ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ  ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠭᠤᠴᠢᠨ ᠬᠤᠶᠠᠳᠤᠭᠠᠷ ᠬᠤᠷᠠᠯ ᠬᠤᠶᠠᠳᠤᠭᠠᠷ ᠣᠳᠠᠭ᠎ᠠ ᠶᠢᠨ ᠪᠦᠭᠦᠳᠡ ᠬᠤᠷᠠᠯ ᠬᠢᠪᠠ
ᠨᠡᠶᠢᠲᠡᠯᠡᠭᠰᠡᠨ ᠴᠠᠭ᠄
2017/3/31
   
     3 ᠳ᠋ᠤᠭᠠᠷ ᠰᠠᠷ᠎ᠠ ᠶᠢᠨ 30᠎ ᠤ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠭᠤᠴᠢᠨ ᠬᠤᠶᠠᠳᠤᠭᠠᠷ ᠬᠤᠷᠠᠯ ᠬᠤᠶᠠᠳᠤᠭᠠᠷ ᠣᠳᠠᠭ᠎ᠠ ᠶᠢᠨ ᠪᠦᠭᠦᠳᠡ ᠬᠤᠷᠠᠯ ᠬᠢᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠸᠡᠭ ᠬᠤᠷᠠᠯ ᠳᠤ ᠤᠷᠤᠯᠴᠠᠵᠤ ᠴᠢᠬᠤᠯᠠ ᠶᠠᠷᠢᠶ᠎ᠠ ᠲᠠᠯᠪᠢᠵᠠᠢ᠃        ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠪᠠᠶᠢᠡᠭᠭᠤ ᠶᠢᠨ ᠲᠡᠳ᠋ ᠡᠷᠬᠢᠯᠡᠭᠴᠢ ᠬᠤᠷᠴᠡ ᠬᠤᠷᠠᠯ ᠢ ᠡᠷᠬᠢᠯᠡᠵᠦ᠂ ᠪᠤᠰᠤᠳ ᠲᠡᠳ᠋ ᠡᠷᠬᠢᠯᠡᠭᠴᠢᠳ ᠪᠠ ᠨᠠᠷᠢᠨ ᠪᠢᠴᠢᠭ ᠤᠨ ᠲᠠᠷᠤᠭ᠎ᠠ ᠬᠤᠷᠠᠯ ᠳᠤ ᠤᠷᠤᠯᠴᠠᠪᠠ᠃ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠭᠦᠢ ᠲᠡᠳ᠋ ᠲᠡᠷᠢᠭᠦᠯᠡᠭᠴᠢ ᠪᠠ ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠤᠷ ᠵᠡᠷᠭᠡ ᠶᠢᠨ ᠰᠢᠭᠦᠭᠦ ᠬᠤᠷᠢᠶ᠎ᠠ ᠶᠢᠨ ᠲᠠᠷᠤᠭ᠎ᠠ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠲᠠᠷᠤᠭ᠎ᠠ ᠬᠤᠷᠠᠯ ᠳᠤ ᠰᠤᠯᠠ ᠤᠷᠤᠯᠴᠠᠵᠠᠢ᠃        ᠬᠤᠷᠠᠯ ᠠᠴᠠ᠂ ︽︿︽ᠬᠦᠬᠡᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠡᠭᠭᠤ ᠶᠢᠨ ᠬᠤᠷᠢᠶ᠎ᠠ ᠶᠢᠨ ᠤᠷᠤᠨ ᠨᠤᠳᠤᠬ ᠤᠨ ᠴᠢᠨᠠᠷᠳᠠᠢ ᠬᠠᠤᠯᠢ ᠳᠣᠭᠳᠠᠭᠠᠯ ᠳᠣᠭᠳᠠᠭᠠᠬᠤ ᠲᠦᠷᠢᠮ ︾᠎ ᠳᠤ ᠵᠠᠰᠠᠪᠤᠷᠢ ᠤᠷᠤᠭᠤᠯᠬᠤ ᠲᠤᠬᠠᠢ ᠬᠦᠬᠡᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠤᠬᠳᠠᠭᠠᠯ﹀᠎ ᠢ ᠵᠦᠪᠰᠢᠶᠡᠷᠡᠭᠦ ᠲᠤᠬᠠᠢ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠰᠢᠢᠳᠪᠤᠷᠢ︾᠂ ︽︿︽ᠬᠦᠬᠡᠬᠤᠳᠠ ᠶᠢᠨ ᠬᠤᠳᠠ ᠬᠦᠳᠡᠭᠡ ᠶᠢᠨ ᠲᠦᠯᠦᠪᠵᠢᠭᠦᠯᠭᠡ ᠶᠢᠨ ᠲᠦᠷᠢᠮ︾᠎ ᠳᠤ ᠵᠠᠰᠠᠪᠤᠷᠢ ᠤᠷᠤᠭᠤᠯᠬᠤ ᠲᠤᠬᠠᠢ ᠬᠦᠬᠡᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠲᠤᠬᠳᠠᠭᠠᠯ﹀᠎ ᠢ ᠵᠦᠪᠰᠢᠶᠡᠷᠡᠭᠦ ᠲᠤᠬᠠᠢ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠰᠢᠢᠳᠪᠤᠷᠢ︾᠂ ︽︿︽ᠪᠤᠭᠤᠳᠤ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠡᠭᠭᠤ ᠶᠢᠨ ᠬᠤᠷᠢᠶ᠎ᠠ ᠶᠢᠨ ᠤᠷᠤᠨ ᠨᠤᠳᠤᠬ ᠤᠨ ᠴᠢᠨᠠᠷᠳᠠᠢ ᠬᠠᠤᠯᠢ ᠳᠣᠭᠳᠠᠭᠠᠯ ᠳᠣᠭᠳᠠᠭᠠᠬᠤ ᠲᠦᠷᠢᠮ︾᠎ ᠳᠤ ᠵᠠᠰᠠᠪᠤᠷᠢ ᠤᠷᠤᠭᠤᠯᠬᠤ ᠲᠤᠬᠠᠢ ᠪᠤᠭᠤᠳᠤ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠲᠤᠬᠳᠠᠭᠠᠯ﹀᠎ ᠢ ᠵᠦᠪᠰᠢᠶᠡᠷᠡᠭᠦ ᠲᠤᠬᠠᠢ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠰᠢᠢᠳᠪᠤᠷᠢ︾᠂ ︽︿ᠤᠯᠠᠭᠠᠨᠴᠠᠪ ᠬᠤᠳᠠ ᠶᠢᠨ ᠤᠰᠤᠨ ᠤ ᠡᠭᠢ ᠪᠠᠶᠠᠯᠢᠭ ᠤᠨ ᠬᠠᠮᠠᠭᠠᠯᠠᠯᠳᠠ ᠶᠢᠨ ᠲᠦᠷᠢᠮ﹀᠎ ᠢ ᠵᠦᠪᠰᠢᠶᠡᠷᠡᠭᠦ ᠲᠤᠬᠠᠢ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠰᠢᠢᠳᠪᠤᠷᠢ︾᠎ ᠶᠢ ᠪᠠᠳᠤᠯᠠᠪᠠ᠃        ᠬᠤᠷᠠᠯ ᠠᠴᠠ᠂ ︽ᠰᠤᠮᠤ ᠰᠢᠶᠠᠩ ᠪᠠᠯᠭᠠᠰᠤ᠂ ᠬᠤᠰᠢᠭᠤ ᠰᠢᠶᠠᠨ ︵ᠬᠤᠳᠠ᠂ ᠲᠤᠭᠤᠷᠢᠭ︶ ᠪᠠ ᠲᠤᠭᠤᠷᠢᠭ ᠲᠠᠢ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠴᠠᠬ ᠤᠨ ᠲᠤᠬᠠᠢ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠲᠤᠬᠳᠠᠭᠠᠯ︾᠂ ︽ᠲᠤᠭᠤᠷᠢᠭ ᠲᠠᠢ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠪᠦᠷᠢᠯᠳᠦᠭᠦᠨ ᠤ ᠣᠷᠣᠨ ᠲᠤᠭ᠎ᠠ ᠶᠢᠨ ᠲᠤᠬᠠᠢ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠲᠤᠬᠳᠠᠭᠠᠯ︾᠂ ︽ᠬᠤᠰᠢᠭᠤ ᠰᠢᠶᠠᠨ ︵ᠬᠤᠳᠠ᠂ ᠲᠤᠭᠤᠷᠢᠭ︶᠎ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠪᠦᠷᠢᠯᠳᠦᠭᠦᠨ ᠤ ᠣᠷᠣᠨ ᠲᠤᠭ᠎ᠠ ᠶᠢᠨ ᠲᠤᠬᠠᠢ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠲᠤᠬᠳᠠᠭᠠᠯ︾᠂ ︽ᠮᠠᠨᠵᠤᠤᠷ ᠬᠤᠳᠠ᠂ ᠳ᠋ᠦᠡᠭᠱᠸᠡᠭ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠣᠷᠣᠨ ᠲᠤᠭ᠎ᠠ ᠶᠢ ᠲᠠᠬᠢᠨ ᠲᠤᠬᠳᠠᠭᠠᠬᠤ ᠲᠤᠬᠠᠢ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠲᠤᠬᠳᠠᠭᠠᠯ︾᠂ ︽ᠵᠠᠯᠠᠶᠢᠨᠠᠭᠤᠷ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠣᠷᠣᠨ ᠲᠤᠭ᠎ᠠ ᠪᠠ ᠵᠠᠯᠠᠶᠢᠨᠠᠭᠤᠷ ᠲᠤᠭᠤᠷᠢᠭ ᠤᠨ ᠠᠩᠬᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠪᠦᠷᠢᠯᠳᠦᠭᠦᠨ ᠤ ᠣᠷᠣᠨ ᠲᠤᠭ᠎ᠠ ᠶᠢ ᠲᠤᠬᠳᠠᠭᠠᠬᠤ ᠲᠤᠬᠠᠢ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠲᠤᠬᠳᠠᠭᠠᠯ︾᠂ ︽ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢ ᠯᠢ ᠱᠢ ᠷᠦᠡᠭ ᠳᠤ ᠠᠯᠪᠠᠳᠠᠯᠭ᠎ᠠ ᠶᠢᠨ ᠠᠷᠭ᠎ᠠ ᠬᠡᠮᠵᠢᠶ᠎ᠠ ᠠᠪᠬᠤ ᠶᠢ ᠵᠦᠪᠰᠢᠶᠡᠷᠡᠭᠦ ᠲᠤᠬᠠᠢ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠲᠤᠬᠳᠠᠭᠠᠯ︾᠎ ᠢ ᠪᠠᠳᠤᠯᠠᠪᠠ᠃        ᠬᠤᠷᠠᠯ ᠠᠴᠠ᠂ ᠠᠵᠢᠯᠳᠠᠨ ᠤ ᠶᠠᠪᠤᠳᠠᠯ ᠤᠨ ᠲᠤᠰᠢᠶᠠᠯ ᠳᠤ ᠲᠤᠮᠢᠯᠠᠵᠦ ᠲᠤᠰᠢᠶᠠᠯ ᠠᠴᠠ ᠨᠢ ᠪᠠᠭᠤᠯᠭᠠᠬᠤ ᠵᠦᠢᠯᠡᠰ ᠢ ᠪᠠᠳᠤᠯᠠᠵᠦ᠂ ᠠᠢ ᠯᠢ ᠬᠤᠸᠠ᠂ ᠵᠠᠩ ᠬᠤᠸᠠ ᠶᠢ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠶᠢᠨ ᠲᠤᠰᠢᠶᠠᠯ ᠳᠤ ᠲᠤᠮᠢᠯᠠᠬᠤ ᠪᠠᠷ᠂ ᠸᠠᠩ ᠶᠤᠸᠠᠢ ᠱᠸᠡᠭ ᠢ ᠦᠪᠡᠷᠳᠡᠭᠡᠨ ᠵᠠᠰᠠᠬᠤ ᠤᠷᠤᠨ ᠤ ᠬᠢᠨᠠᠨ ᠪᠠᠶᠢᠴᠠᠭᠠᠬᠤ ᠲᠢᠩᠭᠢᠮ ᠤᠨ ᠲᠠᠷᠤᠭ᠎ᠠ ᠶᠢᠨ ᠲᠤᠰᠢᠶᠠᠯ ᠳᠤ ᠲᠤᠮᠢᠯᠠᠬᠤ ᠪᠠᠷ ᠲᠤᠬᠳᠠᠪᠠ᠃ ᠯᠢ ᠵᠢᠢ ᠾᠸᠡᠭ ᠲᠡᠳᠡᠨᠡᠷ ᠲᠤ ᠲᠤᠰᠢᠶᠠᠯ ᠳᠤ ᠲᠤᠮᠢᠯᠠᠬᠤ ᠪᠢᠴᠢᠭ ᠭᠠᠷᠳᠠᠭᠤᠯᠪᠠ᠃        ᠯᠢ ᠵᠢᠢ ᠾᠸᠡᠭ ᠶᠠᠷᠢᠶᠠᠨ ᠳᠠᠭᠠᠨ ᠱᠠᠭᠠᠷᠳᠠᠬᠰᠠᠨ ᠨᠢ᠂ ᠡᠨᠡ ᠣᠳᠠᠭ᠎ᠠ ᠶᠢᠨ ᠬᠤᠷᠠᠯ ᠲᠡᠭᠡᠷ᠎ᠡ ᠰᠢᠨ᠎ᠠ ᠪᠠᠷ ᠲᠤᠰᠢᠶᠠᠯ ᠳᠤ ᠲᠤᠮᠢᠯᠠᠬᠳᠠᠬᠰᠠᠨ ᠨᠦᠭᠦᠳ᠂ ᠠᠵᠢᠯ ᠤᠨ ᠪᠠᠶᠢᠷᠢ ᠨᠢ ᠰᠤᠯᠢᠬᠳᠠᠬᠰᠠᠨ ᠨᠦᠭᠦᠳ ᠪᠠ ᠬᠤᠷᠠᠯ ᠳᠤ ᠤᠷᠤᠯᠴᠠᠬᠰᠠᠨ ᠪᠦᠭᠦ ᠨᠦᠭᠦᠳ ᠤᠯᠤᠰ ᠲᠦᠷᠦ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠤᠯᠯᠠᠬᠤ ᠤᠬᠠᠮᠰᠠᠷ᠂ ᠨᠢᠭᠡᠲᠦᠯᠳᠡᠢ ᠪᠠᠶᠢᠬᠤ ᠤᠬᠠᠮᠰᠠᠷ ᠢᠶᠠᠨ ᠦᠨᠡᠨᠭᠦ ᠴᠢᠩᠭᠠᠳᠬᠠᠵᠦ᠂ ᠲᠤᠰᠢᠶᠠᠯ ᠢᠶᠠᠨ ᠦᠨᠡᠨᠴᠢ ᠪᠠᠷ ᠭᠦᠢᠴᠡᠳᠭᠡᠨ ᠵᠣᠷᠢᠭᠳᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠦᠪᠡᠷ ᠢ ᠪᠠᠨ ᠴᠢᠩᠭ᠎ᠠ ᠱᠠᠭᠠᠷᠳᠠᠵᠣ᠂ ᠤᠳᠤᠬᠢᠴᠢᠯᠠᠬᠰᠠᠨ ᠦᠪᠤᠷ ᠮᠤᠩᠭᠤᠯ ᠢ ᠪᠦᠲᠦᠭᠡᠨ ᠪᠠᠶᠢᠭᠤᠯᠬᠤ᠂ ᠡᠭᠡ ᠤᠯᠤᠰ ᠤᠨ ᠤᠮᠠᠷᠠᠳᠤ ᠶᠢᠨ ᠦᠵᠡᠰᠭᠦᠯᠠᠩᠳᠤ ᠰᠠᠶᠢᠬᠠᠨ ᠦᠵᠡᠮᠵᠢ ᠶᠢᠨ ᠤᠷᠤᠨ ᠢ ᠴᠤᠬᠴᠠᠯᠠᠬᠤ ᠶᠢᠨ ᠲᠦᠯᠦᠭᠡ ᠴᠦᠬᠦᠷᠡᠯ ᠦᠭᠡᠢ ᠴᠢᠷᠮᠠᠶᠢᠵᠦ᠂ ᠨᠠᠮ ᠤᠨ ᠲᠦᠪ ᠬᠤᠷᠢᠶ᠎ᠠ ᠶᠢᠨ ᠢᠳᠡᠭᠡᠯ ᠢ ᠬᠦᠰᠡᠷᠳᠡᠭᠦᠯᠭᠦ ᠦᠭᠡᠢ᠂ ᠪᠦᠭᠦ ᠤᠷᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠤ ᠬᠦᠰᠡᠯ ᠢ ᠬᠦᠰᠡᠷᠳᠡᠭᠦᠯᠭᠦ ᠦᠭᠡᠢ ᠪᠠᠶᠢᠬᠤ ᠬᠡᠷᠡᠭᠳᠡᠢ ᠬᠡᠪᠡ᠃        ᠯᠢ ᠵᠢᠢ ᠾᠸᠡᠭ ᠴᠢᠬᠤᠯᠠᠴᠢᠯᠠᠬᠰᠠᠨ ᠨᠢ᠂ ᠰᠢᠨ᠎ᠠ ᠪᠠᠶᠢᠳᠠᠯ ᠲᠤᠤᠷᠠᠬᠢ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠶᠢᠳᠤᠷ ᠬᠢᠬᠦ ᠳᠤ ᠵᠠᠪᠠᠯ ᠵᠦᠪ ᠤᠨᠤᠪᠴᠢᠳᠠᠢ ᠤᠯᠤᠰ ᠲᠦᠷᠦ ᠶᠢᠨ ᠴᠢᠭᠯᠡᠯ ᠢ ᠭᠤᠶᠢᠪᠢᠰᠢ ᠦᠭᠡᠢ ᠪᠠᠷᠢᠮᠳᠠᠯᠠᠵᠦ᠂ ᠶᠡᠷᠦᠩᠭᠡᠢ ᠱᠦᠵᠢ ᠰᠢ ᠶᠢᠨ ᠫᠢᠡᠭ ᠤᠨ ᠭᠤᠤᠯᠯᠠᠬᠴᠢ ᠶᠢᠨ ᠪᠠᠶᠢᠷᠢ ᠰᠠᠭᠤᠷᠢ ᠶᠢ ᠡᠷᠡᠰ ᠬᠠᠮᠠᠭᠠᠯᠠᠵᠦ᠂ ᠨᠠᠮ ᠤᠨ ᠲᠦᠪ ᠬᠤᠷᠢᠶ᠎ᠠ ᠶᠢᠨ ᠡᠷᠭᠡ ᠰᠦᠷ ᠪᠠ ᠲᠦᠪᠯᠡᠷᠡᠭᠦᠯᠦᠭᠰᠡᠨ ᠨᠢᠭᠡᠲᠦᠯᠳᠡᠢ ᠤᠳᠤᠷᠢᠳᠤᠯᠭ᠎ᠠ ᠶᠢ ᠬᠠᠮᠠᠭᠠᠯᠠᠵᠦ᠂ ᠢᠮᠠᠭᠳᠠ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠲᠡᠭᠡᠷ᠎ᠡ ᠪᠠᠨ ᠰᠢ ᠶᠢᠨ ᠫᠢᠡᠭ ᠨᠦᠭᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠲᠠᠢ ᠲᠡᠭᠡᠳᠤ ᠬᠡᠮᠵᠢᠶ᠎ᠠ ᠪᠠᠷ ᠨᠢᠭᠡᠲᠦᠯᠳᠡᠢ ᠪᠠᠶᠢᠬᠤ ᠬᠡᠷᠡᠭᠳᠡᠢ᠃ ᠬᠠᠤᠯᠢ ᠲᠤᠬᠳᠠᠭᠠᠬᠤ ᠶᠢ ᠢᠳᠡᠪᠭᠢᠳᠠᠢ ᠠᠬᠢᠭᠤᠯᠵᠦ᠂ ᠬᠢᠨᠠᠯᠳᠠ ᠲᠠᠯᠪᠢᠬᠤ ᠶᠢ ᠪᠦᠲᠦᠮᠵᠢᠳᠠᠢ ᠦᠷᠨᠢᠭᠦᠯᠵᠦ᠂ ᠴᠢᠬᠤᠯᠠ ᠵᠦᠢᠯᠡᠰ ᠢ ᠶᠠᠷᠢᠯᠴᠠᠨ ᠲᠤᠬᠳᠠᠭᠠᠬᠤ ᠡᠷᠭᠡ ᠪᠠᠨ ᠰᠠᠶᠢᠳᠤᠷ ᠬᠡᠷᠡᠭᠵᠢᠭᠦᠯᠵᠦ᠂ ᠡᠯ᠎ᠠ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠢ ᠰᠠᠶᠢᠳᠤᠷ ᠠᠳᠬᠤᠵᠦ᠂ ᠲᠦᠯᠦᠭᠡᠯᠡᠭᠴᠢᠳ ᠤᠨ ᠬᠠᠤᠯᠢ ᠶᠤᠰᠤᠭᠠᠷ ᠲᠤᠰᠢᠶᠠᠯ ᠢᠶᠠᠨ ᠭᠦᠢᠴᠡᠳᠭᠡᠭᠦ ᠶᠢ ᠲᠡᠮᠵᠢᠨ ᠪᠠᠳᠤᠯᠠᠵᠦ᠂ ᠤᠷᠤᠨ ᠨᠤᠳᠤᠭ ᠤᠨ ᠲᠦᠷᠦ ᠶᠢᠨ ᠡᠷᠭᠡᠳᠤ ᠪᠠᠶᠢᠭᠤᠯᠤᠯᠭ᠎ᠠ ᠶᠢᠨ ᠴᠢᠳᠠᠪᠭᠢ ᠦᠢᠯᠡᠳᠤᠯ ᠢᠶᠠᠨ ᠪᠦᠲᠦᠮᠵᠢᠳᠠᠢ ᠪᠠᠳᠠᠷᠠᠭᠤᠯᠬᠤ ᠬᠡᠷᠡᠭᠳᠡᠢ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠲᠤᠰᠢᠶᠡᠯ ᠢᠶᠠᠨ ᠭᠦᠢᠴᠡᠳᠭᠡᠵᠦ ᠬᠠᠷᠢᠭᠤᠴᠠᠯᠭ᠎ᠠ ᠡᠭᠦᠷᠭᠡᠯᠡᠭᠦ ᠴᠢᠳᠠᠪᠤᠷᠢ ᠪᠠ ᠲᠦᠪᠰᠢᠨ ᠢᠶᠠᠨ ᠪᠦᠭᠦ ᠲᠠᠯ᠎ᠠ ᠪᠠᠷ ᠲᠡᠭᠡᠭᠰᠢᠯᠡᠭᠦᠯᠵᠦ᠂ ᠵᠤᠷᠢᠬᠳᠠᠢ ᠪᠠᠷ ᠬᠠᠷᠢᠭᠤᠴᠠᠯᠭ᠎ᠠ ᠡᠭᠦᠷᠭᠡᠯᠡᠵᠦ ᠵᠤᠷᠢᠬᠳᠠᠢ ᠪᠠᠷ ᠠᠵᠢᠯ ᠬᠢᠬᠦ ᠰᠢᠯᠢᠳᠡᠭ ᠰᠤᠷᠳᠠᠯ ᠢ ᠶᠡᠭᠡᠪᠡᠷ ᠪᠠᠳᠠᠷᠠᠭᠤᠯᠵᠦ᠂ ᠦᠡᠭᠭᠡᠷᠡᠭᠰᠡᠨ ᠲᠠᠢ ᠪᠠᠨ ᠠᠳᠠᠯᠢ ᠰᠡᠳᠭᠢᠯ ᠲᠠᠯᠪᠢᠨ ᠬᠠᠶᠢᠷ᠎ᠠ ᠰᠡᠳᠭᠢᠯᠭᠡ ᠲᠠᠢ ᠪᠠᠷ ᠬᠦᠴᠦᠯᠡᠨ ᠠᠵᠢᠯᠯᠠᠵᠦ᠂ ᠶᠡᠷᠦ ᠦᠶ᠎ᠡ ᠶᠢᠨ ᠢᠶᠠᠨ ᠰᠢᠭ ᠠᠵᠢᠯ ᠢᠶᠠᠨ ᠲᠡᠭᠡᠳᠤᠯᠠᠵᠦ ᠰᠢᠮᠳᠠᠨ ᠠᠵᠢᠯᠯᠠᠵᠦ ᠨᠠᠷᠢᠯᠢᠭ ᠠᠵᠢᠯᠯᠠᠵᠦ᠂ ᠰᠢᠯᠢᠳᠡᠭ ᠰᠤᠷᠳᠠᠯ ᠪᠠ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠳᠠ ᠲᠠᠢ ᠬᠤᠷᠠᠯᠳᠤᠬᠤ ᠶᠢ ᠤᠬᠳᠤᠵᠦ᠂ ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠭᠡᠯᠡᠭᠦ ᠬᠡᠷᠡᠭᠳᠡᠢ ᠬᠡᠪᠡ᠃        ᠪᠦᠭᠦᠳᠡ ᠬᠤᠷᠠᠯ ᠤᠨ ᠲᠠᠷᠠᠭ᠎ᠠ᠂ ᠦᠪᠤᠷ ᠮᠤᠩᠭᠤᠯ ᠤᠨ ᠠᠷᠠᠳ ᠤᠨ ᠬᠤᠷᠠᠯ ᠤᠨ ᠲᠠᠩᠭᠢᠮ ᠳᠤ ᠦᠨᠳᠦᠰᠦᠨ ᠬᠠᠤᠯᠢ ᠳᠤ ᠲᠠᠩᠭᠠᠷᠢᠬᠯᠠᠬᠤ ᠶᠤᠰᠤᠯᠠᠯ ᠶᠠᠪᠤᠭᠤᠯᠪᠠ᠃  
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号