ᠠᠷᠪᠠᠨ ᠬᠤᠶᠠᠳᠣᠭᠠᠷ ᠬᠤᠭᠤᠴᠠᠭᠠᠨ ᠤ ᠪᠦᠬᠦ ᠣᠯᠣᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ  ᠳᠠᠪᠣᠳᠣᠭᠠᠷ ᠬᠤᠷᠠᠯ ᠳᠤ ᠣᠷᠣᠯᠴᠠᠬᠤ ᠦᠪᠦᠷ ᠮᠣᠩᠭᠤᠯ ᠤᠨ ᠲᠦᠯᠦᠭᠡᠯᠡᠭᠴᠢᠳ ᠤᠨ ᠪᠦᠯᠬᠦᠮ ᠪᠦᠬᠦᠳᠡ ᠬᠤᠷᠠᠯ ᠬᠢᠪᠡ
ᠨᠡᠶᠢᠲᠡᠯᠡᠭᠰᠡᠨ ᠴᠠᠭ᠄
2017/3/6
     ᠠᠷᠪᠠᠨ ᠬᠤᠶᠠᠳᠣᠭᠠᠷ ᠬᠤᠭᠤᠴᠠᠭᠠᠨ ᠤ ᠪᠦᠬᠦ ᠣᠯᠣᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ  ᠳᠠᠪᠣᠳᠣᠭᠠᠷ ᠬᠤᠷᠠᠯ ᠳᠤ ᠣᠷᠣᠯᠴᠠᠬᠤ ᠦᠪᠦᠷ ᠮᠣᠩᠭᠤᠯ ᠤᠨ ᠲᠦᠯᠦᠭᠡᠯᠡᠭᠴᠢᠳ ᠤᠨ ᠪᠦᠯᠬᠦᠮ ᠪᠦᠬᠦᠳᠡ ᠬᠤᠷᠠᠯ ᠬᠢᠪᠡ      ᠯᠢ ᠵᠢᠢ ᠾᠧᠩ ᠢ ᠪᠦᠯᠬᠦᠮ ᠤᠨ ᠳᠠᠷᠤᠭ᠎ᠠ ᠪᠠᠷ᠂ ᠪᠦ᠋ ᠰᠢᠶᠣᠣ ᠯᠢᠨ   ᠸᠠᠩ ᠯᠢ ᠰᠢᠶᠠ   ᠬᠤᠷᠴᠠ   ᠯᠢ ᠷᠦᠩ ᠰᠢ   ᠯᠢᠶᠠᠨ ᠰᠦ᠋ ᠶᠢ ᠪᠦᠯᠬᠦᠮ ᠤᠨ ᠳᠡᠳ᠋ ᠳᠠᠷᠤᠭ᠎ᠠ ᠪᠠᠷ ᠳᠡᠪᠰᠢᠭᠦᠯᠦᠨ ᠰᠣᠩᠭᠤᠵᠠᠢ
     3 ᠳ᠋ᠤᠭᠠᠷ ᠰᠠᠷ᠎ᠠ ᠶᠢᠨ 3᠎ ᠤ ᠦᠳᠡ ᠶᠢᠨ ᠬᠤᠶᠢᠨ᠎ᠠ᠂ ᠠᠷᠪᠠᠨ ᠬᠤᠶᠠᠳᠣᠭᠠᠷ ᠬᠤᠭᠤᠴᠠᠭᠠᠨ ᠤ ᠪᠦᠬᠦ ᠣᠯᠣᠰ ᠤᠨ  ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠳᠠᠪᠣᠳᠣᠭᠠᠷ ᠬᠤᠷᠠᠯ ᠳᠤ ᠣᠷᠣᠯᠴᠠᠬᠤ ᠦᠪᠦᠷ ᠮᠣᠩᠭᠤᠯ ᠤᠨ  ᠲᠦᠯᠦᠭᠡᠯᠡᠭᠴᠢᠳ ᠤᠨ ᠪᠦᠯᠬᠦᠮ ᠰᠠᠭᠤᠭ᠎ᠠ ᠭᠠᠵᠠᠷ ᠲᠠᠭᠠᠨ ᠪᠦᠬᠦᠳᠡ ᠬᠤᠷᠠᠯ ᠬᠢᠪᠡ᠃            ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ  ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠤᠷᠠᠯ ᠡᠷᠬᠢᠯᠡᠪᠡ᠃ ᠬᠤᠷᠠᠯ ᠠᠴᠠ ᠯᠢ ᠵᠢᠢ  ᠾᠧᠩ ᠢ ᠠᠷᠪᠠᠨ ᠬᠤᠶᠠᠳᠣᠭᠠᠷ ᠬᠤᠭᠤᠴᠠᠭᠠᠨ ᠤ ᠪᠦᠬᠦ ᠣᠯᠣᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ  ᠳᠠᠪᠣᠳᠣᠭᠠᠷ ᠬᠤᠷᠠᠯ ᠳᠤ ᠣᠷᠣᠯᠴᠠᠬᠤ ᠦᠪᠦᠷ ᠮᠣᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠳᠠᠷᠤᠭ᠎ᠠ ᠪᠠᠷ  ᠳᠡᠪᠰᠢᠭᠦᠯᠦᠨ ᠰᠣᠩᠭᠤᠵᠣ᠂ ᠪᠦ᠋ ᠰᠢᠶᠣᠣ ᠯᠢᠨ᠂ ᠸᠠᠩ ᠯᠢ ᠰᠢᠶᠠ᠂ ᠬᠤᠷᠴᠠ᠂ ᠯᠢ ᠷᠦᠩ ᠰᠢ᠂ ᠯᠢᠶᠠᠨ ᠰᠦ᠋ ᠶᠢ ᠪᠦᠯᠬᠦᠮ ᠤᠨ ᠳᠡᠳ᠋ ᠳᠠᠷᠤᠭ᠎ᠠ ᠪᠠᠷ ᠳᠡᠪᠰᠢᠭᠦᠯᠦᠨ ᠰᠣᠩᠭᠤᠵᠠᠢ᠃ ᠬᠤᠷᠠᠯ ᠠᠴᠠ ᠠᠷᠪᠠᠨ ᠬᠤᠶᠠᠳᠣᠭᠠᠷ ᠬᠤᠭᠤᠴᠠᠭᠠᠨ ᠤ ᠪᠦᠬᠦ ᠣᠯᠣᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠳᠠᠪᠣᠳᠣᠭᠠᠷ ᠬᠤᠷᠠᠯ ᠤᠨ ᠲᠡᠷᠢᠭᠦᠯᠡᠭᠴᠢᠳ ᠤᠨ ᠪᠦᠯᠬᠦᠮ ᠪᠣᠯᠣᠨ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ ᠤᠨ ᠲᠦᠰᠦᠯ ᠵᠢᠴᠢ ᠬᠤᠷᠠᠯ ᠤᠨ ᠵᠦᠪᠯᠡᠬᠦ ᠵᠦᠢᠯᠡᠰ ᠤᠨ ᠲᠦᠰᠦᠯ ᠵᠡᠷᠭᠡ ᠵᠦᠢᠯᠡᠰ ᠢ ᠬᠢᠨᠠᠨ ᠵᠦᠪᠯᠡᠪᠡ᠃                                              ᠯᠢ ᠵᠢᠢ ᠾᠧᠩ ᠵᠢᠭᠠᠵᠣ ᠭᠠᠷᠭᠠᠭᠰᠠᠨ ᠨᠢ᠂ ᠵᠢᠯ ᠪᠦᠷᠢ ᠨᠢᠭᠡ ᠣᠳᠠᠭ᠎ᠠ ᠬᠤᠷᠠᠯᠳᠣᠭᠤᠯᠬᠤ ᠪᠦᠬᠦ ᠣᠯᠣᠰ ᠤᠨ  ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠣᠯ ᠮᠠᠨ ᠤ ᠣᠯᠣᠰ ᠤᠨ ᠣᠯᠣᠰ ᠲᠦᠷᠦ ᠶᠢᠨ ᠦᠪᠡᠳᠡᠭᠰᠢ ᠶᠠᠪᠣᠳᠠᠯ  ᠪᠣᠯᠣᠨ᠎ᠠ᠂ ᠪᠦᠬᠦ ᠣᠯᠣᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠤ ᠣᠯᠣᠰ ᠲᠦᠷᠦ ᠶᠢᠨ ᠠᠮᠢᠳᠣᠷᠠᠯ ᠳᠣᠮᠳᠠᠬᠢ  ᠳᠣᠮᠣ ᠶᠠᠪᠣᠳᠠᠯ ᠪᠣᠯᠣᠨ᠎ᠠ᠃ ᠠᠷᠪᠠᠨ ᠬᠤᠶᠠᠳᠣᠭᠠᠷ ᠬᠤᠭᠤᠴᠠᠭᠠᠨ ᠤ ᠪᠦᠬᠦ ᠣᠯᠣᠰ ᠤᠨ ᠠᠷᠠᠳ ᠤᠨ ᠲᠦᠯᠦᠭᠡᠯᠡᠭᠴᠢᠳ ᠤᠨ  ᠶᠡᠭᠡ ᠬᠤᠷᠠᠯ ᠤᠨ ᠳᠠᠪᠣᠳᠣᠭᠠᠷ ᠬᠤᠷᠠᠯ ᠢ ᠰᠠᠶᠢᠳᠣᠷ ᠬᠤᠷᠠᠯᠳᠣᠭᠤᠯᠬᠤ ᠨᠢ᠂ ᠪᠦᠬᠦ ᠣᠯᠣᠰ ᠤᠨ  ᠦᠨᠳᠦᠰᠦᠳᠡᠨ ᠨᠦᠭᠦᠳ ᠤᠨ ᠠᠷᠠᠳ ᠲᠦᠮᠡᠨ ᠢ ᠴᠢᠨᠠᠭᠰᠢᠳᠠ ᠵᠣᠷᠢᠭᠵᠢᠭᠤᠯᠣᠨ ᠳᠠᠶᠢᠴᠢᠯᠠᠵᠣ ᠪᠠᠶᠢᠭᠠᠳ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠦᠪ ᠬᠤᠷᠢᠶ᠎ᠠ ᠶᠢᠨ ᠳᠣᠭᠤᠷᠢᠨ ᠳᠤ ᠨᠡᠩ ᠨᠢᠭᠳᠠᠷᠠᠨ ᠪᠦᠯᠬᠦᠮᠳᠡᠵᠦ᠂ ᠨᠠᠮ ᠤᠨ ᠠᠷᠪᠠᠨ ᠨᠠᠢᠮᠠᠳᠣᠭᠠᠷ ᠶᠡᠭᠡ ᠬᠤᠷᠠᠯ ᠪᠣᠯᠣᠨ ᠠᠷᠪᠠᠨ ᠨᠠᠢᠮᠠᠳᠣᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠣᠭᠠᠷ᠂ ᠳᠦᠷᠪᠡᠳᠦᠭᠡᠷ᠂ ᠳᠠᠪᠣᠳᠣᠭᠠᠷ᠂ ᠵᠢᠷᠭᠤᠳᠣᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠳᠣᠣᠱᠯᠠᠭᠤᠯᠣᠨ ᠨᠠᠶᠢᠳᠠᠪᠣᠷᠢᠵᠢᠭᠤᠯᠵᠣ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠤᠭᠤᠳ ᠪᠣᠯᠣᠨ ᠣᠯᠣᠰ ᠢ ᠵᠠᠰᠠᠵᠣ ᠵᠠᠰᠠᠭ ᠡᠷᠬᠢᠯᠡᠬᠦ ᠰᠢᠨ᠎ᠡ ᠣᠨᠣᠯᠵᠢᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠣᠬᠤ ᠪᠣᠳᠣᠯᠭ᠎ᠠ ᠶᠢ ᠳᠣᠣᠱᠯᠠᠭᠤᠯᠣᠨ ᠨᠠᠶᠢᠳᠠᠪᠣᠷᠢᠵᠢᠭᠤᠯᠵᠣ᠂ ︽ᠳᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠣᠯᠳᠠ ᠶᠢ  ᠨᠢᠭᠡᠳᠦᠯᠳᠡᠢ ᠲᠦᠯᠦᠪᠵᠢᠭᠦᠯᠦᠨ ᠠᠬᠢᠭᠤᠯᠬᠤ ᠪᠠ ︽ᠳᠦᠷᠪᠡᠨ ᠪᠦᠬᠦ ᠳᠠᠯ᠎ᠠ︾᠎ ᠶᠢᠨ ᠪᠠᠶᠢᠯᠳᠣᠬᠤ ᠪᠣᠳᠣᠯᠭ᠎ᠠ ᠶᠢᠨ  ᠪᠠᠶᠢᠷᠢᠰᠢᠭᠤᠯᠣᠯᠳᠠ ᠶᠢ ᠵᠣᠬᠢᠴᠠᠭᠤᠯᠣᠨ ᠠᠬᠢᠭᠤᠯᠵᠣ᠂ ᠡᠨᠡ ᠵᠢᠯ ᠤᠨ ᠡᠯ᠎ᠡ ᠵᠦᠢᠯ ᠤᠨ ᠬᠠᠷᠠᠯᠳᠠ ᠡᠭᠦᠷᠭᠡ ᠪᠠᠨ  ᠪᠡᠶᠡᠯᠡᠭᠦᠯᠬᠦ ᠶᠢᠨ ᠲᠦᠯᠦᠭᠡ ᠴᠢᠷᠮᠠᠶᠢᠨ ᠳᠡᠮᠡᠴᠡᠵᠦ᠂ ᠰᠢᠯᠢᠳᠡᠭ ᠠᠮᠵᠢᠯᠳᠠ ᠪᠠᠷ ᠢᠶᠠᠨ ᠨᠠᠮ ᠤᠨ ᠠᠷᠪᠠ ᠶᠢᠰᠦᠳᠦᠭᠡᠷ ᠶᠡᠭᠡ  ᠬᠤᠷᠠᠯ ᠤᠨ ᠢᠯᠠᠯᠳᠠ ᠲᠠᠢ ᠬᠤᠷᠠᠯᠳᠣᠬᠤ ᠶᠢ ᠣᠭᠳᠣᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠭᠡᠵᠡᠢ᠃              ᠯᠢ ᠵᠢᠢ ᠾᠧᠩ ᠲᠦᠯᠦᠭᠡᠯᠡᠭᠴᠢᠳ ᠢ ᠱᠠᠭᠠᠷᠳᠠᠬᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ  ᠵᠢᠭᠠᠪᠤᠷᠢ ᠶᠤᠰᠤᠭᠠᠷ᠂ ᠨᠠᠮ ᠤᠨ ᠲᠦᠪ ᠬᠤᠷᠢᠶ᠎ᠠ ᠪᠠ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ  ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠷᠢᠯᠠᠭᠤᠯᠤᠯᠳᠠ ᠱᠠᠭᠠᠷᠳᠠᠯᠭ᠎ᠠ ᠶᠤᠰᠤᠭᠠᠷ᠂ ᠬᠡᠭᠦᠳᠡᠭ ᠳᠦᠭᠦᠷᠡᠩ ᠤᠯᠤᠰ  ᠲᠦᠷᠦ ᠶᠢᠨ ᠬᠠᠯᠠᠭᠤᠨ ᠰᠡᠳᠬᠢᠯᠬᠡ ᠪᠠ ᠴᠢᠩᠭ᠎ᠠ ᠳᠣᠯᠭᠠᠮ᠎ᠠ ᠬᠠᠷᠢᠭᠤᠴᠠᠯᠭ᠎ᠠ ᠡᠬᠦᠷᠬᠡᠯᠡᠬᠦ ᠵᠣᠷᠢᠭ ᠢᠶᠠᠷ ᠲᠦᠯᠦᠭᠡᠯᠡᠭᠴᠢ ᠶᠢᠨ  ᠡᠷᠬᠡ ᠪᠠᠨ ᠬᠠᠤᠯᠢ ᠶᠤᠰᠤᠭᠠᠷ ᠬᠡᠷᠡᠭᠵᠢᠬᠦᠯᠵᠦ᠂ ᠲᠦᠯᠦᠭᠡᠯᠡᠭᠴᠢ ᠶᠢᠨ ᠡᠬᠦᠷᠬᠡ ᠪᠠᠨ ᠴᠢᠩᠭ᠎ᠠ ᠬᠦᠢᠴᠡᠳᠬᠡᠵᠦ᠂ ᠤᠶᠤᠨ  ᠤᠬᠠᠭᠠᠨ ᠢᠶᠠᠨ ᠲᠦᠪᠯᠡᠷᠡᠬᠦᠯᠦᠨ ᠬᠤᠷᠠᠯ ᠢ ᠰᠠᠶᠢᠳᠤᠷ ᠬᠤᠷᠠᠯᠳᠣᠭᠤᠯᠵᠣ᠂ ᠶᠡᠭᠡ ᠬᠤᠷᠠᠯ ᠤᠨ ᠤᠷᠤᠬᠰᠢᠳᠠᠢ ᠬᠤᠷᠠᠯᠳᠣᠬᠤ  ᠪᠠ ᠳᠡᠭᠦᠰ ᠠᠮᠵᠢᠯᠳᠠ ᠣᠯᠬᠤ ᠳᠤ ᠦᠵᠡᠬᠦᠯᠪᠡᠰᠤ ᠵᠤᠬᠢᠬᠤ ᠬᠤᠪᠢ ᠨᠡᠮᠡᠷᠢ ᠪᠠᠨ ᠦᠵᠡᠬᠦᠯᠬᠦ ᠬᠡᠷᠡᠭᠳᠡᠢ᠃ ᠦᠵᠡᠯ ᠰᠠᠨᠠᠭ᠎ᠠ  ᠪᠠ ᠠᠵᠢᠯᠯᠠᠭ᠎ᠠ ᠪᠠᠨ ᠲᠦᠪ ᠤᠨ ᠪᠠᠶᠢᠳᠠᠯ ᠤᠨ ᠲᠤᠬᠠᠢ ᠵᠠᠳᠠᠯᠤᠯᠳᠠ ᠮᠠᠭᠠᠳᠯᠠᠯᠳᠠ ᠪᠠ ᠠᠵᠦ ᠠᠬᠤᠢ ᠨᠡᠶᠢᠬᠡᠮ ᠤᠨ  ᠬᠦᠭᠵᠢᠯᠳᠡ ᠶᠢᠨ ᠲᠤᠬᠠᠢ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠳᠡᠭᠡᠷ᠎ᠡ ᠦᠨᠡᠨᠬᠦ ᠨᠢᠬᠡᠳᠬᠡᠵᠦ᠂ ᠨᠠᠮ ᠪᠣᠯᠣᠨ  ᠤᠯᠤᠰ ᠤᠨ ᠪᠦᠬᠦ ᠲᠠᠯ᠎ᠠ ᠠᠴᠠ ᠡᠬᠦᠰᠴᠤ᠂ ᠠᠷᠠᠳᠴᠢᠯᠠᠯ ᠢ ᠪᠠᠳᠠᠷᠠᠭᠤᠯᠤᠨ᠂ ᠤᠯᠠᠨ ᠤ ᠣᠬᠠᠭᠠᠨ ᠢ ᠠᠰᠢᠭᠯᠠᠵᠣ᠂ ᠶᠡᠭᠡ  ᠬᠤᠷᠠᠯ ᠤᠨ ᠡᠯ᠎ᠠ ᠵᠦᠢᠯ ᠤᠨ ᠵᠦᠪᠯᠡᠬᠦ ᠵᠦᠢᠯ ᠪᠠ ᠢᠯᠡᠳᠭᠡᠯ ᠮᠡᠳᠡᠬᠦᠯᠦᠯᠳᠡ ᠶᠢ ᠬᠢᠨᠠᠮᠠᠭᠠᠢ ᠬᠢᠨᠠᠨ ᠵᠦᠪᠯᠡᠵᠦ᠂ ᠪᠦᠲᠦᠭᠡᠯᠴᠢ  ᠴᠢᠨᠠᠷᠳᠠᠢ ᠰᠠᠨᠠᠯ ᠢ ᠢᠯᠡᠬᠦᠬᠡᠨ ᠳᠣᠷᠠᠳᠴᠣ᠂ ᠠᠵᠢᠯ ᠢᠶᠠᠨ ᠰᠠᠶᠢᠵᠢᠷᠠᠭᠤᠯᠬᠤ ᠶᠢᠨ ᠲᠦᠯᠦᠭᠡ ᠢᠯᠡᠬᠦᠦ ᠠᠷᠭ᠎ᠠ ᠪᠤᠳᠤᠵᠦ᠂  ᠰᠠᠨᠠᠯ ᠳᠣᠷᠠᠳᠣᠨ᠂ ᠰᠠᠨᠠᠭᠤᠯᠭ᠎ᠠ ᠳᠡᠪᠰᠢᠭᠦᠯᠵᠦ᠂ ᠬᠢᠨᠠᠨ ᠵᠦᠪᠯᠡᠬᠦ ᠲᠦᠪᠰᠢᠨ ᠪᠠ ᠶᠠᠰᠤ ᠴᠢᠨᠠᠷ ᠢᠶᠠᠨ ᠴᠢᠷᠮᠠᠶᠢᠨ  ᠲᠡᠭᠡᠭᠰᠢᠯᠡᠬᠦᠯᠬᠦ ᠬᠡᠷᠡᠭᠳᠡᠢ᠃ ᠪᠦᠬᠦ ᠤᠷᠤᠨ ᠤ ᠦᠨᠳᠦᠰᠦᠳᠡᠨ ᠨᠦᠭᠦᠳ ᠤᠨ ᠣᠯᠠᠨ ᠲᠦᠮᠡᠨ ᠤ ᠬᠦᠰᠡᠯ ᠡᠷᠡᠮᠡᠯᠵᠡᠯ ᠪᠠ  ᠬᠦᠰᠡᠯ ᠱᠠᠭᠠᠷᠳᠠᠯᠭ᠎ᠠ ᠶᠢ ᠬᠦᠢᠴᠡᠳ ᠲᠤᠰᠬᠠᠵᠣ᠂ ᠦᠪᠡᠷᠳᠡᠬᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ  ᠲᠦᠯᠦᠭᠡᠯᠡᠭᠴᠢᠳ ᠤᠨ ᠶᠡᠭᠡ ᠬᠤᠷᠠᠯ ᠪᠠ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠷᠪᠠᠳᠤᠭᠠᠷ  ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ ᠤᠨ ᠤᠯᠤᠬᠰᠠᠨ ᠴᠢᠬᠤᠯᠠ ᠦᠷ᠎ᠠ ᠪᠦᠲᠦᠬᠡᠯ᠂ ᠪᠦᠷᠢᠯᠳᠦᠬᠦᠯᠦᠭᠰᠡᠨ  ᠰᠡᠳᠬᠢᠴᠡ ᠠᠷᠭ᠎ᠠ ᠬᠡᠮᠵᠢᠶ᠎ᠡ ᠶᠢ ᠬᠦᠢᠴᠡᠳ ᠲᠤᠰᠬᠠᠵᠦ᠂ ᠦᠪᠦᠷ ᠮᠤᠩᠭᠤᠯ ᠤᠨ ᠦᠬᠡᠷᠡᠴᠢᠯᠡᠯᠳᠡ ᠬᠦᠭᠵᠢᠯᠳᠡ ᠲᠤᠮᠳᠠᠬᠢ  ᠰᠢᠢᠳᠪᠦᠷᠢᠯᠡᠬᠦ ᠶᠢ ᠪᠠᠴᠢᠮ ᠱᠠᠭᠠᠷᠳᠠᠵᠣ ᠪᠠᠶᠢᠭ᠎ᠠ ᠲᠤᠪᠤᠶᠢᠮ᠎ᠠ ᠠᠰᠠᠭᠤᠳᠠᠯ ᠪᠠ ᠴᠢᠩᠭᠠᠳᠬᠠᠬᠤ ᠶᠢ ᠪᠠᠴᠢᠮ ᠱᠠᠭᠠᠷᠳᠠᠵᠣ  ᠪᠠᠶᠢᠭ᠎ᠠ ᠪᠠᠭᠤᠷᠠᠢ ᠭᠤᠬᠴᠤᠭ᠎ᠠ ᠶᠢ ᠬᠦᠢᠴᠡᠳ ᠲᠤᠰᠬᠠᠵᠦ᠂ ᠢᠯᠡᠭᠦᠬᠡᠨ ᠪᠣᠳᠠᠳᠣ ᠣᠴᠢᠷ ᠢᠶᠠᠷ ᠦᠬᠡ ᠬᠡᠯᠡᠵᠦ᠂ ᠢᠯᠡᠭᠦᠬᠡᠨ  ᠤᠯᠤᠰ ᠤᠨ ᠬᠦᠭᠵᠢᠯᠳᠡ ᠶᠢᠨ ᠶᠡᠭᠡ ᠲᠠᠯ᠎ᠠ ᠳᠤ ᠦᠢᠯᠡᠴᠢᠯᠡᠬᠦ ᠪᠠ ᠪᠠᠲᠤᠯᠠᠬᠤ ᠬᠠᠷᠠᠭᠠᠰᠤ ᠠᠴᠠ ᠦᠭᠡ ᠬᠡᠯᠡᠵᠦ᠂ ᠢᠯᠡᠭᠦᠬᠡᠨ  ᠪᠣᠳᠠᠳᠠᠢ ᠶᠢ ᠡᠷᠬᠢᠮᠯᠡᠭᠰᠡᠨ ᠬᠡᠷᠡᠭ ᠲᠠᠢ ᠦᠬᠡ ᠶᠢ ᠬᠡᠯᠡᠵᠦ᠂ ᠦᠪᠡᠷᠳᠡᠬᠡᠨ ᠵᠠᠰᠠᠬᠤ ᠤᠷᠤᠨ ᠤ ᠠᠵᠦ ᠠᠬᠤᠢ ᠨᠡᠶᠢᠬᠡᠮ ᠤᠨ  ᠬᠦᠭᠵᠢᠯᠳᠡ ᠳᠤ ᠨᠡᠩ ᠤᠯᠠᠨ ᠨᠡᠩ ᠶᠡᠭᠡ ᠲᠦᠷᠦ ᠶᠢᠨ ᠪᠤᠳᠤᠯᠭ᠎ᠠ ᠶᠢᠨ ᠲᠡᠮᠵᠢᠯᠬᠡ ᠶᠢ ᠴᠢᠷᠮᠠᠶᠢᠨ ᠤᠯᠬᠤ ᠬᠡᠷᠡᠭᠳᠡᠢ᠃ ᠡᠯ᠎ᠠ  ᠵᠦᠢᠯ ᠤᠨ ᠰᠠᠬᠢᠯᠭ᠎ᠠ ᠪᠠᠳᠤ ᠳᠦᠷᠢᠮ ᠲᠤᠭᠳᠠᠭᠠᠯ ᠪᠠ ᠰᠤᠷᠳᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠬᠤ ᠬᠡᠷᠡᠭᠳᠡᠢ᠂  ᠢᠯᠠᠩᠭᠤᠶ᠎ᠠ ᠤᠯᠤᠰ ᠲᠦᠷᠦ ᠶᠢᠨ ᠰᠠᠬᠢᠯᠭ᠎ᠠ ᠪᠠᠳᠤ ᠪᠠ ᠤᠯᠤᠰ ᠲᠦᠷᠦ ᠶᠢᠨ ᠲᠦᠷᠢᠮ ᠳᠣᠭᠳᠠᠭᠠᠯ ᠢ ᠴᠢᠩᠭ᠎ᠠ ᠰᠠᠬᠢᠵᠣ᠂  ᠶᠡᠭᠡ ᠬᠤᠷᠠᠯ ᠤᠨ ᠨᠢᠬᠡᠳᠦᠯᠳᠡᠢ ᠲᠤᠬᠢᠷᠠᠭᠤᠯᠳᠠ ᠶᠢ ᠤᠬᠠᠮᠰᠠᠷ ᠠᠴᠠ ᠪᠠᠨ ᠲᠠᠭᠠᠵᠦ᠂ ᠵᠢᠭᠠᠪᠤᠷᠢ ᠠᠪᠴᠤ ᠮᠡᠳᠡᠬᠦᠯᠬᠦ  ᠲᠦᠷᠢᠮ ᠢ ᠬᠢᠨᠠᠮᠠᠭᠠᠢ ᠬᠡᠷᠡᠭᠵᠢᠬᠦᠯᠵᠦ᠂ ᠰᠡᠳᠬᠢᠯ ᠰᠠᠨᠠᠭ᠎ᠠ ᠪᠠᠨ ᠲᠦᠪᠯᠡᠷᠡᠬᠦᠯᠦᠨ᠂ ᠪᠦᠬᠦ ᠬᠦᠴᠦ ᠪᠠᠷ ᠢᠶᠠᠨ ᠬᠤᠷᠠᠯ ᠢ  ᠰᠠᠶᠢᠳᠤᠷ ᠬᠤᠷᠠᠯᠳᠣᠭᠤᠯᠵᠣ᠂ ᠴᠤᠬ ᠵᠢᠪᠬᠤᠭ᠎ᠠ ᠲᠡᠬᠦᠯᠳᠡᠷ ᠢᠶᠠᠷ ᠬᠤᠷᠠᠯ ᠢ ᠰᠠᠶᠢᠳᠤᠷ ᠬᠤᠷᠠᠯᠳᠣᠭᠤᠯᠵᠣ᠂ ᠰᠠᠶᠢᠨ ᠰᠠᠶᠢᠬᠠᠨ  ᠬᠤᠷᠠᠯ ᠤᠨ ᠰᠣᠷᠳᠠᠯ ᠢᠶᠠᠷ ᠶᠡᠭᠡ ᠬᠤᠷᠠᠯ ᠤᠨ ᠲᠡᠬᠦᠰ ᠠᠮᠵᠢᠯᠳᠠ ᠣᠯᠬᠤ ᠶᠢ ᠪᠠᠲᠤᠯᠠᠵᠣ᠂ ᠦᠪᠦᠷ ᠮᠤᠩᠭᠤᠯ ᠤᠨ  ᠲᠦᠯᠦᠭᠡᠯᠡᠭᠴᠢᠳ ᠤᠨ ᠪᠦᠯᠬᠦᠮ ᠤᠨ ᠰᠠᠶᠢᠨ ᠰᠠᠶᠢᠬᠠᠨ ᠲᠦᠷᠢ ᠲᠦᠷᠬᠦ ᠶᠢ ᠭᠠᠶᠢᠬᠠᠭᠤᠯᠬᠤ ᠬᠡᠷᠡᠭᠳᠡᠢ ᠬᠡᠪᠡ᠃          ᠬᠤᠷᠠᠯ ᠠᠴᠠ ︽ᠬᠤᠵᠢᠷᠯᠢᠭ ᠭᠠᠵᠠᠷ ᠢ ᠦᠭᠡᠷᠡᠴᠢᠯᠡᠨ ᠡᠪᠡᠰᠦ ︵ᠪᠣᠷᠳᠤᠭ᠎ᠠ︶ ᠳᠠᠷᠢᠬᠤ ᠳᠠᠯᠠᠪᠠᠢ ᠶᠢ ᠨᠡᠮᠡᠭᠳᠡᠭᠦᠯᠵᠦ  ᠮᠠᠯ ᠠᠵᠣ ᠠᠬᠤᠢ ᠶᠢ ᠮᠠᠨᠳᠣᠭᠤᠯᠬᠤ ᠢᠨᠵᠧᠨᠧᠷᠩ ᠬᠡᠷᠡᠭᠵᠢᠭᠦᠯᠬᠦ ᠳᠣᠬᠠᠢ ᠰᠠᠨᠠᠭᠤᠯᠭ᠎ᠠ︾ ᠪᠣᠯᠣᠨ ︽ᠣᠯᠣᠰ ᠤᠨ  ᠦᠮᠴᠢᠯᠡᠯ ᠤᠨ ᠰᠢᠭᠤᠢᠢᠳᠣ ᠣᠷᠣᠨ ᠤ ᠵᠠᠰᠠᠮᠠᠯ ᠵᠠᠮ ᠤᠨ ᠪᠦᠳᠦᠭᠡᠨ ᠪᠠᠶᠢᠭᠤᠯᠣᠯᠳᠠ ᠶᠢ ᠴᠢᠩᠭᠠᠳᠬᠠᠬᠤ ᠳᠣᠬᠠᠢ  ᠰᠠᠨᠠᠭᠤᠯᠭ᠎ᠠ︾᠎ ᠶᠢ ᠦᠪᠦᠷ ᠮᠣᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠪᠦᠯᠬᠦᠮ ᠤᠨ ᠰᠠᠨᠠᠭᠤᠯᠭ᠎ᠠ ᠪᠣᠯᠭᠠᠨ  ᠳᠣᠷᠠᠳᠬᠤ ᠪᠠᠷ ᠳᠣᠭᠳᠠᠵᠠᠢ᠃              ᠬᠤᠷᠠᠯ ᠳᠡᠭᠡᠷ᠎ᠡ᠂ ᠬᠤᠷᠴᠠ ᠪᠦᠬᠦ ᠣᠯᠣᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ  ᠪᠠᠶᠢᠩᠭᠤ ᠶᠢᠨ ᠬᠤᠷᠢᠶ᠎ᠠ ᠶᠢᠨ ᠴᠣᠭᠯᠠᠭᠤᠯᠣᠭᠴᠢ ᠶᠢᠨ ᠬᠤᠷᠠᠯ ᠤᠨ ᠵᠣᠷᠢᠭ ᠰᠠᠨᠠᠭ᠎ᠠ ᠶᠢ ᠣᠯᠠᠮᠵᠢᠯᠠᠪᠠ᠃ ᠶᠦᠨ ᠹᠧᠩ ᠂ ᠯᠢᠦ  ᠵᠢᠶᠦ᠋ᠨ ᠴᠧᠨ᠂ ᠴᠠᠩ ᠵᠢᠶᠦ᠋ᠨ ᠵᠧᠩ᠂ ᠯᠢᠶᠠᠩ ᠲᠢᠶᠧ ᠴᠧᠩ᠂ ᠬᠤ᠋ ᠢ ᠹᠧᠩ᠂ ᠮᠠ ᠶᠦᠩ ᠱᠧᠩ ᠵᠢᠴᠢ ᠪᠦᠬᠦ  ᠲᠦᠯᠦᠭᠡᠯᠡᠭᠴᠢ ᠬᠤᠷᠠᠯ ᠳᠤ ᠣᠷᠣᠯᠴᠠᠵᠠᠢ᠃  
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号