ᠮᠠᠨ ᠤ ᠤᠷᠤᠨ ᠤ ᠲᠦᠯᠦᠭᠡᠯᠡᠭᠴᠢᠳ ᠤᠨ ᠪᠦᠯᠬᠦᠮ ᠵᠠᠰᠠᠬ ᠤᠨ ᠤᠷᠳᠤᠨ ᠤ ᠠᠵᠢᠯ ᠤᠨ ᠢᠯᠡᠳᠬᠡᠯ ᠢ ᠬᠢᠨᠠᠨ ᠵᠦᠪᠯᠡᠪᠡ
ᠨᠡᠶᠢᠲᠡᠯᠡᠭᠰᠡᠨ ᠴᠠᠭ᠄
2017-03-06
     3 ᠳ᠋ᠤᠭᠠᠷ ᠰᠠᠷ᠎ᠠ ᠶᠢᠨ 5 ᠤ ᠦᠳᠡ ᠶᠢᠨ ᠬᠤᠶᠢᠨ᠎ᠠ᠂ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭ᠎ᠠ ᠶᠢᠨ ᠬᠤᠷᠠᠯ ᠳᠤ ᠤᠷᠤᠯᠴᠠᠵᠦ ᠪᠠᠶᠢᠭ᠎ᠠ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠠᠷᠠᠳ ᠤᠨ ᠶᠡᠭᠡ ᠬᠤᠷᠠᠯ ᠤᠨ ᠲᠠᠩᠬᠢᠮ ᠤᠨ ᠦᠪᠦᠷ ᠮᠤᠩᠭᠤᠯ ᠲᠢᠩᠬᠢᠮ ᠳᠤ ᠪᠦᠯᠬᠦᠮ ᠤᠨ ᠬᠤᠷᠠᠯ ᠬᠢᠵᠦ᠂ ᠵᠠᠰᠠᠬ ᠤᠨ ᠤᠷᠳᠤᠨ ᠤ ᠠᠵᠢᠯ ᠤᠨ ᠢᠯᠡᠳᠬᠡᠯ ᠢ ᠬᠢᠨᠠᠨ ᠵᠦᠪᠯᠡᠪᠡ᠃      ᠲᠦᠯᠦᠭᠡᠯᠡᠭᠴᠢᠳ ᠤᠨ ᠪᠦᠯᠬᠦᠮ ᠤᠨ ᠲᠠᠷᠤᠭ᠎ᠠ ᠯᠢ ᠵᠢᠢ ᠾᠧᠩ ᠬᠤᠷᠠᠯ ᠡᠷᠬᠢᠯᠡᠭᠰᠡᠨ ᠪᠦᠬᠡᠳ ᠦᠭᠡ ᠬᠡᠯᠡᠵᠦ᠂ ᠪᠦ᠋ ᠰᠢᠶᠤᠤ ᠯᠢᠨ᠂ ᠹᠦ᠋ ᠶᠢᠩ᠂ ᠸᠠᠩ ᠵᠢᠶᠦ᠋ᠨ᠂ ᠪᠠᠭᠠᠳᠤᠷ᠂ ᠸᠠᠩ ᠯᠢ ᠰᠢᠶᠠ᠂ ᠬᠤᠷᠴᠠ᠂ ᠶᠦᠨ ᠹᠧᠩ᠂ ᠤᠷᠳᠤ᠂ ᠯᠢᠦ ᠵᠢᠶᠦ᠋ᠨ ᠴᠧᠨ᠂ ᠯᠢ ᠷᠦᠩ ᠰᠢ᠂ ᠴᠠᠩ ᠵᠢᠶᠦ᠋ᠨ ᠵᠧᠩ᠂ ᠯᠢᠶᠠᠩ ᠲᠢᠶᠧ ᠴᠧᠩ᠂ ᠬᠤ᠋ ᠢ ᠹᠧᠩ᠂ ᠮᠠ ᠶᠦᠩ ᠱᠧᠩ ᠨᠠᠷ ᠬᠢᠨᠠᠨ ᠵᠦᠪᠯᠡᠬᠦ ᠳᠤ ᠤᠷᠤᠯᠴᠠᠵᠡᠢ᠃ ᠬᠦᠮᠦᠨ ᠤ ᠬᠦᠴᠦᠨ ᠤ ᠡᠬᠢ ᠪᠠᠶᠠᠯᠢᠬ ᠨᠡᠶᠢᠬᠡᠮ ᠤᠨ ᠪᠠᠲᠤᠯᠠᠭ᠎ᠠ ᠶᠢᠨ ᠶᠠᠮᠤᠨ ᠤ ᠰᠠᠶᠢᠳ ᠶᠢᠨ ᠸᠧᠢ ᠮᠢᠨ ᠬᠤᠷᠠᠯ ᠳᠤ ᠣᠷᠣᠯᠴᠠᠨ ᠬᠢᠨᠠᠨ ᠵᠦᠪᠯᠡᠭᠰᠡᠨ ᠰᠠᠨᠠᠯ ᠢ ᠰᠤᠨᠤᠰᠪᠠ᠃      ᠯᠢ ᠵᠢᠢ ᠾᠧᠩ ᠬᠢᠨᠠᠨ ᠵᠦᠪᠯᠡᠬᠦ ᠳᠡᠭᠡᠨ ᠬᠡᠯᠡᠭᠰᠡᠨ ᠨᠢ᠂ ᠶᠡᠷᠦᠩᠬᠡᠢ ᠰᠠᠶᠢᠳ ᠯᠢ ᠺᠧ ᠴᠢᠶᠠᠩ ᠤᠨ ᠬᠢᠭᠰᠡᠨ ︽ᠵᠠᠰᠠᠬ ᠤᠨ ᠤᠷᠳᠤᠨ ᠤ ᠠᠵᠢᠯ ᠤᠨ ᠢᠯᠡᠳᠬᠡᠯ︾ ᠳᠤ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠠ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ᠂ ᠲᠦᠷᠪᠡᠳᠦᠬᠡᠷ᠂ ᠲᠠᠪᠤᠳᠤᠭᠠᠷ᠂ ᠵᠢᠷᠭᠤᠳᠤᠭᠠᠷ ᠪᠦᠬᠦᠳᠡ ᠬᠤᠷᠠᠯ ᠤᠨ ᠵᠤᠷᠢᠬ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠦ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠤᠭᠤᠳ ᠤᠨ ᠵᠤᠷᠢᠬ ᠰᠠᠨᠠᠭ᠎ᠠ ᠪᠠ ᠣᠯᠣᠰ ᠢ ᠵᠠᠰᠠᠵᠦ ᠵᠠᠰᠠᠬ ᠡᠷᠬᠢᠯᠡᠬᠦ ᠰᠢᠨ᠎ᠠ ᠣᠨᠣᠯᠵᠢᠬᠤᠨ ᠰᠢᠨ᠎ᠠ ᠦᠵᠡᠯ ᠰᠠᠨᠠᠭ᠎ᠠ ᠰᠢᠨ᠎ᠠ ᠪᠠᠶᠢᠯᠳᠤᠬᠤ ᠪᠤᠳᠤᠯᠭ᠎ᠠ ᠶᠢ ᠬᠦᠨᠵᠡᠬᠡᠢ ᠲᠤᠤᠱᠯᠠᠭᠤᠯᠵᠦ᠂ ᠲᠦᠪ ᠤᠨ ᠠᠵᠦ ᠠᠬᠤᠢ ᠶᠢᠨ ᠠᠵᠢᠯ ᠤᠨ ᠬᠤᠷᠠᠯ ᠤᠨ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠲᠤᠤᠱᠯᠠᠠᠭᠤᠯᠵᠦ᠂ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠬᠦᠢᠴᠡᠳ ᠢᠯᠡᠷᠡᠭᠦᠯᠵᠦ᠂ ᠠᠵᠢᠯ ᠢᠶᠠᠨ ᠳ᠋ᠦᠩᠨᠡᠬᠦ ᠳᠡᠭᠡᠨ ᠦᠨᠡᠨ ᠢ ᠪᠠᠷᠢᠮᠳᠠᠯᠠᠵᠣ᠂ ᠬᠠᠷᠠᠯᠳᠠ ᠪᠠᠨ ᠳᠣᠬᠢᠷᠠᠭᠤᠯᠬᠤ ᠳᠠᠭᠠᠨ ᠢᠳᠡᠪᠬᠢᠳᠡᠢ ᠯᠠᠪᠳᠠᠭᠤᠨ ᠪᠠᠶᠢᠵᠣ᠂ ᠲᠦᠷᠦ ᠶᠢᠨ ᠪᠤᠳᠤᠯᠭ᠎ᠠ ᠳᠣᠭᠳᠠᠭᠠᠬᠤ ᠳᠠᠭᠠᠨ ᠤᠨᠢᠨ ᠲᠡᠭᠡᠷ᠎ᠠ ᠨᠢ ᠪᠦᠲᠦᠮᠵᠢᠳᠡᠢ ᠪᠠᠶᠢᠯᠭᠠᠵᠣ᠂ ᠡᠬᠦᠷᠬᠡ ᠪᠠᠨ ᠪᠠᠶᠢᠷᠢᠯᠠᠭᠤᠯᠬᠤ ᠳᠠᠭᠠᠨ ᠬᠦᠨᠵᠡᠬᠡᠢ ᠰᠡᠳᠬᠢᠨ ᠠᠯᠤᠰ ᠢ ᠪᠤᠳᠤᠯᠬᠢᠯᠠᠵᠣ᠂ ᠲᠤᠬ ᠢ ᠦᠨᠳᠦᠷ ᠮᠠᠨᠳᠤᠭᠤᠯᠣᠭᠰᠠᠨ᠂ ᠦᠬᠡᠷᠡᠴᠢᠯᠡᠯᠳᠡ ᠬᠢᠵᠦ ᠰᠢᠨ᠎ᠠ ᠶᠢ ᠡᠬᠦᠳᠦᠭᠰᠡᠨ᠂ ᠦᠨᠡᠨ ᠢ ᠪᠠᠷᠢᠮᠳᠠᠯᠠᠨ ᠪᠤᠳᠠᠳᠠᠢ ᠶᠢ ᠡᠷᠬᠢᠮᠯᠡᠭᠰᠡᠨ᠂ ᠬᠦᠮᠦᠰ ᠢ ᠵᠣᠷᠢᠭᠵᠢᠭᠤᠯᠣᠨ ᠤᠷᠤᠬᠰᠢᠯᠠᠭᠤᠯᠬᠤ ᠰᠠᠶᠢᠨ ᠢᠯᠡᠳᠬᠡᠯ ᠪᠣᠯᠵᠠᠢ᠂ ᠤᠯᠠᠨ ᠤ ᠰᠡᠳᠬᠢᠯ ᠳᠤ ᠳᠣᠬᠢᠷᠠᠭᠰᠠᠨ᠂ ᠤᠯᠠᠨ ᠤ ᠬᠦᠰᠡᠯ ᠢ ᠳᠣᠰᠬᠠᠭᠰᠠᠨ᠂ ᠠᠷᠠᠳ ᠤᠨ ᠰᠠᠨᠠᠭ᠎ᠠ ᠳᠤ ᠨᠡᠶᠢᠴᠡᠭᠰᠡᠨ᠂ ᠠᠷᠠᠳ ᠤᠨ ᠰᠡᠳᠬᠢᠯ ᠢ ᠤᠯᠤᠬᠰᠠᠨ ᠰᠠᠶᠢᠨ ᠢᠯᠡᠳᠬᠡᠯ ᠪᠣᠯᠵᠠᠢ᠂ ᠳᠣᠰ ᠢᠯᠡᠳᠬᠡᠯ ᠢ ᠪᠦᠷᠢᠮᠦᠰᠦᠨ ᠵᠦᠪᠰᠢᠶᠡᠷᠡᠵᠦ ᠪᠠᠶᠢᠨ᠎ᠠ ᠭᠡᠪᠡ᠃      ᠯᠢ ᠵᠢᠢ ᠾᠧᠩ ᠬᠡᠯᠡᠭᠰᠡᠨ ᠨᠢ᠂ 2016 ᠤᠨ ᠪᠤᠯ ᠮᠠᠨ ᠤ ᠤᠯᠤᠰ ᠤᠨ ᠦᠬᠡᠷᠡᠴᠢᠯᠡᠯᠳᠡ ᠨᠡᠬᠡᠬᠡᠯᠳᠡ ᠪᠠ ᠤᠳᠤᠬᠢᠴᠢᠯᠠᠬᠤ ᠪᠦᠲᠦᠬᠡᠨ ᠪᠠᠶᠢᠭᠤᠯᠤᠯᠳᠠ ᠰᠢᠨ᠎ᠠ ᠴᠢᠬᠤᠯᠠ ᠠᠬᠢᠴᠠ ᠲᠠᠢ ᠪᠤᠯᠤᠬᠰᠠᠨ ᠨᠢᠬᠡ ᠵᠢᠯ ᠪᠣᠯᠣᠨ᠎ᠠ᠃ ᠤᠯᠤᠰ ᠤᠨ ᠲᠤᠳᠤᠭᠠᠳᠤ ᠭᠠᠳᠠᠭᠠᠳᠤ ᠶᠢᠨ ᠤᠯᠠᠨ ᠠᠷᠪᠢᠨ ᠵᠦᠷᠢᠴᠡᠯ ᠲᠠᠪᠬᠤᠴᠠᠵᠣ᠂ ᠲᠦᠭᠰᠢᠭᠦᠷᠢ ᠭᠡᠮ ᠰᠣᠭᠤᠭ ᠰᠣᠯᠪᠢᠴᠢᠭᠰᠠᠨ ᠬᠦᠨᠳᠦ ᠨᠣᠴᠢᠳᠠᠢ ᠦᠷᠢᠰᠦᠯᠳᠦᠭᠡᠨ ᠤ ᠡᠮᠦᠨ᠎ᠡ᠂ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠦᠪ ᠬᠤᠷᠢᠶ᠎ᠠ ᠪᠦᠬᠦ ᠣᠯᠣᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠣ᠂ ︽ᠳᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠣᠯᠳᠠ ᠶᠢ ᠨᠢᠭᠡᠳᠦᠯᠳᠡᠢ ᠲᠦᠯᠦᠪᠵᠢᠭᠦᠯᠦᠨ ᠠᠬᠢᠭᠤᠯᠵᠣ᠂ ︽ᠳᠦᠷᠪᠡᠨ ᠪᠦᠬᠦ ᠳᠠᠯ᠎ᠠ︾ ᠶᠢᠨ ᠪᠠᠶᠢᠯᠳᠣᠬᠤ ᠪᠣᠳᠣᠯᠭ᠎ᠠ ᠶᠢᠨ ᠪᠠᠶᠢᠷᠢᠰᠢᠭᠤᠯᠣᠯᠳᠠ ᠶᠢ ᠵᠣᠬᠢᠴᠠᠭᠤᠯᠣᠨ ᠠᠬᠢᠭᠤᠯᠵᠣ᠂ ᠳᠣᠭᠳᠠᠭᠤᠨ ᠤ ᠳᠣᠮᠳᠠ ᠣᠷᠣᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠵᠣ᠂ ᠰᠢᠨ᠎ᠡ ᠬᠦᠭᠵᠢᠯᠳᠡ ᠶᠢᠨ ᠣᠨᠣᠯᠵᠢᠬᠤᠨ ᠢ ᠪᠠᠳᠣ ᠪᠠᠬᠢ ᠪᠣᠢ ᠪᠣᠯᠭᠠᠨ ᠳᠣᠣᠱᠯᠠᠭᠤᠯᠣᠨ ᠨᠠᠶᠢᠳᠠᠪᠣᠷᠢᠵᠢᠭᠤᠯᠵᠣ᠂ ᠦᠭᠡᠷᠡᠴᠢᠯᠡᠯᠳᠡ ᠬᠦᠭᠵᠢᠯᠳᠡ ᠳᠣᠭᠳᠠᠭᠤᠨ᠂ ᠳᠣᠳᠣᠭᠠᠳᠣ ᠶᠠᠪᠣᠳᠠᠯ ᠭᠠᠳᠠᠭᠠᠳᠣ ᠬᠠᠷᠢᠯᠴᠠᠭ᠎ᠠ ᠣᠯᠣᠰ ᠤᠨ ᠪᠠᠳᠣᠯᠠᠨ ᠬᠠᠮᠠᠭᠠᠯᠠᠯᠳᠠ᠂ ᠨᠠᠮ ᠢᠶᠠᠨ ᠵᠠᠰᠠᠬᠤ ᠣᠯᠣᠰ ᠢᠶᠠᠨ ᠵᠠᠰᠠᠬᠤ ᠴᠡᠷᠢᠭ ᠢᠶᠠᠨ ᠵᠠᠰᠠᠬᠤ ᠳᠠᠯ᠎ᠠ ᠪᠠᠷ ᠴᠦᠮ ᠢᠯᠡᠳᠳᠡ ᠦᠷ᠎ᠡ ᠪᠦᠳᠦᠮᠵᠢ ᠣᠯᠵᠣ᠂ ︽13· 5︾ ᠶᠢᠨ ᠬᠤᠭᠤᠴᠠᠭᠠᠨ ᠤ ᠰᠠᠶᠢᠨ ᠰᠠᠶᠢᠬᠠᠨ ᠡᠬᠢᠯᠡᠯᠳᠡ ᠶᠢ ᠪᠡᠶᠡᠯᠡᠭᠦᠯᠪᠡ᠃ ᠡᠳᠡᠭᠡᠷ ᠠᠮᠵᠢᠯᠳᠠ ᠨᠢ ᠬᠢᠯᠪᠠᠷ ᠪᠣᠰᠣ ᠢᠷᠡᠯᠳᠡ ᠲᠠᠢ ᠶᠣᠮ᠂ ᠳᠡᠷᠡ ᠨᠢ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠦᠪ ᠬᠤᠷᠢᠶ᠎ᠠ ᠶᠢᠨ ᠪᠣᠳᠣᠯᠢᠶᠠᠨᠳᠠᠢ ᠪᠠᠶᠢᠳᠠᠯ ᠢ ᠵᠢᠯᠣᠭᠤᠳᠬᠤ᠂ ᠡᠯ᠎ᠡ ᠵᠦᠢᠯ ᠤᠨ ᠦᠢᠯᠡᠰ ᠤᠨ ᠬᠦᠭᠵᠢᠯᠳᠡ ᠶᠢ ᠣᠳᠣᠷᠢᠳᠬᠤ ᠭᠠᠷᠮᠠᠭᠠᠢ ᠴᠢᠳᠠᠪᠣᠷᠢ ᠪᠣᠯᠣᠨ ᠦᠨᠳᠦᠷ ᠲᠦᠪᠰᠢᠨ ᠢ ᠭᠦᠢᠴᠡᠳ ᠢᠯᠡᠷᠡᠭᠦᠯᠵᠦ᠂ ᠮᠠᠨ ᠤ ᠣᠯᠣᠰ ᠤᠨ ᠠᠵᠣ ᠠᠬᠤᠢ ᠨᠡᠶᠢᠭᠡᠮ ᠤᠨ ᠬᠦᠭᠵᠢᠯᠳᠡ ᠶᠢᠨ ᠯᠣᠳᠣ ᠶᠡᠭᠡ ᠳᠠᠯᠳᠠ ᠬᠦᠴᠦᠨ ᠪᠣᠯᠣᠨ ᠭᠡᠭᠡᠨ ᠰᠠᠷᠠᠭᠤᠯ ᠢᠷᠡᠭᠡᠳᠦᠢ ᠶᠢ ᠭᠦᠢᠴᠡᠳ ᠢᠯᠡᠷᠡᠭᠦᠯᠵᠦ ᠪᠠᠶᠢᠨ᠎ᠠ ᠭᠡᠵᠡᠢ᠃      ᠯᠢ ᠵᠢᠢ ᠾᠸᠡᠭ ᠬᠡᠯᠡᠭᠰᠡᠨ ᠨᠢ᠂ ᠦᠡᠭᠭᠡᠷᠡᠭᠰᠡᠨ ᠨᠢᠭᠡ ᠵᠢᠯ ᠳᠤ᠂ ᠰᠢ ᠶᠢᠨ ᠫᠢᠡᠭ ᠨᠦᠭᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ ᠲᠤᠤᠷ᠎ᠠ᠂ ᠦᠪᠤᠷ ᠮᠤᠩᠭᠤᠯ ᠤᠨ ᠦᠭᠡᠷᠡᠴᠢᠯᠠᠯᠳᠠ ᠨᠡᠭᠡᠭᠡᠯᠳᠡ ᠪᠡ ᠤᠳᠤᠬᠢᠴᠢᠯᠠᠬᠤ ᠪᠦᠲᠦᠭᠡᠨ ᠪᠠᠶᠢᠭᠤᠯᠤᠯᠳᠠ ᠰᠢᠨ᠎ᠠ ᠠᠮᠵᠢᠯᠳᠠ ᠣᠯᠵᠣ ᠰᠢᠨ᠎ᠠ ᠳᠠᠪᠰᠢᠯᠳᠠ ᠲᠠᠢ ᠪᠤᠯᠵᠦ᠂ ᠠᠵᠦ ᠠᠬᠤᠢ ᠶᠢᠨ ᠡᠷᠭᠢᠯᠳᠡ ᠶᠡᠷᠦᠩᠭᠡᠢ ᠳᠡᠭᠡᠨ ᠲᠤᠬᠳᠠᠭᠤᠨ ᠪᠠᠶᠢᠵᠣ᠂ ᠲᠤᠬᠳᠠᠭᠤᠨ ᠤ ᠲᠤᠮᠳᠠ ᠤᠷᠤᠬᠰᠢᠯᠠᠵᠦ᠂ ᠲᠤᠬᠳᠠᠭᠤᠨ ᠤ ᠲᠤᠮᠳᠠ ᠴᠢᠨᠠᠷ ᠳᠡᠭᠡᠭᠰᠢᠯᠡᠵᠦ᠂ ᠬᠠᠨᠭ᠍ᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠳᠠᠢ ᠦᠭᠡᠷᠡᠴᠢᠯᠠᠯᠳᠠ ᠯᠠᠪᠳᠠᠭᠤᠨ ᠪᠠᠳᠤᠳᠠᠢ ᠠᠬᠢᠭᠤᠯᠣᠭᠳᠠᠵᠦ᠂ ᠬᠦᠭᠵᠢᠯᠳᠡ ᠶᠢᠨ ᠰᠢᠨ᠎ᠠ ᠬᠦᠳᠡᠯᠭᠡᠭᠴᠢ ᠡᠨᠧᠷᠭᠢ ᠲᠦᠷᠭᠡᠳᠦᠨ ᠲᠦᠪᠯᠡᠷᠡᠵᠦ᠂ ᠦᠭᠡᠷᠡᠴᠢᠯᠠᠯᠳᠠ ᠨᠡᠭᠡᠭᠡᠯᠳᠡ ᠬᠦᠨᠵᠡᠭᠡᠶᠢᠷᠡᠨ ᠠᠬᠢᠵᠦ᠂ ᠶᠠᠳᠠᠭᠤ ᠠᠴᠠ ᠠᠩᠭᠢᠵᠢᠷᠠᠭᠤᠯᠵᠦ ᠪᠣᠭᠤᠮᠳᠠ ᠰᠢᠪᠳᠤᠯᠬᠤ ᠦᠷ᠎ᠠ ᠪᠦᠲᠦᠮᠵᠢ ᠢᠯᠡᠷᠭᠡᠢ ᠪᠤᠯᠵᠦ᠂ ᠠᠮᠤᠷ ᠠᠮᠣᠭᠤᠯᠠᠩ ᠦᠪᠤᠷ ᠮᠤᠩᠭᠤᠯ ᠤᠨ ᠪᠠᠶᠢᠭᠤᠯᠤᠯᠳᠠ ᠶᠢ ᠬᠦᠨᠵᠡᠭᠡᠶᠢᠷᠡᠨ ᠠᠬᠢᠪᠠ᠃ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠢ ᠠᠮᠵᠢᠯᠳᠠ ᠲᠠᠢ ᠬᠤᠷᠠᠯᠳᠤᠭᠤᠯᠵᠦ᠂ ᠬᠤᠶᠢᠰᠢᠳᠠ ᠶᠢᠨ ᠨᠢᠭᠡ ᠬᠡᠰᠡᠭ ᠬᠤᠭᠤᠴᠠᠭᠠᠨ ᠤ ᠦᠪᠤᠷ ᠮᠤᠩᠭᠤᠯ ᠤᠨ ᠬᠦᠭᠵᠢᠯᠳᠠ ᠶᠢᠨ ᠠᠤᠭ᠎ᠠ ᠲᠦᠰᠦᠪ ᠢ ᠰᠢᠨᠵᠢᠯᠡᠭᠦ ᠤᠬᠠᠭᠠᠨᠴᠢ ᠪᠠᠷ ᠵᠢᠷᠤᠬᠯᠠᠵᠦ᠂ ᠶᠡᠷᠦᠩᠭᠡᠢ ᠱᠦᠵᠢ ᠰᠢ ᠶᠢᠨ ᠫᠢᠡᠭ ᠤᠨ ᠴᠢᠬᠤᠯᠠ ᠶᠠᠷᠢᠶ᠎ᠠ ᠨᠤᠭᠤᠳ ᠤᠨ ᠵᠤᠷᠢᠭ ᠰᠠᠨᠠᠭ᠎ᠠ᠂ ᠤᠨᠴᠠᠭᠠᠶᠢᠯᠠᠨ ᠦᠪᠤᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠦᠪᠡᠷᠳᠡᠭᠡᠨ ᠵᠠᠰᠠᠬᠤ ᠤᠷᠤᠨ ᠤ ᠡᠯ᠎ᠠ ᠵᠦᠢᠯ ᠤᠨ ᠠᠵᠢᠯ ᠲᠤᠮᠳᠠ ᠪᠠᠨ ᠨᠡᠩ ᠦᠨᠡᠡᠬᠦ ᠬᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠡᠯ᠎ᠠ ᠵᠦᠢᠯ ᠤᠨ ᠦᠢᠯᠡᠰ ᠢ ᠲᠠᠭᠠᠭᠤᠯᠣᠨ ᠠᠬᠢᠭᠤᠯᠬᠤ ᠰᠢᠨᠵᠢᠯᠡᠭᠦ ᠤᠬᠠᠭᠠᠨᠴᠢ ᠠᠷᠭ᠎ᠠ ᠵᠠᠮ ᠪᠠ ᠬᠦᠴᠦᠷᠭᠡᠭ ᠶᠡᠭᠡ ᠬᠦᠳᠡᠯᠭᠡᠭᠴᠢ ᠬᠦᠴᠦᠨ ᠪᠤᠯᠭᠠᠵᠦ ᠬᠤᠪᠢᠷᠠᠭᠤᠯᠪᠠ᠃ ᠪᠢᠳᠠ ᠵᠠᠪᠠᠯ ᠰᠢ ᠶᠢᠨ ᠫᠢᠡᠭ ᠨᠦᠭᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠲᠤᠭᠤᠷᠢᠨ ᠳᠤ ᠨᠢᠬᠳᠠᠷᠠᠨ ᠪᠦᠯᠭᠦᠮᠳᠠᠵᠦ᠂ ᠶᠡᠷᠦᠩᠭᠡᠢ ᠰᠠᠶᠢᠳ ᠯᠢ ᠺᠧ ᠴᠢᠶᠠᠩ ᠤᠨ ᠬᠢᠭᠰᠡᠨ ︽ᠵᠠᠰᠠᠭ ᠤᠨ ᠤᠷᠳᠤᠨ ᠤ ᠠᠵᠢᠯ ᠤᠨ ᠢᠯᠡᠳᠭᠡᠯ︾ ᠢ ᠬᠦᠨᠵᠡᠭᠡᠢ ᠰᠤᠷᠤᠯᠴᠠᠨ ᠲᠤᠤᠱᠯᠠᠭᠤᠯᠵᠦ᠂ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠬᠤᠶᠠᠳᠤᠭᠠᠷ ᠪᠦᠭᠦᠳᠡ ᠬᠤᠷᠠᠯ ᠤᠨ ᠪᠠᠶᠢᠷᠢᠯᠠᠭᠤᠯᠤᠯᠳᠠ ᠱᠠᠭᠠᠷᠳᠠᠯᠭ᠎ᠠ ᠶᠤᠰᠤᠭᠠᠷ᠂ ᠬᠦᠴᠢᠷ ᠢ ᠳᠡᠰᠪᠦᠷᠢᠯᠡᠨ ᠪᠡᠷᠭᠡ ᠶᠢ ᠳᠠᠭᠠᠭᠠᠬᠤ᠂ ᠴᠤᠴᠠᠯᠳᠠ ᠦᠭᠡᠢ ᠤᠷᠤᠬᠰᠢᠯᠠᠬᠤ ᠮᠤᠩᠭᠤᠯ ᠮᠤᠷᠢᠨ ᠤ ᠵᠤᠷᠢᠭ ᠰᠠᠨᠠᠭ᠎ᠠ ᠶᠢ ᠶᠡᠭᠡᠪᠡᠷ ᠪᠠᠳᠠᠷᠠᠭᠤᠯᠵᠣ᠂ ᠦᠨᠡᠨᠭᠦ ᠠᠳᠬᠤᠨ ᠪᠤᠳᠠᠳᠠᠢ ᠠᠵᠢᠯᠯᠠᠵᠦ᠂ ᠰᠢᠷᠭᠠᠭᠤ ᠴᠢᠷᠮᠠᠶᠢᠨ ᠠᠵᠢᠯᠯᠠᠵᠦ᠂ ᠪᠤᠳᠠᠳᠠᠢ ᠲᠠᠢ ᠪᠠᠨ ᠤᠶᠠᠯᠳᠤᠭᠤᠯᠣᠨ ᠪᠦᠲᠦᠭᠡᠯᠴᠢ ᠪᠠᠷ ᠠᠵᠢᠯᠯᠠᠵᠦ᠂ ᠬᠠᠨᠴᠤᠢ ᠰᠢᠮᠠᠯᠠᠨ ᠴᠢᠷᠮᠠᠶᠢᠨ ᠠᠵᠢᠯᠯᠠᠵᠦ᠂ ᠪᠤᠳᠠᠳᠣ ᠠᠵᠢᠯ ᠢᠶᠠᠷ ᠢᠶᠠᠨ ᠦᠢᠯᠡᠰ ᠢᠶᠠᠨ ᠮᠠᠨᠳᠤᠭᠤᠯᠵᠦ᠂ ᠪᠤᠳᠠᠳᠣ ᠣᠴᠢᠷ ᠢᠶᠠᠷ ᠦᠭᠡ ᠬᠡᠯᠡᠵᠦ᠂ ᠦᠪᠤᠷ ᠮᠤᠩᠭᠤᠯ ᠤᠨ ᠢᠶᠠᠨ ᠡᠭᠡ ᠭᠠᠵᠠᠷ ᠲᠡᠭᠡᠷ᠎ᠠ ᠠᠮᠵᠢᠯᠳᠠ ᠪᠦᠲᠦᠮᠵᠢ ᠪᠠᠨ ᠪᠢᠴᠢᠭᠯᠡᠨ᠂ ᠤᠯᠨᠨ ᠲᠦᠮᠡᠨ ᠤ ᠪᠤᠶᠠᠨ ᠭᠡᠰᠢᠭ ᠳᠣᠮᠳᠠ ᠨᠠᠶᠢᠳᠠᠪᠤᠷᠢᠵᠢᠭᠤᠯᠵᠦ᠂ ᠰᠢᠯᠢᠳᠡᠭ ᠠᠮᠵᠢᠯᠳᠠ ᠪᠠᠷ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠠᠯᠳᠠ ᠲᠠᠢ ᠬᠤᠷᠠᠯᠳᠤᠬᠤ ᠶᠢ ᠤᠬᠳᠤᠵᠦ᠂ ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠭᠡᠯᠡᠭᠦ ᠬᠡᠷᠡᠭᠳᠡᠢ ᠬᠡᠪᠡ᠃      ᠪᠦ᠋ ᠰᠢᠶᠤᠤ ᠯᠢᠨ ᠲᠦᠯᠦᠭᠡᠯᠡᠭᠴᠢ ᠬᠡᠯᠡᠭᠰᠡᠨ ᠨᠢ᠂ ᠵᠠᠰᠠᠬ ᠤᠨ ᠤᠷᠳᠤᠨ ᠤ ᠠᠵᠢᠯ ᠤᠨ ᠢᠯᠡᠳᠭᠡᠯ ᠳᠤ ᠦᠨᠡᠨ ᠢ ᠪᠠᠷᠢᠮᠳᠠᠯᠠᠨ ᠪᠤᠳᠠᠳᠠᠢ ᠶᠢ ᠡᠷᠭᠢᠮᠯᠡᠭᠦ᠂ ᠦᠭᠡᠷᠡᠴᠢᠯᠠᠯᠳᠠ ᠬᠢᠵᠦ ᠰᠢᠨ᠎ᠠ ᠶᠢ ᠡᠭᠦᠳᠭᠦ ᠵᠤᠷᠢᠭ ᠰᠠᠨᠠᠭ᠎ᠠ ᠶᠢ ᠢᠯᠡᠷᠡᠭᠦᠯᠵᠦ᠂ 2016 ᠤᠨ ᠤ ᠠᠵᠢᠯ ᠢᠶᠠᠨ ᠪᠦᠬᠦ ᠳᠠᠯ᠎ᠠ ᠪᠠᠷ ᠪᠣᠰᠣᠳᠴᠢ ᠪᠠᠷ ᠳ᠋ᠦᠡᠭᠨᠡᠵᠦ᠂ ᠬᠦᠮᠦᠰ ᠢ ᠵᠣᠷᠢᠭᠵᠢᠭᠤᠯᠣᠨ᠎ᠠ︔ ᠡᠨᠡ ᠵᠢᠯ ᠤᠨ ᠠᠵᠢᠯ ᠢᠶᠠᠨ ᠪᠠᠶᠢᠷᠢᠯᠠᠭᠤᠯᠬᠤ ᠳᠠᠭᠠᠨ ᠲᠦᠪ ᠤᠨ ᠤᠯᠤᠰ ᠢ ᠵᠠᠰᠠᠵᠦ ᠵᠠᠰᠠᠬ ᠡᠷᠬᠢᠯᠡᠭᠦ ᠰᠢᠨ᠎ᠠ ᠣᠨᠣᠯᠵᠢᠬᠤᠨ ᠰᠢᠨ᠎ᠠ ᠦᠵᠡᠯ ᠰᠠᠨᠠᠭ᠎ᠠ ᠰᠢᠨ᠎ᠠ ᠪᠠᠶᠢᠯᠳᠤᠬᠤ ᠪᠤᠳᠤᠯᠭ᠎ᠠ ᠶᠢ ᠭᠦᠢᠴᠡᠳ ᠲᠤᠤᠱᠯᠠᠭᠤᠯᠵᠦ᠂ ᠪᠦᠭᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠤ ᠬᠠᠯᠠᠮᠵᠢᠯᠠᠯ ᠪᠠ ᠬᠦᠰᠡᠯ ᠳᠤ ᠬᠠᠷᠢᠭᠤᠯᠳᠠ ᠦᠭᠴᠤ᠂ ᠪᠠᠶᠢᠯᠳᠤᠬᠤ ᠪᠤᠳᠤᠯᠭ᠎ᠠ ᠶᠢᠨ ᠲᠤᠬᠳᠠᠯ ᠬᠦᠴᠦ ᠪᠠ ᠪᠠᠶᠢᠯᠳᠤᠬᠤ ᠪᠤᠳᠤᠯᠭ᠎ᠠ ᠶᠢᠨ ᠦᠪᠡᠷ ᠤᠨ ᠢᠳᠡᠭᠡᠯ ᠢ ᠢᠯᠡᠷᠡᠭᠦᠯᠪᠡ᠃ ᠪᠢᠳᠠ ᠤᠯᠤᠰ ᠲᠦᠷᠦ ᠪᠠ ᠪᠦᠭᠦ ᠲᠠᠯ᠎ᠠ ᠶᠢᠨ ᠦᠨᠳᠤᠷᠴᠡ ᠠᠴᠠ᠂ ᠲᠤᠬᠳᠠᠭᠤᠨ ᠤ ᠲᠤᠮᠳᠠ ᠤᠷᠤᠬᠰᠢᠯᠠᠨ ᠳᠠᠪᠰᠢᠬᠤ ᠠᠵᠢᠯ ᠤᠨ ᠶᠡᠷᠦᠩᠭᠡᠢ ᠬᠦᠭ ᠠᠶᠠᠰ ᠢ ᠬᠦᠨᠵᠡᠭᠡᠢ ᠣᠶᠢᠯᠠᠭᠠᠨ ᠤᠬᠠᠮᠰᠠᠷ ᠠᠴᠠ ᠪᠠᠨ ᠲᠤᠤᠱᠯᠠᠭᠤᠯᠵᠦ᠂ ᠬᠠᠨᠭ᠍ᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠳᠠᠢ ᠦᠭᠡᠷᠡᠴᠢᠯᠠᠯᠳᠠ ᠭᠡᠰᠡᠨ ᠡᠨᠡᠬᠦ ᠭᠤᠤᠯ ᠱᠤᠭᠤᠮ ᠢ ᠪᠠᠷᠢᠮᠳᠠᠯᠠᠵᠦ᠂ ᠰᠢᠨ᠎ᠠ ᠶᠢ ᠡᠭᠦᠳᠭᠦ ᠪᠠᠷ ᠪᠤᠳᠠᠳᠤ ᠴᠤᠬᠴᠠ ᠶᠢᠨ ᠠᠵᠦ ᠠᠬᠤᠢ ᠶᠢᠨ ᠬᠡᠯᠪᠡᠷᠢ ᠶᠢ ᠬᠤᠪᠢᠷᠠᠭᠤᠯᠣᠨ ᠲᠡᠰ ᠲᠡᠪᠰᠢᠭᠦᠯᠭᠦ ᠶᠢ ᠳᠠᠭᠠᠭᠤᠯᠬᠤ ᠶᠢ ᠪᠠᠷᠢᠮᠳᠠᠯᠠᠵᠦ᠂ ᠰᠢᠨ᠎ᠠ ᠪᠠᠷ ᠮᠠᠨᠳᠤᠵᠣ ᠪᠠᠶᠢᠭ᠎ᠠ ᠠᠵᠦ ᠦᠢᠯᠡᠰ ᠢ ᠬᠦᠴᠦᠷᠭᠡᠭᠵᠢᠭᠦᠯᠦᠨ ᠪᠣᠵᠠᠭᠠᠶᠢᠷᠠᠭᠤᠯᠵᠣ᠂ ᠤᠯᠠᠮᠵᠢᠯᠠᠯᠳᠤ ᠠᠵᠦ ᠦᠢᠯᠡᠰ ᠢ ᠦᠭᠡᠷᠡᠴᠢᠯᠠᠨ ᠲᠡᠰ ᠲᠡᠪᠰᠢᠭᠦᠯᠭᠦ ᠶᠢ ᠠᠬᠢᠭᠤᠯᠬᠤ ᠬᠡᠷᠡᠭᠳᠡᠢ᠃ ᠦᠭᠡᠷᠡᠴᠢᠯᠠᠯᠳᠠ ᠶᠢ ᠬᠦᠨᠵᠡᠭᠡᠶᠢᠷᠡᠭᠦᠯᠭᠦ ᠱᠠᠭᠠᠷᠳᠠᠯᠭ᠎ᠠ ᠶᠢ ᠡᠵᠡᠮᠰᠢᠵᠦ᠂ ᠵᠠᠰᠠᠬ ᠤᠨ ᠤᠷᠳᠤᠨ ᠤ ᠡᠭᠦᠷᠭᠡ ᠴᠢᠳᠠᠪᠭᠢ ᠶᠢ ᠴᠢᠨᠠᠬᠰᠢᠳᠠ ᠬᠤᠪᠢᠷᠠᠭᠤᠯᠵᠦ᠂ ᠬᠦᠭᠵᠢᠯᠳᠠ ᠶᠢᠨ ᠠᠮᠢᠵᠢᠷᠠᠯ ᠤᠨ ᠬᠦᠴᠦᠨ ᠢ ᠬᠦᠭᠵᠢᠭᠡᠭᠦ ᠬᠡᠷᠡᠭᠳᠡᠢ᠃ ︽ᠬᠦᠭᠡ ᠤᠰᠤ ᠬᠦᠭᠡᠮᠳᠦᠭ ᠠᠭᠤᠯᠠ ᠪᠤᠯ ᠲᠠᠷᠤᠢ ᠠᠯᠳᠠ ᠮᠦᠡᠭᠭᠦᠨ ᠠᠭᠤᠯᠠ ᠪᠣᠯᠬᠤ︾ ᠣᠨᠣᠯᠵᠢᠬᠤᠨ ᠢ ᠪᠠᠳᠤ ᠪᠠᠬᠢ ᠪᠣᠢ ᠪᠤᠯᠭᠠᠵᠦ᠂ ᠪᠤᠬᠢᠷᠳᠤᠯ ᠦᠭᠡᠢ ᠦᠪᠤᠷ ᠮᠤᠩᠭᠤᠯ ᠢ ᠪᠦᠲᠦᠭᠡᠨ ᠪᠠᠶᠢᠭᠤᠯᠬᠤ ᠬᠡᠷᠡᠭᠳᠡᠢ᠃ ᠶᠠᠳᠠᠭᠤ ᠠᠴᠠ ᠠᠩᠭᠢᠵᠢᠷᠠᠭᠤᠯᠵᠦ ᠪᠣᠭᠤᠮᠳᠠ ᠰᠢᠪᠳᠤᠯᠬᠤ ᠡᠷᠴᠢᠮ ᠢᠶᠠᠨ ᠴᠢᠩᠭᠠᠷᠠᠭᠤᠯᠵᠣ᠂ ᠶᠠᠳᠠᠭᠤ ᠬᠦᠴᠢᠷᠳᠠᠯ ᠲᠠᠢ ᠬᠦᠮᠦᠨ ᠠᠮᠠ ᠶᠢ ᠲᠤᠬᠳᠠᠭᠤᠨ ᠢᠶᠠᠷ ᠶᠠᠳᠠᠭᠤ ᠠᠴᠠ ᠨᠢ ᠠᠩᠭᠢᠵᠢᠷᠠᠭᠤᠯᠬᠤ ᠮᠦᠷᠳᠡᠭᠡᠨ ᠢᠳᠡᠭ ᠢᠳᠡᠭ ᠢᠶᠠᠷ ᠪᠠᠶᠠᠵᠢᠯ ᠤᠨ ᠵᠠᠮ ᠳᠤ ᠤᠷᠤᠭᠤᠯᠬᠤ ᠬᠡᠷᠡᠭᠳᠡᠢ᠃ ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠲᠤᠷᠰᠢᠭᠢ ᠦᠨᠳᠦᠰᠦᠳᠡᠨ ᠤ ᠪᠦᠯᠭᠦᠮᠳᠠᠯ ᠲᠠᠪᠰᠢᠯᠳᠠ ᠶᠢᠨ ᠡᠷᠭᠢᠮ ᠨᠠᠨᠳᠢᠨ ᠲᠤᠷᠰᠢᠯᠭ᠎ᠠ ᠶᠢ ᠪᠦᠭᠦ ᠲᠠᠯ᠎ᠠ ᠪᠠᠷ ᠳ᠋ᠦᠡᠭᠨᠡᠵᠦ᠂ ᠮᠠᠨ ᠤ ᠤᠯᠤᠰ ᠤᠨ ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠪᠠᠶᠢᠭᠤᠯᠣᠯ ᠤᠨ ᠯᠤᠳᠤ ᠶᠡᠭᠡ ᠲᠠᠪᠠᠭᠤᠯᠢᠭ ᠢ ᠭᠠᠶᠢᠬᠠᠭᠤᠯᠵᠣ᠂ ᠦᠨᠳᠦᠰᠦᠳᠡᠨ ᠨᠦᠭᠦᠳ ᠬᠠᠮᠳᠣᠪᠠᠷ ᠪᠦᠯᠭᠦᠮᠳᠠᠨ ᠲᠡᠮᠡᠴᠡᠵᠦ᠂ ᠬᠠᠮᠳᠤᠪᠠᠷ ᠴᠡᠴᠡᠭᠯᠡᠨ ᠬᠦᠭᠵᠢᠭᠰᠡᠨ ᠰᠢᠨ᠎ᠠ ᠪᠠᠶᠢᠳᠠᠯ ᠢ ᠨᠡᠭᠡᠭᠡᠭᠦ ᠬᠡᠷᠡᠭᠳᠡᠢ ᠭᠡᠵᠡᠢ᠃          ᠸᠠᠩ ᠯᠢ ᠰᠢᠶᠠ᠂ ᠸᠠᠩ ᠡᠯ ᠴᠢ᠂ ᠪᠤᠤ ᠮᠠᠨᠳᠠ᠂ ᠴᠢᠨ ᠢ᠂ ᠯᠢ ᠴᠦᠨ ᠯᠦᠡᠭ᠂ ᠰᠦᠸᠧ ᠱᠦ ᠬᠤᠢ᠂ ᠹᠸᠡᠭ ᠢᠤᠢ ᠵᠧᠨ᠂ ᠪᠠᠢ ᠰᠢᠶᠤᠤ ᠭᠤᠸᠠᠩ ᠵᠡᠷᠭᠡ ᠲᠦᠯᠦᠭᠡᠯᠡᠭᠴᠢ ᠤᠷᠢᠳ ᠬᠤᠵᠢᠳ ᠦᠭᠡ ᠬᠡᠯᠡᠵᠦ᠂ ᠶᠡᠷᠦᠩᠭᠡᠢ ᠰᠠᠶᠢᠳ ᠯᠢ ᠺᠧ ᠴᠢᠶᠠᠩ ᠤᠨ ᠬᠢᠭᠰᠡᠨ ᠵᠠᠰᠠᠬ ᠤᠨ ᠤᠷᠳᠤᠨ ᠤ ᠠᠵᠢᠯ ᠤᠨ ᠢᠯᠡᠳᠭᠡᠯ ᠢ ᠲᠡᠭᠡᠳᠤ ᠬᠡᠮᠵᠢᠶ᠎ᠠ ᠪᠠᠷ ᠦᠨᠡᠯᠡᠵᠦ᠂ ᠲᠤᠰ ᠢᠯᠡᠳᠭᠡᠯ ᠢ ᠪᠦᠷᠢᠮᠦᠰᠦᠨ ᠵᠦᠪᠰᠢᠶᠡᠷᠡᠨ᠎ᠠ ᠭᠡᠵᠦ ᠢᠯᠡᠷᠭᠡᠶᠢᠯᠡᠭᠰᠡᠨ ᠪᠦᠭᠡᠳ ᠦᠨᠳᠦᠰᠦᠳᠡᠨ ᠨᠦᠭᠦᠳ ᠪᠦᠯᠬᠦᠮᠳᠡᠨ ᠬᠦᠭᠵᠢᠬᠦ ᠶᠡᠭᠡ ᠳᠠᠯ᠎ᠠ ᠶᠢ ᠪᠠᠳᠤᠳᠬᠠᠬᠤ᠂ ᠮᠠᠯ ᠠᠵᠦ ᠠᠬᠤᠢ ᠲᠠᠷᠢᠶᠠᠯᠠᠩ ᠤᠨ ᠰᠢᠨᠵᠢᠯᠡᠭᠦ ᠤᠬᠠᠭᠠᠨ ᠮᠡᠷᠭᠡᠵᠢᠯ ᠤᠨ ᠰᠢᠨ᠎ᠠ ᠶᠢ ᠡᠭᠦᠳᠭᠦ ᠪᠠ ᠮᠠᠯᠵᠢᠬᠤ ᠳᠠᠷᠢᠶᠠᠯᠠᠬᠤ ᠤᠷᠤᠨ ᠤ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠳᠠ ᠶᠢ ᠴᠢᠩᠭᠠᠳᠬᠠᠬᠤ᠂ ︽ᠲᠤᠯᠤᠭᠠᠨ ᠲᠤᠤᠷ︾ ᠤᠨ ᠪᠠᠶᠢᠭᠤᠯᠤᠯᠳᠠ ᠶᠢ ᠠᠬᠢᠭᠤᠯᠬᠤ ᠂ ᠠᠮᠢ ᠠᠬᠤᠢ ᠶᠢᠨ ᠠᠮᠤᠷ ᠲᠦᠪᠰᠢᠨ ᠪᠠ ᠠᠮᠤᠷ ᠲᠦᠪᠰᠢᠨ ᠲᠤᠬᠳᠠᠭᠤᠨ ᠤ ︽ᠬᠤᠶᠠᠷ ᠬᠠᠯᠬᠠᠪᠴᠢ︾ ᠶᠢ ᠪᠠᠳᠣ ᠴᠣᠭᠴᠠᠯᠠᠬᠤ᠂ ᠬᠤᠪᠤᠷ ᠰᠢᠷᠤᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠡᠭᠢ ᠪᠠᠶᠠᠯᠢᠭ ᠢ ᠨᠡᠭᠡᠭᠡᠨ ᠬᠦᠭᠵᠢᠭᠦᠯᠵᠦ ᠨᠡᠶᠢᠳᠭᠡᠭᠦ ᠶᠢ ᠴᠢᠩᠭᠠᠷᠠᠭᠤᠯᠬᠤ᠂ ᠶᠠᠳᠠᠭᠤ ᠶᠢ ᠲᠡᠳᠭᠦᠨ ᠨᠡᠭᠡᠭᠡᠨ ᠬᠦᠭᠵᠢᠭᠦᠯᠭᠦ ᠲᠤᠳᠠᠭᠤᠳᠠᠯ ᠢ ᠰᠠᠶᠢᠳᠤᠷ ᠨᠦᠭᠦᠪᠦᠷᠢᠯᠡᠬᠦ᠂ ︽ᠨᠢᠭᠡ ᠪᠦᠰᠠ ᠨᠢᠭᠡ ᠵᠠᠮ︾ ᠤᠨ ᠪᠠᠶᠢᠯᠳᠤᠬᠤ ᠪᠤᠳᠤᠯᠭ᠎ᠠ ᠳᠤ ᠬᠦᠨᠵᠡᠭᠡᠢ ᠠᠭᠤᠰᠬᠤ᠂ ᠰᠢᠨ᠎ᠠ ᠶᠢ ᠡᠭᠦᠳᠭᠦ ᠪᠠᠷ ᠬᠦᠳᠡᠯᠭᠡᠭᠦᠷ ᠪᠤᠯᠭᠠᠬᠤ ᠪᠠᠶᠢᠯᠳᠤᠬᠤ ᠪᠤᠳᠤᠯᠭ᠎ᠠ ᠶᠢ ᠲᠦᠷᠭᠡᠳᠭᠡᠨ ᠬᠡᠷᠡᠭᠵᠢᠭᠦᠯᠭᠦ ᠵᠡᠷᠭᠡ ᠠᠳᠠᠯᠢ ᠪᠤᠰᠤ ᠶᠢᠨ ᠬᠠᠷᠠᠭᠠᠰᠣ ᠠᠴᠠ᠂ ᠵᠠᠰᠠᠬ ᠤᠨ ᠤᠷᠳᠤᠨ ᠤ ᠠᠵᠢᠯ ᠤᠨ ᠢᠯᠡᠳᠭᠡᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠳᠣᠬᠠᠢ ᠰᠠᠨᠠᠯ ᠰᠠᠨᠠᠭᠤᠯᠭ᠎ᠠ ᠪᠠᠨ ᠶᠠᠷᠢᠵᠠᠭᠠᠵᠠᠢ᠃      ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠭᠢᠮ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠤᠳᠤᠯᠬᠤ ᠲᠠᠰᠤᠬ᠂ ᠤᠯᠤᠰ ᠤᠨ ᠦᠭᠡᠷᠡᠴᠢᠯᠠᠯᠳᠠ ᠬᠦᠭᠵᠢᠭᠦᠯᠦᠯᠳᠡ ᠶᠢᠨ ᠵᠦᠪᠯᠡᠯ᠂ ᠡᠳ᠋ ᠤᠨ ᠵᠠᠰᠠᠬ ᠤᠨ ᠶᠠᠮᠤᠨ ᠂ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠬᠠᠮᠢᠶ᠎ᠠ ᠪᠦᠭᠦᠢ ᠨᠦᠭᠦᠳ ᠬᠤᠷᠠᠯ ᠳᠤ ᠤᠷᠤᠯᠴᠠᠵᠦ ᠬᠢᠨᠠᠨ ᠵᠦᠪᠯᠡᠭᠰᠡᠨ ᠰᠠᠨᠠᠯ ᠢ ᠰᠤᠨᠤᠰᠪᠠ᠃  
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号