᠳᠠᠢ ᠬᠡᠪᠡ᠃      ᠪᠦ᠋ ᠰᠢᠶᠤᠤ ᠯᠢᠨ ᠴᠢᠬᠤᠯᠠᠴᠢᠯᠠᠭᠰᠠᠨ ᠨᠢ᠂ ᠪᠤᠳᠠᠳᠤ ᠴᠤᠭᠴᠠ ᠶᠢᠨ ᠠᠵᠤ ᠠᠬᠤᠢ ᠪᠤᠯ ᠮᠦᠩᠭᠦᠨ ᠬᠦᠢᠯᠭᠡᠭᠡ ᠶᠢᠨ ᠬᠦᠭᠵᠢᠯᠳᠡ ᠶᠢᠨ ᠦᠨᠳᠦᠰᠦ ᠰᠠᠭᠤᠷᠢ ᠪᠣᠯᠣᠨ᠎ᠠ᠂ ᠮᠦᠩᠭᠦᠨ ᠬᠦᠢᠯᠭᠡᠭᠡ ᠪᠤᠳᠠᠳᠤ ᠴᠤᠭᠴᠠ ᠶᠢᠨ ᠠᠵᠤ ᠠᠬᠤᠢ ᠳᠤ ᠦᠢᠯᠡᠴᠢᠯᠡᠬᠦ ᠮᠦᠨ ᠴᠢᠨᠠᠷ ᠤᠨ ᠱᠠᠭᠠᠷᠳᠠᠯᠭ᠎ᠠ ᠶᠢ ᠪᠠᠷᠢᠮᠳᠠᠯᠠᠵᠣ᠂ ᠤᠯᠤᠰ ᠤᠨ ᠬᠤᠷᠸ᠎ᠠ ᠡᠵᠡᠮᠰᠢᠯ ᠳᠣᠬᠢᠷᠠᠭᠤᠯᠭ᠎ᠠ ᠶᠢᠨ ᠲᠦᠷᠦ ᠶᠢᠨ ᠪᠤᠳᠤᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠣ᠂ ᠨᠡᠶᠢᠬᠡᠮ ᠤᠨ ᠪᠡᠯᠡ ᠴᠤᠭᠯᠠᠭᠤᠯᠬᠤ ᠬᠡᠪᠴᠢᠶ᠎ᠡ ᠶᠢ ᠴᠢᠨᠠᠭᠰᠢᠳᠠ ᠦᠷᠬᠡᠳᠭᠡᠨ᠂ ᠮᠦᠩᠬᠦᠨ ᠬᠦᠢᠯᠭᠡᠭᠡ ᠪᠤᠳᠠᠳᠤ ᠴᠤᠭᠴᠠ ᠶᠢᠨ ᠠᠵᠤ ᠠᠬᠤᠢ ᠳᠤ ᠦᠢᠯᠡᠴᠢᠯᠡᠬᠦ ᠴᠢᠳᠠᠪᠣᠷᠢ ᠪᠣᠯᠣᠨ ᠲᠦᠪᠰᠢᠨ ᠢ ᠳᠡᠭᠡᠭᠰᠢᠯᠡᠭᠦᠯᠬᠦ ᠬᠡᠷᠡᠭᠳᠡᠢ᠃ ᠬᠠᠩᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠠᠬᠢᠭᠤᠯᠬᠤ ᠳᠣᠮᠳᠠᠬᠢ ᠮᠦᠩᠬᠦᠨ ᠬᠦᠢᠯᠭᠡᠭᠡ ᠶᠢᠨ ᠦᠢᠯᠡᠳᠦᠯ ᠢ ᠬᠦᠢᠴᠡᠳ ᠪᠠᠳᠠᠷᠠᠭᠤᠯᠤᠨ᠂ ︽ᠭᠤᠷᠪᠠ ᠶᠢ ᠪᠠᠭᠠᠰᠬᠠᠵᠣ ᠨᠢᠭᠡ ᠶᠢ ᠪᠠᠭᠤᠷᠠᠭᠤᠯᠵᠣ ᠨᠢᠭᠡ ᠶᠢ ᠨᠦᠬᠦᠪᠦᠷᠢᠯᠡᠬᠦ︾ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠣ᠂ ᠬᠠᠩᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠳᠤ ᠰᠠᠶᠢᠨ ᠰᠠᠶᠢᠬᠠᠨ ᠮᠦᠩᠬᠦᠨ ᠬᠦᠢᠯᠭᠡᠭᠡ ᠶᠢᠨ ᠦᠢᠯᠡᠴᠢᠯᠡᠭᠡ ᠬᠠᠩᠭᠠᠬᠤ ᠬᠡᠷᠡᠭᠳᠠᠢ᠃ ᠴᠢᠩᠭ᠎ᠠ ᠲᠤᠯᠭᠠᠮ᠎ᠠ ᠰᠡᠳᠬᠢᠯᠭᠡ ᠪᠣᠯᠣᠨ ᠬᠠᠷᠢᠭᠤᠴᠠᠯᠭᠠᠳᠣ ᠤᠬᠠᠮᠰᠠᠷ ᠢᠶᠠᠷ᠂ ᠬᠦᠷᠦᠩᠭᠡ ᠶᠢᠨ ᠵᠠᠬ᠎ᠠ ᠳᠡᠯᠬᠡᠬᠦᠷ ᠭᠡᠰᠡᠨ ᠡᠨᠡᠬᠦ ᠳᠤᠳᠠᠭᠤᠳᠠᠯ ᠢᠶᠠᠨ ᠬᠦᠴᠦ ᠣᠷᠣᠭᠤᠯᠣᠨ ᠨᠦᠬᠦᠪᠦᠷᠢᠯᠡᠵᠦ᠂ ᠠᠵᠤ ᠠᠬᠤᠶᠢᠯᠠᠯ ᠢ ᠬᠤᠪᠢ ᠣᠷᠣᠭᠤᠯᠬᠤ ᠲᠦᠷᠢᠮ ᠢᠶᠠᠷ ᠦᠭᠡᠷᠡᠴᠢᠯᠡᠨ ᠪᠠᠶᠢᠭᠤᠯᠬᠤ ᠶᠢ ᠠᠬᠢᠭᠤᠯᠵᠤ᠂ ᠪᠤᠯᠪᠠᠰᠤᠷᠠᠯ ᠤᠬᠠᠭᠤᠯᠭ᠎ᠠ ᠪᠠ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠣ᠂ ᠰᠲ᠋ᠣᠺ ᠢᠶᠠᠨ ᠵᠠᠬ᠎ᠠ ᠳᠡᠯᠬᠡᠬᠦᠷ ᠲᠤ ᠭᠠᠷᠭᠠᠬᠤ ᠠᠵᠤ ᠠᠬᠤᠶᠢᠯᠠᠯ ᠤᠨ ᠪᠡᠯᠡᠳᠭᠡᠯ ᠬᠦᠮᠦᠷᠭᠡ ᠪᠣᠯᠣᠨ ᠯᠠᠪᠯᠠᠭ᠎ᠠ ᠦᠢᠯᠡᠴᠢᠯᠡᠭᠡ ᠶᠢᠨ ᠲᠤᠰᠬᠠᠢ ᠮᠡᠷᠭᠡᠵᠢᠯᠳᠡᠨ ᠤ ᠬᠦᠮᠦᠷᠭᠡ ᠶᠢ ᠪᠠᠶᠢᠭᠤᠯᠤᠨ ᠳᠡᠭᠦᠯᠳᠡᠷᠵᠢᠭᠦᠯᠵᠤ᠂ ᠠᠵᠤ ᠠᠬᠤᠶᠢᠯᠠᠯ ᠤᠨ ᠰᠢᠭᠤᠳ ᠪᠡᠯᠡ ᠴᠤᠭᠯᠠᠭᠤᠯᠬᠤ ᠴᠢᠳᠠᠪᠣᠷᠢ ᠪᠣᠯᠣᠨ ᠲᠦᠪᠰᠢᠨ ᠢ ᠳᠡᠬᠡᠭᠰᠢᠯᠡᠬᠦᠯᠬᠦ ᠬᠡᠷᠡᠭᠳᠠᠢ᠃ ︽ᠮᠠᠯ ᠠᠵᠣ ᠠᠬᠤᠢ ᠳᠠᠷᠢᠶᠠᠯᠠᠩ ᠮᠠᠯᠵᠢᠬᠤ ᠳᠠᠷᠢᠶᠠᠯᠠᠬᠤ ᠣᠷᠣᠨ ᠮᠠᠯᠴᠢᠨ ᠳᠠᠷᠢᠶᠠᠴᠢᠨ︾ ᠤ ᠠᠵᠢᠯ ᠳᠠᠬᠢ ᠮᠦᠩᠭᠦᠨ ᠬᠦᠢᠯᠭᠡᠭᠡ ᠶᠢᠨ ᠦᠢᠯᠡᠴᠢᠯᠡᠭᠡ ᠶᠢ ᠦᠨᠡᠨᠬᠦ ᠴᠢᠩᠭᠠᠳᠬᠠᠨ᠂ ᠮᠠᠯᠴᠢᠨ ᠳᠠᠷᠢᠶᠠᠴᠢᠨ ᠤ ᠦᠢᠯᠡᠳᠪᠦᠷᠢᠯᠡᠯ ᠢᠶᠠᠨ ᠳᠠᠬᠢᠨ ᠦᠷᠬᠡᠳᠭᠡᠬᠦ ᠪᠡᠯᠡ ᠴᠣᠭᠯᠠᠭᠤᠯᠬᠤ ᠬᠡᠷᠡᠭᠴᠡᠭᠡ ᠶᠢ ᠢᠳᠡᠪᠬᠢᠳᠠᠢ ᠳᠡᠮᠵᠢᠵᠦ᠂ ᠮᠠᠯᠴᠢᠨ ᠳᠠᠷᠢᠶᠠᠴᠢᠳ ᠤᠨ ᠬᠡᠷᠡᠭᠯᠡᠭᠡ ᠬᠢᠬᠦ ᠦᠵᠡᠯᠳᠡ ᠶᠢ ᠬᠦᠳᠦᠯᠦᠨ ᠳᠠᠭᠠᠭᠤᠯᠵᠣ᠂ ᠮᠠᠯᠵᠢᠬᠤ ᠳᠠᠷᠢᠶᠠᠯᠠᠬᠤ ᠤᠷᠤᠨ ᠤ ᠦᠨᠳᠦᠷ ᠬᠦᠦ ᠲᠠᠢ ᠵᠢᠭᠡᠯᠡᠯᠭᠡ ᠶᠢᠨ ᠠᠰᠠᠭᠤᠳᠠᠯ ᠢ ᠬᠢᠨᠠᠮᠠᠭᠠᠢ ᠰᠤᠳᠤᠯᠤᠨ ᠰᠢᠢᠳᠪᠦᠷᠢᠯᠡᠵᠤ᠂ ᠮᠠᠯᠴᠢᠨ ᠳᠠᠷᠢᠶᠠᠴᠢᠳ ᠤᠨ ᠡᠷᠭᠡ ᠠᠰᠢᠭ ᠢ ᠬᠠᠮᠠᠭᠠᠯᠠᠬᠤ ᠬᠡᠷᠡᠭᠳᠠᠢ᠃ ᠡᠯ᠎ᠡ ᠱᠠᠳᠤᠨ ᠤ ᠵᠠᠰᠠᠭ ᠤᠨ ᠤᠷᠳᠤᠨ ᠮᠦᠩᠭᠦᠨ ᠬᠦᠢᠯᠭᠡᠭᠡ ᠶᠢᠨ ᠪᠠᠶᠢᠭᠤᠯᠤᠮᠵᠢ ᠶᠢᠨ ᠡᠵᠡᠩᠨᠡᠯᠳᠡ ᠶᠢᠨ ᠡᠵᠡᠨ ᠮᠡᠳᠡᠬᠦ ᠡᠷᠬᠡ ᠶᠢ ᠬᠦᠨᠳᠦᠳᠭᠡᠵᠦ᠂ ᠮᠦᠩᠬᠦᠨ ᠬᠦᠢᠯᠭᠡᠭᠡ ᠶᠢᠨ ᠪᠠᠶᠢᠭᠤᠯᠤᠮᠵᠢ ᠶᠢᠨ ᠠᠵᠢᠯ ᠳᠣᠮᠳᠠ ᠤᠷᠤᠰᠢᠵᠤ ᠪᠠᠶᠢᠭ᠎ᠠ ᠬᠦᠴᠢᠷᠳᠡᠯ ᠢ ᠨᠢ ᠵᠣᠬᠢᠴᠠᠭᠤᠯᠣᠨ ᠰᠢᠢᠳᠪᠦᠷᠢᠯᠡᠨ ᠦᠭᠴᠦ᠂ ᠰᠠᠶᠢᠨ ᠰᠠᠶᠢᠬᠠᠨ ᠮᠦᠩᠬᠦᠨ ᠬᠦᠢᠯᠭᠡᠭᠡ ᠶᠢᠨ ᠤᠷᠴᠢᠨ ᠲᠤᠭᠤᠷᠢᠨ ᠢ ᠡᠭᠦᠳᠦᠨ ᠦᠭᠴᠦ᠂ ᠮᠦᠩᠭᠦᠨ ᠬᠦᠢᠯᠭᠡᠭᠡ ᠶᠢᠨ ᠵᠤᠬᠢᠶᠠᠨ ᠪᠠᠶᠢᠭᠤᠯᠤᠯᠳᠠ ᠶᠢᠨ ᠰᠢᠰᠲ᠋ᠧᠮᠵᠢ ᠶᠢ ᠳᠠᠰᠤᠷᠠᠯᠳᠠ ᠦᠭᠡᠢ ᠳᠡᠭᠦᠯᠳᠡᠷᠵᠢᠭᠦᠯᠬᠦ ᠬᠡᠷᠡᠭᠳᠠᠢ ᠬᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号