ᠥᠪᠥᠷ ᠮᠣᠩᠭᠤᠯ ᠤᠨ ᠲᠦᠯᠦᠭᠡᠯᠡᠭᠴᠢᠳ ᠤᠨ ᠪᠦᠯᠬᠦᠮ ᠵᠠᠭᠤᠴᠢᠯᠠᠭᠤᠷ ᠲᠤ ᠨᠡᠭᠡᠭᠡᠯᠳᠡ ᠬᠢᠵᠦ ᠰᠦᠷᠯᠢᠭ ᠦᠵᠡᠮᠵᠢᠳᠤ ᠦᠪᠦᠷ ᠮᠣᠩᠭᠤᠯ ᠦᠵᠡᠰᠭᠦᠯᠡᠩᠳᠦ ᠰᠠᠶᠢᠬᠠᠨ ᠦᠵᠡᠮᠵᠢ ᠶᠢᠨ ᠣᠷᠣᠨ ᠰᠣᠷᠪᠣᠯᠵᠢᠯᠠᠭᠴᠢᠳ ᠎ ᠤᠨ ᠠᠩᠬᠠᠷᠣᠯ ᠢ ᠶᠡᠬᠡᠪᠡᠷ ᠳᠠᠳᠠᠯ᠎ᠠ
ᠨᠡᠶᠢᠲᠡᠯᠡᠭᠰᠡᠨ ᠴᠠᠭ᠄
2017/3/7
   
    ᠲᠦᠯᠦᠭᠡᠯᠡᠭᠴᠢᠳ ᠤᠨ ᠪᠦᠯᠬᠦᠮ ᠤᠨ ᠳᠠᠷᠤᠭ᠎ᠠ ᠯᠢ ᠵᠢᠢ ᠾᠧᠩ ᠬᠢᠨᠠᠨ ᠵᠦᠪᠯᠡᠬᠦ ᠳᠤ ᠣᠷᠣᠯᠴᠠᠵᠣ ᠪᠠᠶᠢᠭ᠎ᠠ ᠎ ᠨᠢ
    ᠲᠦᠯᠦᠭᠡᠯᠡᠭᠴᠢᠳ ᠤᠨ ᠪᠦᠯᠬᠦᠮ ᠤᠨ ᠳᠡᠳ᠋ ᠳᠠᠷᠤᠭ᠎ᠠ ᠪᠦ᠋ ᠰᠢᠶᠣᠣ ᠯᠢᠨ ᠬᠤᠷᠠᠯ ᠡᠷᠬᠢᠯᠡᠵᠣ ᠪᠠᠶᠢᠭ᠎ᠠ ᠨᠢ     3 ᠳ᠋ᠤᠭᠠᠷ ᠰᠠᠷ᠎ᠠ ᠶᠢᠨ 6᠎ ᠤ ᠦᠳᠡ ᠶᠢᠨ ᠬᠤᠶᠢᠨ᠎ᠠ᠂ ᠠᠷᠪᠠᠨ ᠬᠤᠶᠠᠳᠣᠭᠠᠷ ᠬᠤᠭᠤᠴᠠᠭᠠᠨ ᠤ ᠪᠦᠬᠦ ᠣᠯᠣᠰ ᠎ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠳᠠᠪᠣᠳᠣᠭᠠᠷ ᠬᠤᠷᠠᠯ ᠳᠤ ᠣᠷᠣᠯᠴᠠᠵᠣ ᠪᠠᠶᠢᠭ᠎ᠠ ᠦᠪᠦᠷ ᠮᠣᠩᠭᠤᠯ ᠤᠨ ᠲᠦᠯᠦᠭᠡᠯᠡᠭᠴᠢᠳ ᠤᠨ ᠪᠦᠯᠬᠦᠮ ᠪᠦᠬᠦᠳᠡ ᠬᠤᠷᠠᠯ ᠬᠢᠵᠦ᠂ ᠦᠷᠬᠦᠯᠵᠢᠯᠡᠨ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠢ ᠬᠢᠨᠠᠨ ᠵᠦᠪᠯᠡᠪᠡ᠃      ᠲᠦᠯᠦᠭᠡᠯᠡᠭᠴᠢᠳ ᠤᠨ ᠪᠦᠯᠬᠦᠮ ᠤᠨ ᠳᠠᠷᠤᠭ᠎ᠠ ᠯᠢ ᠵᠢᠢ ᠾᠧᠩ ᠬᠢᠨᠠᠨ ᠵᠦᠪᠯᠡᠬᠦ ᠳᠤ ᠣᠷᠣᠯᠴᠠᠵᠣ᠂ ᠲᠦᠯᠦᠭᠡᠯᠡᠭᠴᠢᠳ ᠤᠨ ᠪᠦᠯᠬᠦᠮ ᠤᠨ ᠳᠡᠳ᠋ ᠳᠠᠷᠤᠭ᠎ᠠ ᠪᠦ᠋ ᠰᠢᠶᠣᠣ ᠯᠢᠨ ᠬᠤᠷᠠᠯ ᠡᠷᠬᠢᠯᠡᠪᠡ᠃      ᠲᠦᠷᠦ ᠶᠢᠨ ᠶᠠᠪᠣᠳᠠᠯ  ᠤᠨ ᠬᠤᠷᠢᠶ᠎ᠠ ᠶᠢᠨ ᠠᠯᠪᠠᠨ ᠲᠢᠩᠬᠢᠮ᠂ ᠣᠯᠣᠰ ᠤᠨ ᠬᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ᠂ ᠡᠳ᠋ ᠤᠨ ᠵᠠᠰᠠᠭ ᠤᠨ ᠶᠠᠮᠣᠨ ᠤ ᠬᠠᠮᠢᠶ᠎ᠠ ᠪᠦᠬᠦᠢ ᠬᠦᠮᠦᠰ ᠬᠤᠷᠠᠯ ᠳᠤ ᠣᠷᠣᠯᠴᠠᠵᠣ ᠬᠢᠨᠠᠨ ᠵᠦᠪᠯᠡᠭᠰᠡᠨ ᠰᠠᠨᠠᠯ ᠢ ᠰᠣᠨᠣᠰᠪᠠ᠃ ᠡᠨᠡ ᠣᠳᠠᠭ᠎ᠠ ᠶᠢᠨ ᠬᠢᠨᠠᠨ ᠵᠦᠪᠯᠡᠬᠦ ᠬᠤᠷᠠᠯ ᠢ ᠣᠯᠣᠰ ᠤᠨ ᠳᠣᠳᠣᠭᠠᠳᠣ ᠭᠠᠳᠠᠭᠠᠳᠣ ᠶᠢᠨ ᠰᠣᠷᠪᠣᠯᠵᠢᠯᠠᠭᠴᠢᠳ ᠲᠤ ᠨᠡᠭᠡᠭᠡᠯᠳᠡ ᠬᠢᠵᠦ᠂ ᠣᠯᠣᠰ ᠤᠨ ᠳᠣᠳᠣᠭᠠᠳᠣ ᠭᠠᠳᠠᠭᠠᠳᠣ ᠶᠢᠨ 30 ᠭᠠᠷᠣᠢ ᠵᠠᠭᠤᠴᠢᠯᠠᠭᠤᠷ ᠤᠨ 70 ᠭᠠᠷᠣᠢ ᠰᠣᠷᠪᠣᠯᠵᠢᠯᠠᠭᠴᠢ ᠬᠤᠷᠠᠯ ᠤᠨ ᠳᠠᠯᠠᠪᠠᠢ ᠳᠤ ᠢᠷᠡᠵᠦ ᠰᠣᠯᠠ ᠰᠣᠨᠣᠰᠬᠤ ᠶᠢᠨ ᠬᠠᠮᠳᠣ ᠭᠦᠨᠵᠡᠭᠡᠢ ᠰᠣᠷᠪᠣᠯᠵᠢᠯᠠᠪᠠ᠃      ᠯᠢ ᠵᠢᠢ ᠾᠧᠩ᠂ ᠪᠦ᠋ ᠰᠢᠶᠣᠣ ᠯᠢᠨ ᠵᠡᠷᠭᠡ ᠲᠦᠯᠦᠭᠡᠯᠡᠭᠴᠢ ᠳᠣᠬᠠᠢ ᠶᠢᠨ ᠳᠠᠯᠠᠪᠠᠢ ᠳᠤ ᠰᠣᠷᠪᠣᠯᠵᠢᠯᠠᠭᠴᠢ ᠶᠢᠨ ᠠᠰᠠᠭᠤᠯᠳᠠ ᠶᠢ ᠬᠠᠷᠢᠭᠤᠯᠪᠠ᠃ ᠴᠠᠩ ᠵᠢᠶᠶᠦ᠋ᠨ ᠵᠧᠩ᠂ ᠪᠣᠣ ᠮᠠᠨᠳᠠ᠂ ᠯᠦᠸᠧ ᠬᠠᠶᠢᠳᠠᠩ᠂ ᠵᠠᠩ ᠯᠢ ᠫᠢᠩ᠂ᠳ᠋ᠣᠸᠠᠨ ᡁᠢ ᠴᠢᠶᠠᠩ᠂ ᠹᠸᠢ ᠳ᠋ᠦᠩ ᠪᠢᠨ᠂ ᠵᠠᠩ ᠰᠢᠣᠸᠠᠢ ᠴᠢᠨ᠂ ᠰᠧ ᠶᠠᠨ ᠬᠤᠸᠠ᠂ ᠮᠠ ᠷᠦᠢ ᠴᠢᠶᠠᠩ᠂ ᠹᠦ᠋ ᠶᠦᠩ ᠴᠦᠨ ᠵᠡᠷᠭᠡ ᠲᠦᠯᠦᠭᠡᠯᠡᠭᠴᠢ ᠣᠷᠢᠳ ᠬᠤᠵᠢᠳ ᠦᠭᠡ ᠬᠡᠯᠡᠵᠦ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠢ ᠬᠢᠨᠠᠨ ᠵᠦᠪᠯᠡᠪᠡ᠃ ᠳᠡᠳᠡ ᠰᠠᠨᠠᠯ ᠨᠢᠭᠡᠳᠡᠢ ᠦᠵᠡᠭᠰᠡᠨ ᠨᠢ᠂ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠠᠷᠠᠳ ᠣᠯᠠᠨ ᠤ ᠠᠩᠬᠠᠷᠣᠨ ᠬᠠᠯᠠᠮᠵᠢᠯᠠᠵᠣ ᠪᠠᠶᠢᠭ᠎ᠠ ᠠᠰᠠᠭᠤᠳᠠᠯ ᠳᠤ ᠬᠠᠷᠢᠭᠤᠯᠳᠠ ᠦᠭᠴᠦ᠂ ᠳᠣᠭᠳᠠᠭᠠᠭᠰᠠᠨ ᠬᠠᠷᠠᠯᠳᠠ ᠡᠭᠦᠷᠭᠡ ᠨᠢ ᠪᠣᠳᠠᠳᠠᠢ ᠲᠠᠢ ᠨᠡᠶᠢᠴᠡᠵᠦ᠂ ᠬᠡᠷᠡᠭᠵᠢᠭᠦᠯᠦᠬᠦᠰᠢᠳᠡᠢ ᠴᠢᠨᠠᠷ ᠢᠶᠠᠷ ᠴᠢᠩᠭ᠎ᠠ ᠪᠠᠶᠢᠵᠤ᠂ ᠨᠢᠭᠡ ᠬᠤᠪᠢ ᠦᠨᠡᠨ ᠢ ᠪᠠᠷᠢᠮᠳᠠᠯᠠᠨ ᠪᠣᠳᠠᠳᠠᠢ ᠶᠢ ᠡᠷᠬᠢᠮᠯᠡᠭᠰᠡᠨ᠂ ᠬᠦᠮᠦᠰ ᠢ ᠵᠣᠷᠢᠭᠵᠢᠭᠤᠯᠣᠨ ᠣᠷᠣᠭᠰᠢᠯᠠᠭᠤᠯᠬᠤ ᠰᠠᠶᠢᠨ ᠢᠯᠡᠳᠭᠡᠯ ᠪᠣᠯᠵᠠᠢ ᠭᠡᠪᠠ᠃ ᠳᠡᠳᠡᠨᠠᠷ ᠬᠠᠩᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠠᠬᠢᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠣᠯᠬᠤ᠂ ᠶᠡᠭᠡ ᠬᠢᠩᠭᠠᠨ ᠳᠠᠪᠠᠭ᠎ᠠ ᠶᠢᠨ ᠣᠯᠣᠰ ᠤᠨ ᠦᠮᠴᠢᠯᠡᠯ ᠤᠨ ᠰᠢᠭᠤᠶᠢᠳᠣ ᠣᠷᠣᠨ ᠤ ᠦᠭᠡᠷᠡᠴᠢᠯᠡᠯᠳᠡ᠂ ᠰᠢᠭᠤᠶᠢᠳᠣ ᠣᠷᠣᠨ ᠎ ᠤ ᠰᠠᠭᠤᠷᠢ ᠲᠦᠬᠦᠭᠡᠷᠦᠮᠵᠢ ᠳᠠᠬᠢ ᠪᠡᠯᠡ ᠣᠷᠣᠭᠤᠯᠣᠯᠳᠠ ᠶᠢ ᠨᠡᠮᠡᠭᠳᠡᠭᠦᠯᠬᠦ᠂ ᠮᠣᠩᠭᠤᠯ ᠡᠮ ᠡᠮᠨᠡᠯᠭᠡ ᠶᠢᠨ ᠠᠵᠣ ᠦᠢᠯᠡᠰ ᠤᠨ ᠬᠦᠭᠵᠢᠯᠳᠡ ᠶᠢ ᠲᠦᠷᠭᠡᠳᠭᠡᠬᠦ᠂ ᠦᠪᠦᠷ ᠮᠣᠩᠭᠤᠯ ᠤᠨ ᠮᠠᠯ ᠠᠵᠣ ᠠᠬᠤᠢ ᠳᠠᠷᠢᠶᠠᠯᠠᠩ ᠤᠨ ᠦᠷᠢᠰᠦᠯᠳᠦᠬᠦ ᠬᠦᠴᠦᠨ ᠢ ᠳᠡᠭᠡᠭᠰᠢᠯᠡᠭᠦᠯᠬᠦ᠂ ᠳᠣᠮᠳᠠᠳᠣ ᠣᠯᠣᠰ ᠤᠨ ᠣᠨᠴᠠᠯᠢᠭ ᠲᠠᠢ ᠨᠡᠶᠢᠭᠡᠮ ᠵᠢᠷᠣᠮ ᠤᠨ ᠳᠡᠭᠡᠳᠦ ᠰᠣᠷᠭᠠᠭᠤᠯᠢ ᠶᠢ ᠰᠠᠶᠢᠳᠣᠷ ᠡᠷᠬᠢᠯᠡᠬᠦ ᠵᠡᠷᠭᠡ ᠠᠭᠤᠯᠭ᠎ᠠ ᠪᠠᠷ ᠰᠠᠨᠠᠯ ᠰᠠᠨᠠᠭᠤᠯᠭ᠎ᠠ ᠳᠣᠷᠠᠳᠴᠠᠢ᠃      ᠰᠦᠷᠯᠢᠭ ᠦᠵᠡᠮᠵᠢᠳᠤ ᠦᠪᠦᠷ ᠮᠤᠩᠭᠤᠯ ᠦᠵᠡᠰᠬᠦᠯᠡᠩᠳᠤ ᠰᠠᠶᠢᠬᠠᠨ ᠦᠵᠡᠮᠵᠢ ᠶᠢᠨ ᠤᠷᠤᠨ ᠤᠯᠤᠰ ᠤᠨ ᠲᠤᠳᠤᠭᠠᠳᠤ ᠭᠠᠳᠠᠭᠠᠳᠤ ᠶᠢᠨ ᠰᠤᠷᠪᠤᠯᠵᠢᠯᠠᠬᠴᠢᠳ ᠤᠨ ᠠᠩᠬᠠᠷᠤᠯ ᠢ ᠶᠡᠬᠡᠪᠡᠷ ᠲᠠᠳᠠᠯ᠎ᠠ᠃ ᠬᠡᠳᠦᠶᠢᠪᠡᠷ ᠬᠢᠨᠠᠨ ᠵᠦᠪᠯᠡᠬᠦ ᠬᠤᠷᠠᠯ ᠦᠳᠡ ᠶᠢᠨ ᠬᠤᠶᠢᠨᠠᠬᠢ 3 ᠴᠠᠭ ᠲᠤ ᠡᠬᠢᠯᠡᠭᠰᠡᠨ ᠴᠤ᠂ ᠦᠳᠡ ᠶᠢᠨ ᠬᠤᠶᠢᠨᠠᠬᠢ 2 ᠴᠠᠬ ᠪᠤᠯᠤᠭ᠎ᠠ ᠦᠬᠡᠢ ᠪᠠᠷ ᠰᠤᠷᠪᠤᠯᠵᠢᠯᠠᠬᠴᠢᠳ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠬᠤᠷᠠᠯ ᠤᠨ ᠲᠠᠯᠠᠪᠠᠢ ᠳᠤ ᠬᠦᠷᠦᠯᠴᠡᠨ ᠢᠷᠡᠵᠡᠬᠡᠵᠦ᠂ ᠦᠪᠦᠷ ᠮᠤᠩᠭᠤᠯ ᠤᠨ ᠬᠠᠮᠢᠶ᠎ᠠ ᠲᠠᠢ ᠬᠠᠮᠤᠬ ᠤᠨ ᠰᠢᠨ᠎ᠠ ᠮᠡᠳᠡᠭᠡ ᠵᠠᠩᠬᠢ ᠶᠢ ᠠᠯᠢ ᠲᠦᠷᠭᠡᠨ ᠤᠶᠢᠯᠠᠭᠠᠬᠤ ᠪᠠᠷ ᠶᠠᠭᠠᠷᠠᠯᠳᠤᠨ᠎ᠠ᠃ ︽ᠠᠷᠠᠳ ᠤᠨ ᠡᠳᠦᠷ ᠤᠨ ᠰᠤᠨᠢᠨ︾᠂ ᠰᠢᠨᠬᠤᠸᠠ ᠬᠤᠷᠢᠶ᠎ᠠ᠂ ᠲᠦᠪ ᠤᠨ ᠠᠷᠠᠳ ᠤᠨ ᠷᠠᠳᠢᠣ᠋ ᠨᠡᠪᠲᠡᠷᠡᠬᠦᠯᠬᠡ ᠶᠢᠨ ᠬᠤᠷᠢᠶ᠎ᠠ᠂ ᠲᠦᠪ ᠤᠨ ᠲᠧᠯᠧᠢᠰ ᠬᠤᠷᠢᠶ᠎ᠠ᠂ ᠲᠤᠮᠳᠠᠳᠤ ᠤᠯᠤᠰ ᠤᠨ ᠰᠤᠨᠢᠨ ᠮᠡᠳᠡᠭᠡ ᠶᠢᠨ ᠬᠤᠷᠢᠶ᠎ᠠ᠂ ︽ᠭᠤᠸᠠᠩᠮᠢᠩ ᠡᠳᠦᠷ ᠤᠨ ᠰᠤᠨᠢᠨ︾᠂ ︽ᠠᠵᠦ ᠠᠬᠤᠢ ᠶᠢᠨ ᠡᠳᠦᠷ ᠤᠨ ᠰᠤᠨᠢᠨ︾᠂ ᠭᠠᠷᠣᠳᠢ ᠤᠳᠤᠨ ᠲᠧᠯᠧᠢᠰ᠂ ︽ᠨᠠᠨ ᠬᠤᠸᠠ ᠦᠷᠯᠦᠬᠡ ᠶᠢᠨ ᠰᠤᠨᠢᠨ︾᠂ ᠰᠢᠶᠠᠩᠭᠠᠩ ᠤᠨ ᠳ᠋ᠠᠬᠦ᠋ᠩ ᠸᠧᠨ ᠾᠦᠢ ᠵᠠᠭᠤᠴᠢᠯᠠᠭᠤᠷ ᠤᠨ ᠪᠦᠯᠦᠭᠯᠡᠯ᠂ ᠲᠤᠮᠳᠠᠳᠤ ᠤᠯᠤᠰ ᠤᠨ ᠵᠤᠭᠠᠴᠠᠯ ᠪᠣᠯᠣᠨ ᠠᠵᠦ ᠠᠬᠤᠢ ᠶᠢᠨ ᠲᠧᠯᠸᠢᠰ ᠬᠤᠷᠢᠶ᠎ᠠ ᠬᠢᠬᠡᠳ ᠠᠮᠧᠷᠢᠺᠠ ᠶᠢᠨ ᠫᠧᠩ ᠪᠦᠸᠧ ᠰᠤᠨᠢᠨ ᠮᠡᠳᠡᠭᠡ ᠶᠢᠨ ᠬᠤᠷᠢᠶ᠎ᠠ᠂ ᠠᠩᠭ᠍ᠯᠢ ᠶᠢᠨ ᠷᠦᠲ᠋ᠧᠷ ᠬᠤᠷᠢᠶ᠎ᠠ᠂ ᠠᠩᠭ᠍ᠯᠢ ᠶᠢᠨ ᠠᠵᠦ ᠠᠬᠤᠢ ᠶᠢᠨ ᠤᠬᠠᠭᠠᠨᠳᠠᠨ ᠤ ᠭᠠᠷᠠᠬ ᠤᠨ ᠰᠡᠳᠬᠦᠯ᠂ ᠶᠠᠫᠤᠨ ᠎ ᠤ ᠬᠦᠩᠲ᠋ᠦ᠋ᠩ ᠬᠤᠷᠢᠶ᠎ᠠ ᠵᠡᠷᠬᠡ ᠤᠯᠤᠰ ᠤᠨ ᠲᠤᠳᠤᠭᠠᠳᠤ ᠭᠠᠳᠠᠭᠠᠳᠤ ᠶᠢᠨ ᠵᠠᠭᠤᠴᠢᠯᠠᠭᠤᠷ ᠤᠨ ᠰᠤᠷᠪᠤᠯᠵᠢᠯᠠᠬᠴᠢᠳ ᠦᠪᠦᠷ ᠮᠤᠩᠭᠤᠯ ᠤᠨ ᠡᠬᠡ ᠤᠯᠤᠰ ᠤᠨ ᠤᠮᠠᠷᠠᠳᠤ ᠶᠢᠨ ᠦᠵᠡᠰᠬᠦᠯᠡᠩᠳᠤ ᠰᠠᠶᠢᠬᠠᠨ ᠦᠵᠡᠮᠵᠢ ᠶᠢᠨ ᠤᠷᠤᠨ ᠤ ᠪᠦᠲᠦᠬᠡᠨ ᠪᠠᠶᠢᠭᠤᠯᠣᠯᠳᠠ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠰᠡᠨ ᠬᠦᠭᠵᠢᠯᠳᠡ᠂ ᠪᠦᠬᠦᠶᠢᠯᠡ ᠤᠷᠤᠨ ᠪᠦᠰᠡ ᠶᠢᠨ ᠵᠤᠭᠠᠴᠠᠯ᠂ ᠲᠦᠷᠪᠡᠨ ᠤᠯᠠᠷᠢᠯ ᠤᠨ ᠵᠤᠭᠠᠴᠠᠯ ᠵᠡᠷᠬᠡ ᠳᠤ ᠮᠠᠰᠢ ᠰᠤᠨᠢᠷᠬᠠᠯ ᠲᠦᠷᠦᠵᠦ᠂ ᠶᠠᠪᠣᠬᠤ ᠳᠣᠳᠣᠮ ᠢᠶᠠᠨ ᠨᠡᠬᠡᠬᠡᠯᠳᠡ ᠬᠢᠵᠦ ᠪᠠᠶᠢᠭ᠎ᠠ ᠥᠪᠥᠷ ᠮᠤᠩᠭᠤᠯ ᠲᠡᠯᠡᠬᠡᠢ ᠶᠢᠨ ᠬᠠᠷᠠᠭ᠎ᠠ ᠶᠢ ᠪᠤᠯᠢᠶᠠᠯ᠎ᠠ᠃      ᠲᠤᠬᠠᠢ ᠶᠢᠨ ᠲᠠᠯᠠᠪᠠᠢ ᠳᠤ ᠠᠰᠠᠭᠤᠯᠳᠠ ᠳᠣᠷᠠᠳᠬᠤ ᠭᠤᠬᠴᠤᠭ᠎ᠠ ᠳᠤ ᠤᠷᠤᠬᠰᠠᠨ ᠤ ᠲᠠᠷᠠᠭ᠎ᠠ᠂ ᠰᠤᠷᠪᠤᠯᠵᠢᠯᠠᠬᠴᠢᠳ ᠨᠡᠶᠢᠬᠡᠮ ᠨᠡᠶᠢᠳᠡ ᠶᠢᠨ ᠨᠡᠶᠢᠳᠡᠮ ᠠᠩᠬᠠᠷᠴᠤ ᠪᠠᠶᠢᠭ᠎ᠠ ᠠᠰᠠᠭᠤᠳᠠᠯ ᠤᠨ ᠲᠤᠬᠠᠢ ᠤᠷᠢᠳ ᠬᠤᠵᠢᠳ ᠠᠰᠠᠭᠤᠯᠳᠠ ᠳᠣᠷᠠᠳᠪᠠ᠃ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶ᠎ᠠ ᠶᠢᠨ ᠵᠤᠷᠢᠬ ᠰᠠᠨᠠᠭ᠎ᠠ ᠶᠢ ᠳᠣᠣᠱᠯᠠᠭᠤᠯᠣᠨ ᠨᠠᠶᠢᠳᠠᠪᠣᠷᠢᠵᠢᠭᠤᠯᠵᠣ᠂ ᠡᠬᠡ ᠤᠯᠤᠰ ᠤᠨ ᠤᠮᠠᠷᠠᠳᠤ ᠶᠢᠨ ᠦᠵᠡᠰᠬᠦᠯᠡᠩᠳᠤ ᠰᠠᠶᠢᠬᠠᠨ ᠦᠵᠡᠮᠵᠢ ᠶᠢᠨ ᠤᠷᠤᠨ ᠢ ᠴᠤᠭᠴᠠᠯᠠᠵᠤ ᠪᠠᠶᠢᠭ᠎ᠠ ᠰᠢᠨ᠎ᠠ ᠪᠠᠶᠢᠷᠢᠯᠠᠭᠤᠯᠤᠯᠳᠠ᠂ ᠠᠵᠦ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠦᠭᠰᠡᠨ ᠰᠢᠨ᠎ᠠ ᠠᠬᠢᠴᠠ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠬᠰᠠᠨ ᠰᠢᠨ᠎ᠠ ᠠᠷᠭ᠎ᠠ ᠬᠡᠮᠵᠢᠶ᠎ᠡ᠂ ᠡᠬᠡ ᠤᠯᠤᠰ ᠤᠨ ᠤᠮᠠᠷᠠᠳᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠴᠣᠭᠴᠠᠯᠠᠭᠰᠠᠨ ᠰᠢᠨ᠎ᠠ ᠠᠷᠭ᠎ᠠ ᠬᠢᠳᠡᠯ᠂ ᠤᠯᠤᠰ ᠤᠨ ᠲᠤᠳᠤᠭᠠᠳᠤ ᠭᠠᠳᠠᠭᠠᠳᠤ ᠳᠤ ᠠᠯᠳᠠᠷᠳᠠᠢ ᠵᠤᠭᠠᠴᠠᠯ ᠤᠨ ᠬᠠᠷᠠᠯᠳᠠᠳᠤ ᠭᠠᠵᠠᠷ ᠢ ᠪᠦᠲᠦᠬᠡᠨ ᠪᠠᠶᠢᠭᠤᠯᠬᠤ ᠰᠢᠨ᠎ᠠ ᠰᠡᠳᠬᠢᠴᠡ᠂ ᠠᠶᠤᠯᠬᠦᠢ ᠦᠢᠯᠡᠳᠪᠦᠷᠢᠯᠡᠯ ᠢ ᠴᠢᠩᠭᠠᠳᠬᠠᠬᠰᠠᠨ ᠠᠷᠭ᠎ᠠ ᠬᠡᠮᠵᠢᠶ᠎ᠡ ᠪᠠ ᠦᠷ᠎ᠠ ᠪᠦᠲᠦᠮᠵᠢ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠠᠮᠠᠯᠠᠯᠳᠠ ᠪᠠᠨ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠬᠡ ᠠᠭᠤᠯᠭ᠎ᠠ ᠨᠢ ᠪᠦᠷ ᠰᠤᠷᠪᠤᠯᠵᠢᠯᠠᠬᠴᠢᠳ ᠤᠨ ᠠᠩᠬᠠᠷᠴᠣ ᠪᠠᠶᠢᠭ᠎ᠠ ᠰᠡᠳᠦᠪ ᠪᠤᠯᠵᠠᠢ᠃ ᠯᠢ ᠵᠢᠢ ᠾᠸᠡᠭ᠂ ᠪᠦ᠋ ᠰᠢᠶᠤᠤ ᠯᠢᠨ᠂ ᠴᠠᠩ ᠵᠢᠶᠦ᠋ᠨ ᠵᠸᠡᠭ᠂ ᠴᠢᠨ ᠢ᠂ ᠵᠠᠩ ᠯᠢ ᠫᠢᠡᠭ᠂ ᠹᠸᠢ ᠳᠦᠡᠭ ᠪᠢᠨ ᠵᠡᠷᠭᠡ ᠲᠦᠯᠦᠭᠡᠯᠡᠭᠴᠢ ᠰᠣᠷᠪᠣᠯᠵᠢᠯᠠᠭᠴᠢᠳ ᠤᠨ ᠳᠣᠷᠠᠳᠣᠭᠰᠠᠨ ᠠᠰᠠᠭᠤᠯᠳᠠ ᠳᠤ ᠨᠢᠭᠡᠳ ᠨᠢᠭᠡ ᠪᠠᠷ ᠬᠠᠷᠢᠭᠤᠯᠳᠠ ᠦᠭᠴᠤ᠂ ᠣᠯᠣᠰ ᠤᠨ ᠳᠣᠳᠣᠭᠠᠳᠣ ᠭᠠᠳᠠᠭᠠᠳᠤ ᠶᠢᠨ ᠵᠠᠭᠤᠴᠢᠯᠠᠭᠤᠷ ᠤᠨ ᠰᠣᠷᠪᠣᠯᠵᠢᠯᠠᠭᠴᠢᠳ ᠲᠤ ᠦᠪᠤᠷ ᠮᠤᠩᠭᠤᠯ ᠤᠨ ᠪᠦᠯᠭᠦᠮᠳᠡᠨ ᠲᠡᠮᠡᠴᠡᠵᠦ᠂ ᠦᠭᠡᠷᠡᠴᠢᠯᠠᠯᠳᠠ ᠬᠢᠵᠦ ᠰᠢᠨ᠎ᠠ ᠶᠢ ᠡᠭᠦᠳᠦᠨ᠂ ᠠᠵᠦ ᠠᠬᠤᠢ ᠨᠡᠶᠢᠭᠡᠮ ᠤᠨ ᠡᠯ᠎ᠠ ᠵᠦᠢᠯ ᠤᠨ ᠦᠢᠯᠡᠰ ᠢᠶᠠᠨ ᠦᠷᠭᠦᠯᠵᠢᠯᠠᠨ ᠡᠷᠡᠭᠦᠯ ᠢᠶᠠᠷ ᠬᠦᠭᠵᠢᠭᠦᠯᠵᠦ ᠪᠠᠶᠢᠭ᠎ᠠ ᠳᠦᠷᠰᠦ ᠪᠠᠶᠢᠳᠠᠯ ᠢᠶᠠᠨ ᠦᠵᠡᠭᠦᠯᠪᠠ᠃
     3 ᠳ᠋ᠤᠭᠠᠷ ᠰᠠᠷ᠎ᠠ ᠶᠢᠨ 6᠎ ᠤ ᠡᠳᠦᠷ ᠤᠨ ᠦᠳᠡ ᠶᠢᠨ ᠬᠤᠶᠢᠨ᠎ᠠ᠂ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠳᠤ ᠣᠷᠣᠯᠴᠠᠭᠰᠠᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠪᠥᠬᠦ ᠪᠦᠯᠬᠦᠮ ᠤᠨ ᠬᠤᠷᠠᠯ ᠬᠢᠪᠠ᠃ ᠲᠤᠰ ᠤᠳᠠᠭᠠᠨ ᠤ ᠬᠤᠷᠠᠯᠳᠤᠭᠠᠨ ᠳᠤ ᠳᠤᠮᠳᠠᠳᠤ ᠭᠠᠳᠠᠭᠠᠳᠤ ᠶᠢᠨ ᠵᠠᠭᠤᠴᠢᠯᠠᠭᠤᠷ ᠲᠤ ᠨᠡᠭᠡᠭᠡᠯᠲᠡ ᠬᠢᠬᠦ᠂ ᠤᠯᠤᠰ ᠤᠨ ᠳᠣᠲᠣᠭᠠᠳᠤ ᠭᠠᠳᠠᠭᠠᠳᠤ ᠶᠢᠨ 30 ᠳᠤᠮᠳᠠᠳᠤ ᠭᠠᠳᠠᠭᠠᠳᠤ ᠶᠢᠨ ᠵᠠᠭᠤᠴᠢᠯᠠᠭᠤᠷ ᠤᠨ 70 ᠭᠠᠷᠤᠶ ᠰᠤᠷᠪᠤᠯᠵᠢᠯᠠᠭᠴᠢ ᠬᠤᠷᠠᠯ ᠳᠤ ᠰᠤᠯᠠ ᠰᠣᠨᠣᠰᠬᠤ ᠪᠥᠭᠡᠳ ᠭᠦᠨᠵᠡᠭᠡᠶ ᠰᠤᠷᠪᠤᠯᠵᠢᠯᠠᠭ᠎ᠠ ᠬᠦᠯᠢᠶᠡᠵᠦ ᠪᠠᠶᠢᠭ᠎ᠠ ᠨᠢ᠃      ᠵᠠᠭᠤᠴᠢᠯᠠᠭᠤᠷ ᠲᠤ ᠨᠡᠭᠡᠭᠡᠯᠳᠡ ᠬᠢᠬᠦ ᠡᠳᠦᠷ ᠭᠡᠰᠡᠨ ᠡᠨᠡᠭᠦ ︽ᠬᠦᠭᠦᠷᠭᠡ︾᠎ ᠪᠠᠷ ᠲᠠᠮᠵᠢᠨ ᠣᠯᠣᠰ ᠤᠨ ᠳᠣᠳᠣᠭᠠᠳᠣ ᠭᠠᠳᠠᠭᠠᠳᠤ ᠶᠢᠨ ᠰᠤᠷᠪᠤᠯᠵᠢᠯᠠᠬᠴᠢᠳ ᠦᠪᠤᠷ ᠮᠤᠩᠭᠤᠯ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠨ ᠪᠦᠯᠭᠦᠮᠳᠡᠨ ᠲᠡᠮᠡᠴᠡᠵᠦ᠂ ᠴᠤᠴᠠᠯᠳᠠ ᠦᠭᠡᠢ ᠤᠷᠤᠬᠰᠢᠯᠠᠵᠦ ᠂ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠭᠦ ᠰᠢᠢᠳᠪᠤᠷᠢᠳᠤ ᠢᠯᠠᠯᠳᠠ ᠶᠢ ᠲᠡᠮᠡᠴᠡᠨ ᠤᠯᠵᠣ᠂ ᠡᠭᠡ ᠤᠯᠤᠰ ᠤᠨ ᠤᠮᠠᠷᠠᠳᠤ ᠶᠢᠨ ᠦᠵᠡᠰᠭᠦᠯᠠᠩᠳᠤ ᠰᠠᠶᠢᠬᠠᠨ ᠦᠵᠡᠮᠵᠢ ᠶᠢᠨ ᠤᠷᠤᠨ ᠢ ᠴᠤᠬᠴᠠᠯᠠᠬᠤ ᠡᠷᠴᠢ ᠵᠣᠷᠢᠭ ᠪᠣᠯᠣᠨ ᠢᠳᠡᠭᠡᠯ ᠵᠣᠷᠢᠭ ᠢ ᠪᠡᠶᠡᠳᠡᠨ ᠣᠶᠢᠯᠠᠭᠠᠵᠠᠢ᠃      ᠲᠤᠬᠠᠢ ᠶᠢᠨ ᠳᠠᠯᠠᠪᠠᠢ ᠳᠠᠬᠢ ᠠᠰᠠᠭᠤᠯᠳᠠ ᠳᠣᠷᠠᠳᠬᠤ ᠭᠤᠭᠴᠤᠭ᠎ᠠ ᠲᠠᠭᠤᠰᠤᠬᠰᠠᠨ ᠤ ᠲᠠᠷᠠᠭ᠎ᠠ᠂ ᠪᠦ᠋ ᠰᠢᠶᠤᠤ ᠯᠢᠨ ᠦᠪᠤᠷ ᠮᠤᠩᠭᠤᠯ ᠤᠨ ᠲᠦᠯᠦᠭᠡᠯᠡᠭᠴᠢᠳ ᠤᠨ ᠪᠦᠯᠭᠦᠮ ᠢ ᠲᠦᠯᠦᠭᠡᠯᠡᠵᠦ ᠣᠯᠣᠰ ᠤᠨ ᠳᠣᠳᠣᠭᠠᠳᠣ ᠭᠠᠳᠠᠭᠠᠳᠤ ᠶᠢᠨ ᠵᠠᠭᠤᠴᠢᠯᠠᠭᠤᠷ ᠤᠨ ᠬᠢᠨ ᠤ ᠦᠪᠤᠷ ᠮᠤᠩᠭᠤᠯ ᠢ ᠬᠠᠯᠠᠮᠵᠢᠯᠠᠵᠦ᠂ ᠠᠩᠬᠠᠷᠴᠤ᠂ ᠲᠡᠮᠵᠢᠵᠦ ᠪᠠᠶᠢᠭ᠎ᠠ ᠳᠤ ᠲᠠᠯᠠᠷᠬᠠᠵᠤ᠂ ᠣᠯᠣᠰ ᠤᠨ ᠳᠣᠳᠣᠭᠠᠳᠣ ᠭᠠᠳᠠᠭᠠᠳᠤ ᠶᠢᠨ ᠵᠠᠭᠤᠴᠢᠯᠠᠭᠤᠷ ᠤᠨ ᠰᠤᠷᠪᠤᠯᠵᠢᠯᠠᠬᠴᠢᠳ ᠢ ᠦᠪᠤᠷ ᠮᠤᠩᠭᠤᠯ ᠤᠨ ᠲᠠᠯ᠎ᠠ ᠨᠤᠳᠤᠭ ᠲᠤ ᠰᠤᠷᠪᠤᠯᠵᠢᠯᠠᠬᠤ ᠪᠠᠷ ᠬᠦᠷᠬᠦ ᠶᠢ ᠬᠠᠯᠠᠭᠤᠨ ᠢᠶᠠᠷ ᠤᠬᠳᠤᠵᠦ ᠪᠠᠶᠢᠭ᠎ᠠ ᠪᠠᠨ ᠢᠯᠡᠷᠭᠡᠶᠢᠯᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号