2017 ᠣᠨ ᠤ ᠪᠥᠬᠦ ᠣᠷᠣᠨ ᠤ ᠪᠠᠭᠰᠢ ᠶᠢᠨ ᠬᠢᠷᠢ ᠬᠡᠮ ᠢ ᠦᠨᠡᠮᠰᠢᠨ ᠲᠣᠭᠲᠠᠭᠠᠬᠤ ᠰᠢᠯᠭᠠᠯᠲᠠ ᠶᠢᠨ | ᠨᠡᠷ᠎ᠡ ᠮᠡᠳᠡᠭᠦᠯᠬᠦ ᠠᠵᠢᠯ 3 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ᠎ᠡ᠃ ᠲᠤᠰ ᠤᠳᠠᠭᠠᠨ ᠤ ᠪᠠᠭᠰᠢ ᠶᠢᠨ | ᠬᠢᠷᠢ ᠬᠡᠮ ᠤᠨ ᠰᠢᠯᠭᠠᠯᠲᠠ ᠳᠤ ᠨᠡᠷ᠎ᠡ ᠮᠡᠳᠡᠭᠦᠯᠬᠦ ᠨᠥᠬᠦᠴᠡᠯ ᠪᠣᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠡᠷᠦᠬᠡ ᠠᠮᠠ ᠶᠢᠨ ᠳᠠᠩᠰᠠ ᠲᠠᠢ ᠬᠥᠮᠦᠰ︔ ᠭᠠᠳᠠᠷ ᠣᠷᠣᠨ ᠤ ᠡᠷᠦᠬᠡ ᠠᠮᠠ ᠶᠢᠨ ᠳᠠᠩᠰᠠ ᠲᠠᠢ | ᠪᠤᠯᠪᠠᠴᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠳᠤ | ᠠᠵᠢᠯᠯᠠᠵᠤ ᠪᠠᠶᠢᠭ᠎ᠠ ᠬᠦᠮᠦᠰ ᠪᠤᠯ ᠪᠠᠶᠢᠭᠤᠯᠭ᠎ᠠ ᠨᠢᠭᠡᠴᠡ ᠪᠠᠷ ᠢᠶᠠᠨ ᠠᠵᠢᠯ ᠤᠨ ᠭᠡᠷᠡᠴᠢ ᠬᠢᠯᠭᠡᠨ᠎ᠡ︔ ᠳᠡᠭᠡᠳᠦ | ᠵᠡᠷᠭᠡ ᠶᠢᠨ ᠳᠡᠰ ᠳᠠᠪᠬᠤᠷᠭ᠎ᠠ ᠶᠢᠨ ︽ᠰᠤᠷᠭᠠᠨ ᠬᠥᠮᠦᠵᠢᠯ ᠤᠨ ᠤᠬᠠᠭᠠᠨ︾ ︽ᠰᠤᠷᠭᠠᠨ ᠬᠥᠮᠦᠵᠢᠯ ᠤᠨ | ᠰᠡᠳᠬᠢᠴᠡ ᠵᠦᠶ︾ ᠶᠢᠨ ᠰᠢᠯᠭᠠᠯᠲᠠ ᠳᠤ ᠨᠡᠷ᠎ᠡ ᠮᠡᠳᠡᠭᠦᠯᠬᠦ ᠰᠢᠯᠭᠠᠭᠤᠯᠤᠭᠰᠠᠳ ᠨᠢ ᠶᠡᠭᠡ ᠳᠡᠭᠡᠳᠦ ᠰᠤᠷᠭᠠᠭᠤᠯᠢ ᠳᠤ | ᠠᠵᠢᠯᠯᠠᠵᠤ ᠪᠠᠶᠢᠭ᠎ᠠ ᠪᠤᠶᠤ ᠨᠢᠭᠡᠨᠲᠡ ᠤᠷᠢᠵᠤ ᠬᠡᠷᠡᠭᠯᠡᠭᠰᠡᠨ ᠶᠡᠭᠡ ᠳᠡᠭᠡᠳᠦ ᠰᠤᠷᠭᠠᠭᠤᠯᠢ ᠶᠢᠨ ᠪᠠᠭᠰᠢ ᠪᠠᠶᠢᠬᠤ | ᠬᠡᠷᠡᠭᠲᠡᠢ︔ ᠮᠠᠨ ᠤ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠳᠤ ᠪᠠᠶᠢᠭ᠎ᠠ ᠰᠤᠷᠤᠭᠴᠢᠳ᠂ ᠮᠠᠨ ᠤ | ᠣᠷᠣᠨ ᠤ ᠭᠠᠳᠠᠷ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠤᠷᠤᠭᠴᠢ ᠪᠤᠯ | ᠡᠷᠬᠡᠪᠰᠢ ᠶᠡᠭᠡ ᠰᠤᠷᠭᠠᠭᠤᠯᠢ ᠶᠢᠨ ᠭᠤᠷᠪᠠᠳᠤᠭᠠᠷ ᠠᠩᠭᠢ ᠠᠴᠠ ᠳᠡᠭᠡᠭᠰᠢᠬᠢ ᠪᠠᠶᠢᠬᠤ ᠨᠦᠭᠦᠴᠡᠯ ᠳᠤ ᠨᠡᠶᠢᠴᠡᠭᠰᠡᠨ | ᠪᠠᠶᠢᠬᠤ ᠬᠡᠷᠡᠭᠲᠡᠶ ︵ᠠᠰᠫᠢᠷᠠᠨᠲ ᠪᠠᠭᠲᠠᠨ᠎ᠠ︶ ᠪᠦᠭᠡᠳ ᠲᠤᠬᠠᠢ ᠶᠢᠨ ᠵᠢᠯ ᠤᠨ ᠶᠡᠭᠡ ᠳᠡᠭᠡᠳᠦ ᠰᠤᠷᠭᠠᠭᠤᠯᠢ ᠳᠤ | ᠡᠯᠰᠡᠭᠰᠡᠨ ᠮᠡᠳᠡᠭᠡ ᠵᠠᠩᠭᠢ ᠪᠤᠶᠤ ᠰᠤᠷᠤᠯᠴᠠᠵᠤ ᠪᠠᠶᠢᠭ᠎ᠠ ᠰᠤᠷᠭᠠᠭᠤᠯᠢ ᠠᠴᠠ ᠨᠢ ᠬᠢᠵᠦ ᠦᠭᠭᠦᠭᠰᠡᠨ | ᠰᠤᠷᠭᠠᠭᠤᠯᠢ ᠳᠤ ᠰᠤᠷᠤᠯᠴᠠᠵᠤ ᠪᠠᠶᠢᠭ᠎ᠠ ᠭᠡᠷᠡᠴᠢ ᠪᠠᠷ ᠢᠶᠠᠨ ᠨᠡᠷ᠎ᠡ ᠮᠡᠳᠡᠭᠦᠯᠵᠦ ᠪᠤᠯᠤᠨ᠎ᠠ᠃ ᠭᠡᠪᠡᠴᠦ ᠪᠠᠭᠰᠢ ᠶᠢᠨ | ᠬᠢᠷᠢ ᠬᠡᠮ ᠤᠨ ᠦᠨᠡᠮᠯᠡᠯ ᠭᠤᠶᠤᠴᠢᠯᠠᠬᠤ ᠳᠤ᠂ ᠡᠷᠬᠡᠪᠰᠢ ᠮᠠᠨ ᠤ ᠣᠷᠣᠨ ᠤ ᠤᠳᠤ ᠶᠢᠨ ᠬᠡᠷᠡᠭᠵᠢᠭᠦᠯᠵᠦ ᠪᠠᠶᠢᠭ᠎ᠠ | ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠶᠣᠰᠣᠭᠠᠷ ᠭᠤᠶᠤᠴᠢᠯᠠᠬᠤ ᠬᠡᠷᠡᠭᠲᠡᠢ᠃ | ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ᠂ ᠰᠦᠢᠳᠬᠡᠯ ᠲᠤᠰᠢᠶᠠᠬᠤ ᠴᠠᠭ ᠨᠢ 3 ᠳ᠋ᠤᠭᠠᠷ ᠰᠠᠷ᠎ᠠ ᠶᠢᠨ 1 ᠤ | ᠡᠳᠦᠷ —3 ᠳ᠋ᠤᠭᠠᠷ ᠰᠠᠷ᠎ᠠ ᠶᠢᠨ 8 ᠤ ᠡᠳᠦᠷ ᠤᠨ 17:00 ᠪᠤᠯᠲᠠᠯ᠎ᠠ ᠶᠠᠪᠤᠭᠳᠠᠨ᠎ᠠ᠂ ᠬᠤᠭᠤᠴᠠᠭ᠎ᠠ ᠦᠩᠭᠡᠷᠡᠪᠡᠯ | ᠳᠠᠭᠢᠵᠤ ᠭᠦᠢᠴᠡᠳᠬᠡᠵᠦ ᠦᠭᠬᠦ ᠦᠭᠡᠶ᠃ ᠰᠢᠯᠭᠠᠬᠤ ᠴᠠᠭ ᠨᠢ 4 ᠳ᠋ᠦ᠋ᠭᠡᠷ ᠰᠠᠷ᠎ᠠ ᠶᠢᠨ 15 ᠤ ᠡᠳᠦᠷ᠂ 9᠄ 00 | — 11᠄ 30᠂ ︽ᠰᠤᠷᠭᠠᠨ ᠬᠥᠮᠦᠵᠢᠯ ᠤᠨ ᠤᠬᠠᠭᠠᠨ︾︔ 14᠄ 30 —17᠄ 00᠂ ︽ᠰᠤᠷᠭᠠᠨ | ᠬᠥᠮᠦᠵᠢᠯ ᠤᠨ ᠰᠡᠳᠬᠢᠴᠡ ᠵᠦᠢ︾᠃ | ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠴᠠ | ᠰᠠᠨᠠᠭᠤᠯᠬᠤ ᠨᠢ᠄ ᠥᠷᠭᠡᠨ ᠣᠯᠠᠨ ᠰᠢᠯᠭᠠᠭᠤᠯᠤᠭᠰᠠᠳ ᠳᠠᠷᠤᠶᠢᠬᠠᠨ ᠥᠪᠥᠷ ᠮᠣᠩᠭᠤᠯ ᠤᠨ ᠰᠣᠷᠣᠭᠴᠢ ᠡᠯᠰᠡᠬᠦ | ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶᠡᠨ ᠳᠤ ᠭᠠᠷᠴᠤ ᠮᠠᠨ ᠤ ᠣᠷᠣᠨ ᠤ ᠪᠠᠭᠰᠢ ᠶᠢᠨ ᠬᠢᠷᠢ ᠬᠡᠮ ᠢ | ᠦᠨᠡᠮᠰᠢᠨ ᠲᠣᠭᠲᠠᠭᠠᠬᠤ ᠰᠢᠯᠭᠠᠯᠲᠠ ᠶᠢᠨ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠲᠤᠭᠲᠠᠭᠠᠯ ᠢ | ᠪᠠᠶᠢᠴᠠᠭᠠᠨ ᠦᠵᠡᠬᠦ ᠶᠢᠨ ᠬᠠᠮᠲᠤ ᠴᠤᠪᠤᠷᠠᠯ ᠶᠤᠰᠤᠭᠠᠷ ᠨᠡᠷ᠎ᠡ ᠮᠡᠳᠡᠭᠦᠯᠬᠦ ᠬᠡᠷᠡᠭᠲᠡᠢ᠃ |