ᠪᠡᠭᠡᠵᠢᠩ ᠲᠢᠶᠠᠨᠵᠢᠨ ᠡᠾᠧᠪᠸᠢ ᠥᠪᠥᠷ ᠮᠣᠩᠭᠤᠯ ᠤᠨ ᠣᠷᠣᠨ ᠪᠦᠰᠡ ᠠᠯᠤᠰᠯᠠᠭᠰᠠᠨ ᠠᠵᠢᠯ ᠣᠯᠭᠤᠯᠲᠠ ᠶᠢ ᠠᠬᠢᠭᠤᠯᠬᠤ ᠠᠵᠢᠯᠲᠠᠨ ᠡᠯᠰᠡᠬᠦ ᠴᠤᠭᠯᠠᠭᠠᠨ 4 ᠳ᠋ᠦ᠋ᠭᠡᠷ ᠰᠠᠷ᠎ᠠ ᠶᠢᠨ 8᠎ ᠤ ᠡᠳᠦᠷ ᠶᠠᠪᠤᠭᠳᠠᠨ᠎ᠠ
ᠨᠡᠶᠢᠲᠡᠯᠡᠭᠰᠡᠨ ᠴᠠᠭ᠄
2017/3/30
      4 ᠳ᠋ᠦ᠋ᠭᠡᠷ ᠰᠠᠷ᠎ᠠ ᠶᠢᠨ 8᠎ ᠤ ᠡᠳᠦᠷ ᠠᠴᠠ9᠎ ᠎ ᠤ ᠡᠳᠦᠷ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠪᠡᠭᠡᠵᠢᠩ᠂ ᠲᠢᠶᠠᠨᠵᠢᠨ᠂ ᠡᠾᠧᠪᠸᠢ ᠭᠤᠷᠪᠠᠨ ᠮᠤᠵᠢ ︵ᠬᠤᠳᠠ ︶᠎ ᠶᠢᠨ ᠠᠵᠢᠯᠴᠢᠨ ᠤ ᠡᠪᠯᠡᠯ ᠤᠨ ᠬᠠᠮᠲᠤ ᠬᠥᠬᠡᠬᠤᠲᠠ ᠶᠢᠨ ᠬᠤᠳᠠ ᠶᠢᠨ ᠨᠠᠮ ᠤᠨ ᠬᠤᠷᠢᠶ᠎ᠠ ᠵᠡᠷᠭᠡ ᠯᠦᠭᠡ ᠬᠠᠮᠲᠤᠷᠠᠨ ᠡᠷᠭᠢᠯᠡᠵᠦ᠂ ᠬᠥᠬᠡᠬᠤᠲᠠ ᠶᠢᠨ ᠠᠵᠢᠯᠴᠢᠨ ᠤ ᠶᠡᠷᠦᠩᠬᠡᠶ ᠡᠪᠯᠡᠯ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠡᠷᠭᠡ ᠠᠴᠠ ᠳᠠᠭᠠᠭᠠᠴᠢᠯᠠᠨ ᠡᠷᠬᠢᠯᠡᠭᠰᠡᠨ ︽2017 ᠣᠨ ᠤ ᠪᠡᠭᠡᠵᠢᠩ ᠲᠢᠶᠠᠨᠵᠢᠨ ᠡᠾᠧᠪᠸᠢ ᠥᠪᠥᠷ ᠮᠣᠩᠭᠤᠯ ᠤᠨ ᠠᠵᠢᠯᠴᠢᠨ ᠤ ᠡᠪᠯᠡᠯ ᠤᠨ ᠣᠷᠣᠨ ᠪᠦᠰᠡ ᠠᠯᠤᠰᠯᠠᠨ ᠠᠵᠢᠯ ᠣᠯᠭᠤᠵᠤ ᠠᠳᠠᠯ ᠦᠶᠯᠡᠰ ᠴᠣᠭᠴᠠᠯᠠᠬᠤ ᠶᠢ ᠠᠬᠢᠭᠤᠯᠬᠤ ᠰᠢᠷᠢᠰ ᠠᠵᠢᠯᠯᠠᠭ᠎ᠠ ᠵᠢᠴᠢ ᠬᠥᠬᠡᠬᠤᠲᠠ ᠶᠢᠨ ᠲᠤᠮᠤ ᠬᠡᠯᠪᠡᠷᠢ ᠶᠢᠨ ᠠᠵᠢᠯᠲᠠᠨ ᠡᠯᠰᠡᠬᠦ ᠴᠤᠭᠯᠠᠭᠠᠨ︾᠎ ᠨᠢ ᠥᠪᠥᠷ ᠮᠣᠩᠭᠤᠯ ᠤᠨ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠲᠤ ᠶᠠᠪᠤᠭᠳᠠᠬᠤ ᠪᠠᠷ ᠪᠠᠶᠢᠨ᠎ᠠ᠃  ᠲᠤᠰ ᠤᠳᠠᠭᠠᠨ ᠤ ᠤᠷᠢᠨ ᠡᠯᠰᠡᠬᠦ ᠬᠤᠷᠠᠯ ᠨᠢ ︽ᠠᠵᠢᠯ ᠣᠯᠭᠤᠯᠲᠠ ᠪᠠᠷ ᠢᠷᠡᠭᠡᠳᠦᠶ ᠶᠢ ᠡᠭᠦᠳᠦᠨ ᠪᠦᠲᠦᠭᠡᠵᠦ  ᠠᠳᠠᠯ ᠦᠢᠯᠡᠰ ᠴᠣᠭᠴᠠᠯᠠᠬᠤ ᠪᠠᠷ ᠬᠦᠰᠡᠯ ᠵᠡᠭᠦᠳᠦ ᠪᠠᠨ ᠲᠡᠷᠭᠡᠯᠰᠢᠭᠦᠯᠬᠦ︾᠎ ᠪᠠᠷ ᠭᠤᠣᠯ ᠰᠡᠳᠦᠪ ᠪᠣᠯᠭᠠᠨ᠂ ᠳᠡᠯᠭᠡᠨ ᠦᠵᠡᠭᠦᠯᠬᠦ ᠣᠷᠣᠨ ᠪᠠᠶᠢᠷᠢ ᠶᠢ 600 ᠭᠠᠷᠤᠶ ᠳᠤᠭᠤᠶᠢᠯᠠᠩ ᠲᠣᠬᠢᠷᠠᠭᠤᠯᠵᠤ᠂  ᠵᠢᠱᠢᠯᠲᠡ ᠪᠠᠷ 3 ᠲᠦᠮᠡ ᠭᠠᠷᠤᠢ ᠠᠵᠢᠯ ᠡᠷᠢᠭᠴᠢᠳ ᠲᠠᠯᠠᠪᠠᠢ ᠳᠤ ᠢᠷᠡᠵᠦ ᠠᠵᠢᠯ ᠣᠯᠬᠤ ᠪᠣᠯᠤᠨ᠎ᠠ᠃ ᠭᠤᠤᠯᠯᠠᠨ ᠡᠷᠭᠢᠯᠡᠭᠰᠡᠨ ᠨᠢᠭᠡᠴᠡ ᠠᠴᠠ ᠪᠡᠭᠡᠵᠢᠩ ᠬᠤᠲᠠ᠂ ᠲᠢᠶᠠᠨᠵᠢᠨ ᠬᠤᠲᠠ᠂ ᠡᠾᠧᠪᠸᠢ ᠮᠤᠵᠢ ᠵᠡᠷᠭᠡ ᠮᠤᠵᠢ ︵ᠬᠤᠳᠠ︶᠎ ᠶᠢᠨ ᠵᠠᠭᠤ ᠭᠠᠷᠤᠶ ᠠᠵᠤ ᠠᠬᠤᠶᠢᠯᠠᠯ᠂ ᠬᠥᠬᠡᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠬᠤᠪᠢ ᠣᠷᠣᠭᠤᠯᠬᠤ ᠳᠦᠷᠢᠮᠲᠦ ᠠᠵᠤ ᠠᠬᠤᠶᠢᠯᠠᠯ᠂ ᠨᠡᠶᠢᠲᠡ ᠶᠢᠨ ᠥᠮᠴᠢᠯᠡᠯ ᠤᠨ ᠪᠤᠰᠤ ᠠᠵᠤ  ᠠᠬᠤᠶᠢᠯᠠᠯ ᠤᠳ ᠢ ᠤᠷᠢᠵᠤ ᠴᠤᠭᠯᠠᠭᠠᠨ ᠳᠤ ᠣᠷᠣᠯᠴᠠᠭᠤᠯᠤᠨ᠎ᠠ︔ ︽5.1︾ ᠬᠥᠳᠡᠯᠮᠦᠷᠢ ᠶᠢᠨ ᠱᠠᠩᠨᠠᠯ ᠤᠨ ᠲᠡᠮᠲᠡᠭ ᠣᠯᠤᠭᠰᠠᠨ ᠠᠵᠤ ᠠᠬᠤᠶᠢᠯᠠᠯ ᠵᠢᠴᠢ ᠬᠥᠳᠡᠯᠮᠦᠷᠢ ᠶᠢᠨ ᠬᠠᠷᠢᠴᠠᠭ᠎ᠠ ᠡᠶ᠎ᠡ ᠵᠣᠬᠢᠴᠠᠯ ᠲᠠᠢ ᠪᠠᠶᠢᠭ᠎ᠠ ᠨᠢᠭᠡᠴᠡ᠂ ᠵᠠᠯᠠᠭᠤ ᠠᠵᠤ ᠠᠬᠤᠶᠢᠯᠠᠯᠲᠠᠨ ᠤ ᠨᠡᠶᠢᠭᠡᠮᠯᠢᠭ ᠤᠨ ᠪᠦᠷᠢᠯᠳᠦᠬᠦᠨ ᠨᠢᠭᠡᠴᠡ ᠪᠣᠯᠤᠨ ᠡᠮᠡᠭᠲᠡᠶᠢᠴᠦᠳ ᠤᠨ ᠠᠳᠠᠯ ᠦᠶᠯᠡᠰ ᠴᠣᠭᠴᠠᠯᠠᠬᠤ ᠬᠤᠳᠠ ᠵᠡᠷᠭᠡ ᠰᠢᠯᠢᠳᠡᠭ ᠠᠵᠤ ᠠᠬᠤᠶᠢᠯᠠᠯ ᠤᠳ ᠢ ᠵᠣᠬᠢᠶᠠᠨ ᠪᠠᠶᠢᠭᠤᠯᠤᠨ ᠬᠤᠷᠠᠯ ᠤᠨ ᠲᠠᠯᠠᠪᠠᠢ ᠳᠤ ᠢᠷᠡᠵᠦ ᠠᠵᠢᠯᠲᠠᠨ ᠤᠷᠢᠨ ᠡᠯᠰᠡᠭᠦᠯᠵᠦ᠂ ᠠᠵᠢᠯ ᠣᠯᠭᠤᠬᠤ ᠠᠵᠢᠯ ᠤᠨ ᠪᠠᠶᠢᠷᠢ ᠬᠠᠩᠭᠠᠯᠭᠠᠬᠤ ᠪᠠᠷ ᠪᠠᠶᠢᠨ᠎ᠠ᠃ ᠡᠯᠰᠡᠯᠲᠡ ᠶᠢᠨ ᠴᠤᠭᠯᠠᠭᠠᠨ ᠤ ᠠᠬᠤᠶ ᠲᠠᠯᠠᠪᠠᠶ ᠳᠤ ᠪᠠᠰᠠ ᠠᠳᠠᠯ ᠠᠬᠤᠢ ᠶᠢᠨ ᠦᠢᠯᠡᠴᠢᠯᠡᠭᠡ ᠵᠢᠴᠢ ᠬᠥᠳᠡᠯᠮᠦᠷᠢ ᠦᠢᠯᠡᠴᠢᠯᠡᠭᠡᠨ ᠤ ᠪᠣᠯᠪᠠᠰᠤᠷᠠᠯ ᠢ ᠦᠵᠡᠭᠦᠯᠬᠦ ᠲᠤᠰᠬᠠᠶ ᠲᠣᠭᠤᠷᠢᠭ᠂ ᠰᠢᠨ᠎ᠡ ᠠᠵᠤ ᠠᠬᠤᠶ ᠰᠢᠨ᠎ᠡ ᠠᠵᠢᠯ ᠲᠦᠷᠦᠯ ᠤᠨ ᠰᠢᠨ᠎ᠡ ᠶᠢ ᠡᠭᠦᠳᠴᠦ ᠠᠳᠠᠯ ᠦᠶᠯᠡᠰ ᠴᠣᠭᠴᠠᠯᠠᠬᠤ ᠶᠢ ᠳᠡᠯᠭᠡᠨ ᠦᠵᠡᠭᠦᠯᠬᠦ ᠲᠤᠰᠬᠠᠶ ᠲᠣᠭᠤᠷᠢᠭ᠂ ᠠᠵᠢᠯᠴᠢᠨ ᠤ ᠡᠪᠯᠡᠯ ᠤᠨ ᠡᠷᠬᠡ ᠠᠰᠢᠭ ᠢ ᠬᠠᠮᠠᠭᠠᠯᠠᠬᠤ ᠬᠠᠤᠯᠢ ᠴᠠᠭᠠᠵᠠ ᠶᠢᠨ ᠵᠥᠪᠯᠡᠯᠭᠡ ᠥᠭᠬᠦ ᠵᠢᠴᠢ ᠠᠵᠢᠯ ᠣᠯᠵᠤ ᠠᠳᠠᠯ ᠦᠢᠯᠡᠰ  ᠴᠣᠭᠴᠠᠯᠠᠬᠤ ᠲᠥᠷᠥ ᠶᠢᠨ ᠪᠤᠳᠤᠯᠭ᠎ᠠ ᠶᠢᠨ ᠯᠠᠪᠯᠠᠯᠭ᠎ᠠ ᠥᠭᠬᠦ ᠲᠤᠰᠬᠠᠶ ᠲᠣᠭᠤᠷᠢᠭ ᠣᠨᠴᠠᠭᠠᠶᠢᠯᠠᠨ ᠭᠠᠷᠭᠠᠬᠤ ᠪᠣᠯᠣᠨ᠎ᠠ᠃  ᠣᠶᠢᠯᠠᠭᠠᠭᠰᠠᠨ ᠢᠶᠠᠷ᠂ ᠲᠤᠰ ᠤᠳᠠᠭᠠᠨ ᠤ ᠤᠷᠢᠨ ᠡᠯᠰᠡᠬᠦ ᠴᠤᠭᠯᠠᠭᠠᠨ ᠨᠢ ᠠᠵᠢᠯᠴᠢᠨ ᠤ ᠡᠪᠯᠡᠯ ᠤᠨ ᠮᠤᠵᠢ ᠶᠢᠨ ᠬᠤᠭᠤᠷᠣᠨᠳᠣᠬᠢ ᠣᠷᠣᠨ ᠪᠦᠰᠡ ᠠᠯᠤᠰᠯᠠᠭᠰᠠᠨ ᠬᠥᠳᠡᠯᠮᠦᠷᠢ ᠶᠢᠨ ᠬᠦᠴᠦᠨ ᠤ ᠬᠠᠮᠵᠢᠯᠴᠠᠭᠠᠨ ᠤ ᠲᠣᠭᠲᠠᠴᠠ ᠶᠢᠨ ᠦᠢᠯᠡᠳᠦᠯ ᠢ ᠦᠨᠡᠨ ᠬᠦ ᠪᠠᠳᠠᠷᠠᠭᠤᠯᠬᠤ ᠪᠠᠷ ᠰᠠᠭᠤᠷᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠵᠢᠴᠢ ᠬᠥᠬᠡᠬᠤᠲᠠ ᠶᠢᠨ ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠭᠰᠠᠨ ᠬᠥᠮᠦᠰ᠂  ᠬᠦᠴᠦ ᠶᠠᠪᠤᠭᠴᠢ ᠮᠠᠯᠴᠢᠨ ᠲᠠᠷᠢᠶᠠᠴᠢᠨ᠂ ᠬᠦᠴᠢᠷᠳᠡᠯᠲᠡᠶ ᠠᠵᠢᠯᠲᠠᠨ ᠤ ᠭᠡᠷ ᠪᠦᠯᠢ ᠶᠢᠨ ᠳᠡᠭᠡᠳᠦ ᠰᠤᠷᠭᠠᠭᠤᠯᠢ ᠲᠡᠭᠦᠰᠦᠭᠰᠡᠳ ᠪᠠ ᠦᠢᠯᠡᠳᠪᠦᠷᠢᠯᠡᠯ ᠤᠨ ᠦᠯᠡᠭᠦᠦ ᠴᠢᠳᠠᠪᠤᠷᠢ ᠶᠢ ᠦᠭᠡᠶᠢᠰᠬᠡᠭᠰᠡᠨ ᠠᠵᠤ ᠠᠬᠤᠶᠢᠯᠠᠯ ᠤᠨ ᠠᠵᠢᠯ ᠤᠨ ᠪᠠᠶᠢᠷᠢ ᠠᠴᠠ ᠨᠢ ᠪᠠᠭᠤᠯᠭᠠᠵᠤ ᠰᠠᠯᠭᠠᠨ ᠲᠣᠬᠢᠷᠠᠭᠤᠯᠤᠭᠰᠠᠳ᠂ ᠠᠵᠢᠯ ᠤᠨ ᠪᠠᠶᠢᠷᠢ ᠬᠦᠯᠢᠶᠡᠵᠦ ᠪᠠᠶᠢᠭ᠎ᠠ ᠠᠵᠢᠯᠳᠡᠠ ᠠᠵᠢᠯᠴᠢᠨ ᠵᠡᠷᠭᠡ ᠠᠵᠢᠯ ᠤᠯᠬᠤ ᠳᠤ ᠬᠦᠴᠢᠷᠲᠡᠶ ᠪᠦᠯᠬᠦᠮ ᠨᠡᠶᠢᠲᠡ ᠶᠢ ᠭᠤᠣᠯᠳᠠᠯᠭ᠎ᠠ ᠲᠠᠢ ᠬᠠᠮᠵᠢᠨ ᠠᠵᠢᠯ ᠣᠯᠭᠤᠬᠤ ᠪᠠ ᠳᠠᠬᠢᠨ ᠠᠵᠢᠯ ᠣᠯᠭᠤᠵᠤ᠂ ᠶᠠᠳᠠᠭᠤ ᠬᠦᠴᠢᠷᠳᠡᠯᠲᠡᠶ ᠬᠥᠮᠦᠰ ᠤᠨ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠬᠦᠷᠲᠡᠬᠦ ᠶᠢ ᠠᠬᠢᠭᠤᠯᠬᠤ ᠪᠣᠯᠣᠨ᠎ᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号