ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠥᠬᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠦᠪᠤᠷ ᠮᠤᠩᠭᠤᠯ ᠤᠨ ᠲᠦᠯᠥᠬᠡᠯᠡᠭᠴᠢᠳ ᠤᠨ ᠪᠦᠯᠬᠦᠮ ᠰᠤᠷᠪᠤᠯᠵᠢᠯᠠᠭᠴᠢ ᠶᠢᠨ ᠠᠰᠠᠭᠤᠯᠳᠠ ᠶᠢ ᠬᠠᠷᠢᠭᠤᠯᠪᠠ
ᠨᠡᠶᠢᠲᠡᠯᠡᠭᠰᠡᠨ ᠴᠠᠭ᠄
2017-03-08
     3 ᠳ᠋ᠤᠭᠠᠷ ᠰᠠᠷ᠎ᠠ ᠶᠢᠨ 6 ᠤ ᠦᠳᠡ ᠶᠢᠨ ᠬᠤᠶᠢᠨ᠎ᠡ᠂ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠥᠬᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠦᠪᠤᠷ ᠮᠤᠩᠭᠤᠯ ᠤᠨ ᠲᠦᠯᠥᠬᠡᠯᠡᠭᠴᠢᠳ ᠤᠨ ᠪᠦᠯᠬᠦᠮ ᠪᠦᠬᠦᠳᠡ ᠬᠤᠷᠠᠯ ᠬᠢᠵᠥ᠂ ᠵᠠᠰᠠᠭ ᠤᠨ ᠤᠷᠳᠤᠨ ᠤ ᠠᠵᠢᠯ ᠤᠨ ᠢᠯᠡᠳᠬᠡᠯ ᠢ ᠬᠢᠨᠠᠨ ᠵᠦᠪᠯᠡᠭᠰᠡᠡ ᠪᠦᠭᠡᠳ ᠲᠤᠳᠤᠭᠠᠳᠤ ᠭᠠᠳᠠᠭᠠᠳᠤ ᠶᠢᠨ ᠵᠠᠭᠤᠴᠢᠯᠠᠭᠤᠷ ᠲᠤ ᠨᠡᠬᠡᠬᠡᠯᠳᠡ ᠬᠢᠪᠡ᠃ ᠯᠢ ᠵᠢᠢ ᠡᡁᠧᠩ᠂ ᠪᠦ᠋ ᠰᠢᠶᠤᠤ ᠯᠢᠨ ᠵᠡᠷᠬᠡ ᠲᠦᠯᠥᠬᠡᠯᠡᠭᠴᠢ ᠲᠤᠬᠠᠢ ᠶᠢᠨ ᠲᠠᠯᠠᠪᠠᠢ ᠳᠤ ᠲᠤᠮᠳᠠᠳᠤ ᠭᠠᠳᠠᠭᠠᠳᠤ ᠶᠢᠨ ᠰᠤᠷᠪᠤᠯᠵᠢᠯᠠᠭᠴᠢ ᠶᠢᠨ ᠲᠤᠷᠠᠳᠤᠭᠰᠠᠠ ᠠᠰᠠᠭᠤᠯᠳᠠ ᠶᠢ ᠬᠠᠷᠢᠭᠤᠯᠵᠥ᠂ ᠲᠤᠳᠤᠭᠠᠳᠤ ᠭᠠᠳᠠᠭᠠᠳᠤ ᠶᠢᠨ ᠵᠠᠭᠤᠴᠢᠯᠠᠭᠤᠷ ᠤᠨ ᠬᠢᠨ ᠳᠤ ᠦᠪᠤᠷ ᠮᠤᠩᠭᠤᠯ ᠤᠨ ᠠᠵᠥ ᠠᠬᠤᠢ ᠨᠡᠶᠢᠬᠡᠮ ᠤᠨ ᠬᠦᠭᠵᠢᠯᠳᠡ ᠶᠢᠨ ᠯᠤᠳᠤ ᠶᠡᠭᠡ ᠠᠮᠵᠢᠯᠳᠠ ᠶᠢ ᠦᠵᠡᠬᠦᠯᠵᠥ᠂ ᠲᠠᠯ᠎ᠠ ᠨᠤᠳᠤᠭ ᠤᠨ ᠬᠦᠪᠡᠬᠦᠳ ᠦᠬᠢᠳ ᠤᠨ ᠰᠠᠬᠢᠨ ᠪᠠᠷᠠᠯᠠᠵᠥ ᠬᠠᠷᠢᠯᠴᠠᠨ ᠬᠠᠪᠰᠤᠷᠤᠯᠴᠠᠨ ᠪᠦᠯᠬᠦᠮᠳᠡᠨ ᠲᠡᠮᠡᠴᠡᠵᠥ᠂ ᠴᠤᠴᠠᠯᠳᠠ ᠦᠭᠡᠢ ᠤᠷᠤᠭᠰᠢᠯᠠᠭᠰᠠᠠ ᠤᠶᠤᠨ ᠰᠠᠨᠠᠭᠠᠨ ᠤ ᠲᠦᠷᠰᠦ ᠪᠠᠶᠢᠳᠠᠯ ᠢ ᠦᠵᠡᠬᠦᠯᠵᠥ᠂ ᠦᠨᠳᠦᠰᠦᠳᠡᠨ ᠨᠦᠭᠦᠳ ᠤᠨ ᠺᠠᠳ᠋ᠷ ᠤᠯᠠᠨ ᠲᠦᠮᠡᠨ ᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠳᠤ ᠱᠠᠳᠤᠨ ᠤ ᠠᠭᠤᠤ ᠶᠡᠭᠡ ᠢᠯᠠᠯᠳᠠ ᠶᠢ ᠲᠡᠮᠡᠴᠡᠨ ᠤᠯᠬᠤ᠂ ᠤᠳᠤᠬᠢᠴᠢᠯᠠᠭᠰᠠᠠ ᠦᠪᠤᠷ ᠮᠤᠩᠭᠤᠯ ᠢ ᠪᠦᠳᠦᠭᠡᠨ ᠪᠠᠶᠢᠭᠤᠯᠬᠤ ᠰᠢᠨ᠎ᠡ ᠠᠶᠠᠨ ᠢᠶᠠᠨ ᠡᠬᠢᠯᠡᠬᠦᠯᠬᠦ ᠡᠷᠡᠰ ᠵᠤᠷᠢᠭ ᠢ ᠬᠠᠷᠠᠭᠤᠯᠤᠭᠰᠠᠠ ᠪᠠᠶᠢᠨ᠎ᠠ᠃      ᠠᠷᠠᠳ ᠤᠨ ᠡᠳᠤᠷ ᠤᠨ ᠰᠤᠨᠢᠨ᠂ ᠠᠷᠠᠳ ᠤᠨ ᠰᠦᠯᠵᠢᠶ᠎ᠡ ᠶᠢᠨ ᠰᠤᠷᠪᠤᠯᠵᠢᠯᠠᠭᠴᠢ᠄ ᠶᠡᠷᠤᠩᠬᠡᠢ ᠱᠦᠵᠢ ᠰᠢ ᠶᠢᠨ ᠫᠢᠩ 2014 ᠤᠨ ᠤ 1 ᠳ᠋ᠣᠭᠡᠷ ᠰᠠᠷ᠎ᠠ ᠳᠤ ᠦᠪᠤᠷ ᠮᠤᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ᠂ ᠦᠪᠤᠷ ᠮᠤᠩᠭᠤᠯ ᠤᠨ ᠬᠢᠨ ᠡᠬᠡ ᠤᠯᠤᠰ ᠤᠨ ᠤᠮᠠᠷᠠᠳᠤ ᠶᠢᠨ ᠡᠨᠡᠬᠦ ᠦᠵᠡᠮᠵᠢ ᠶᠢᠨ ᠤᠷᠤᠨ ᠢ ᠨᠡᠩ ᠦᠵᠡᠰᠬᠦᠯᠡᠩᠳᠤ ᠰᠠᠶᠢᠬᠠᠨ ᠪᠤᠯᠭᠠᠨ ᠴᠤᠭᠴᠠᠯᠠᠬᠤ ᠬᠡᠷᠡᠭᠳᠡᠢ ᠬᠡᠵᠥ ᠱᠠᠭᠠᠷᠳᠠᠪᠠ᠃ ᠨᠢᠳᠤᠨᠤᠨ ᠤ 11 ᠳ᠋ᠣᠭᠡᠷ ᠰᠠᠷ᠎ᠠ ᠳᠤ ᠬᠤᠷᠠᠯᠳᠤᠭᠰᠠᠠ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠥᠬᠡᠯᠡᠭᠴᠢᠳ ᠤᠨ ᠶᠡᠭᠡ ᠬᠤᠷᠠᠯ ᠠᠴᠠ ᠶᠡᠷᠤᠩᠬᠡᠢ ᠱᠦᠵᠢ ᠶᠢᠨ ᠶᠠᠷᠢᠶᠠᠨ ᠤ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ ᠶᠠᠮᠠᠷ ᠶᠠᠮᠠᠷ ᠴᠢᠬᠤᠯᠠ ᠪᠠᠶᠢᠷᠢᠯᠠᠭᠤᠯᠤᠯᠳᠠ ᠪᠤᠯᠤᠨ ᠠᠷᠭ᠎ᠠ ᠬᠡᠮᠵᠢᠶ᠎ᠡ ᠠᠪᠤᠭᠰᠠᠠ ᠪᠤᠢ︖ ᠬᠤᠶᠢᠰᠢᠳᠠ ᠪᠠᠰᠠ ᠶᠠᠮᠠᠷ ᠶᠠᠮᠠᠷ ᠰᠢᠨ᠎ᠡ ᠬᠦᠭᠵᠢᠯᠳᠡ ᠶᠢᠨ ᠰᠡᠳᠬᠢᠴᠡ ᠲᠠᠢ ᠪᠤᠢ︖      ᠯᠢ ᠵᠢᠢ ᠡᡁᠧᠩ ᠲᠦᠯᠥᠬᠡᠯᠡᠭᠴᠢ᠄ ᠠᠷᠠᠳ ᠤᠨ ᠰᠦᠯᠵᠢᠶ᠎ᠡ ᠪᠤᠯ ᠡᠷᠬᠡ ᠰᠦᠷ ᠲᠠᠢ ᠪᠦᠭᠡᠳ ᠦᠨᠳᠦᠰᠦᠨ ᠱᠠᠳᠤᠨ ᠳᠤ ᠤᠶᠢᠷᠠᠳᠤᠳᠠᠭ ᠵᠠᠭᠤᠴᠢᠯᠠᠭᠤᠷ ᠪᠤᠯᠤᠨ᠎ᠠ᠂ ᠪᠢ ᠠᠷᠠᠳ ᠤᠨ ᠰᠦᠯᠵᠢᠶ᠎ᠡ ᠶᠢ ᠡᠳᠤᠷ ᠪᠤᠯᠭᠠᠨ ᠦᠵᠡᠳᠡᠭ᠃      ᠶᠡᠷᠤᠩᠬᠡᠢ ᠱᠦᠵᠢ ᠰᠢ ᠶᠢᠨ ᠫᠢᠩ ᠤᠨ ᠦᠪᠤᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠪᠤᠯ ᠦᠪᠤᠷ ᠮᠤᠩᠭᠤᠯ ᠳᠤ ︽ᠲᠤᠭᠳᠠᠭᠠᠵᠥ ᠦᠭᠬᠦᠭᠰᠡᠡ︾ ᠠᠵᠢᠯᠯᠠᠭ᠎ᠠ ᠶᠢᠨ ᠬᠦᠳᠦᠯᠪᠤᠷᠢ ᠮᠥᠨ᠂ ᠪᠢᠳᠡ ᠶᠠᠷᠢᠶᠠᠨ ᠤ ᠵᠤᠷᠢᠭ ᠰᠠᠨᠠᠭ᠎ᠠ ᠶᠢ ᠦᠪᠤᠷ ᠮᠤᠩᠭᠤᠯ ᠤᠨ ᠦᠭᠡᠷᠡᠴᠢᠯᠡᠯᠳᠡ ᠬᠦᠭᠵᠢᠯᠳᠡ ᠪᠤᠯᠤᠨ ᠤᠳᠤᠬᠢᠴᠢᠯᠠᠬᠤ ᠪᠦᠳᠦᠭᠡᠨ ᠪᠠᠶᠢᠭᠤᠯᠤᠯᠳᠠ ᠶᠢᠨ ᠦᠨᠳᠦᠰᠦᠨ ᠴᠢᠭᠯᠡᠯ ᠪᠤᠯᠭᠠᠬᠤ ᠶᠢ ᠪᠠᠷᠢᠮᠳᠠᠯᠠᠵᠥ᠂ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠥᠬᠡᠯᠡᠭᠴᠢᠳ ᠤᠨ ᠶᠡᠭᠡ ᠬᠤᠷᠠᠯ ᠳᠤ ᠪᠦᠬᠦ ᠲᠠᠯ᠎ᠠ ᠪᠠᠷ᠂ ᠪᠤᠳᠠᠳᠠᠢ ᠪᠠᠷ᠂ ᠬᠦᠨᠵᠡᠬᠡᠢ ᠲᠤᠤᠱᠯᠠᠭᠤᠯᠵᠥ᠂ ᠪᠦᠬᠦ ᠤᠷᠤᠨ ᠤ ᠠᠵᠥ ᠠᠬᠤᠢ ᠨᠡᠶᠢᠭᠡᠮ ᠤᠨ ᠬᠦᠭᠵᠢᠯᠳᠡ ᠪᠤᠯᠤᠨ ᠨᠠᠮ ᠤᠨ ᠪᠠᠶᠢᠭᠤᠯᠤᠯᠳᠠ ᠶᠢᠨ ᠡᠯ᠎ᠡ ᠲᠠᠯ᠎ᠠ ᠳᠤ ᠲᠤᠤᠱᠯᠠᠭᠤᠯᠪᠠ᠃      ᠶᠠᠭᠤᠨ ᠤ ᠡᠮᠤᠨ᠎ᠡ᠂ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠥᠬᠡᠯᠡᠭᠴᠢᠳ ᠤᠨ ᠶᠡᠭᠡ ᠬᠤᠷᠠᠯ ᠤᠨ ᠭᠤᠤᠯ ᠰᠡᠳᠤᠪ ᠲᠤ ᠶᠡᠷᠤᠩᠬᠡᠢ ᠱᠦᠵᠢ ᠰᠢ ᠶᠢᠨ ᠫᠢᠩ ᠤᠨ ᠦᠪᠤᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠳᠡᠢ ᠬᠡᠵᠥ ᠲᠤᠭ ᠲᠡᠮᠳᠡᠭ ᠲᠤᠳᠤᠷᠬᠠᠢ ᠪᠠᠷ ᠴᠢᠬᠤᠯᠠᠴᠢᠯᠠᠭᠰᠠᠠ ᠪᠠᠶᠢᠨ᠎ᠠ ᠃ ᠡᠨᠡᠬᠦ ᠭᠤᠤᠯ ᠰᠡᠳᠤᠪ ᠪᠤᠯ᠄ ︽ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠦᠨᠳᠤᠷ ᠮᠠᠨᠳᠤᠭᠤᠯᠵᠥ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠠ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠢᠬᠳᠠᠷᠠᠨ ᠪᠦᠯᠬᠦᠮᠳᠡᠵᠥ᠂ ᠶᠡᠷᠤᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠤᠯᠤᠨ ᠲᠦᠷᠦ ᠶᠢ ᠵᠠᠰᠠᠵᠥ ᠵᠠᠰᠠᠭ ᠢ ᠡᠷᠬᠢᠯᠡᠬᠦ ᠰᠢᠨ᠎ᠡ ᠣᠨᠣᠯᠵᠢᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠤᠳᠤᠯᠭ᠎ᠠ ᠶᠢ ᠬᠦᠨᠵᠡᠬᠡᠢ ᠲᠤᠤᠱᠯᠠᠭᠤᠯᠵᠥ᠂ ᠶᠡᠷᠤᠩᠬᠡᠢ ᠱᠦᠵᠢ ᠰᠢ ᠶᠢᠨ ᠫᠢᠩ ᠤᠨ ᠦᠪᠤᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠥ᠂ ᠰᠠᠬᠢᠨ ᠪᠠᠷᠠᠯᠠᠵᠥ ᠬᠠᠷᠢᠯᠴᠠᠨ ᠬᠠᠪᠰᠤᠷᠤᠯᠴᠠᠨ ᠪᠦᠯᠬᠦᠮᠳᠡᠨ ᠲᠡᠮᠡᠴᠡᠵᠥ᠂ ᠴᠤᠴᠠᠯᠳᠠ ᠦᠭᠡᠢ ᠤᠷᠤᠭᠰᠢᠯᠠᠵᠥ᠂ ᠡᠬᠡ ᠤᠯᠤᠰ ᠤᠨ ᠤᠮᠠᠷᠠᠳᠤ ᠶᠢᠨ ᠡᠨᠡᠬᠦ ᠦᠵᠡᠮᠵᠢ ᠶᠢᠨ ᠤᠷᠤᠨ ᠢ ᠨᠡᠩ ᠦᠵᠡᠰᠬᠦᠯᠡᠩᠳᠤ ᠰᠠᠶᠢᠬᠠᠨ ᠪᠤᠯᠭᠠᠨ ᠴᠤᠭᠴᠠᠯᠠᠬᠤ ᠶᠠᠪᠤᠳᠠᠯ ᠪᠤᠯᠤᠨ᠎ᠠ︾᠃      ᠳᠠᠷᠠᠭ᠎ᠠ ᠨᠢ᠂ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠠᠴᠠ ᠳᠤᠷᠠᠳᠤᠭᠰᠠᠨ ᠬᠦᠭᠵᠢᠯᠲᠠ ᠶᠢᠨ ᠶᠡᠷᠦᠩᠬᠡᠢ ᠬᠠᠷᠠᠯᠲᠠ ᠨᠢ ᠶᠡᠷᠤᠩᠬᠡᠢ ᠱᠦᠵᠢ ᠶᠢᠨ ᠮᠠᠨ ᠤ ᠤᠷᠤᠨ ᠳᠤ ᠲᠠᠯᠪᠢᠭᠰᠠᠨ ᠬᠦᠰᠡᠯ ᠪᠤᠯᠤᠨ ᠱᠠᠭᠠᠷᠳᠠᠯᠭ᠎ᠠ ᠪᠠᠷ ᠦᠨᠳᠦᠰᠦᠯᠡᠯ ᠪᠤᠯᠭᠠᠪᠠ᠃ ᠳᠠᠷᠤᠢ᠄ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠳᠠᠶᠢᠨ ᠤ ᠢᠯᠠᠯᠲᠠ ᠶᠢ ᠤᠯᠵᠤ᠂ ᠤᠳᠤᠬᠢᠴᠢᠯᠠᠭᠰᠠᠨ ᠦᠪᠦᠷ ᠮᠤᠩᠭᠤᠯ ᠢ ᠪᠦᠲᠦᠭᠡᠨ ᠪᠠᠶᠢᠭᠤᠯᠬᠤ ᠰᠢᠨ᠎ᠠ ᠠᠶᠠᠨ ᠵᠠᠮ ᠢ ᠡᠬᠢᠯᠡᠭᠦᠯᠵᠤ᠂ ᠡᠬᠡ ᠤᠯᠤᠰ ᠤᠨ ᠤᠮᠠᠷᠠᠲᠦ ᠶᠢᠨ ᠡᠨᠡᠬᠦ ᠦᠵᠡᠮᠵᠢ ᠶᠢᠨ ᠤᠷᠤᠨ ᠢ ᠨᠡᠩ ᠦᠵᠡᠰᠭᠦᠯᠡᠩᠳᠤ ᠰᠠᠶᠢᠬᠠᠨ ᠪᠤᠯᠭᠠᠨ ᠴᠤᠭᠴᠠᠯᠠᠨ᠎ᠠ᠃      ᠭᠤᠷᠪᠠᠳᠤᠭᠠᠷ ᠲᠤ᠂ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠠᠴᠠ ᠲᠤᠭᠳᠠᠭᠠᠭᠰᠠᠨ ᠬᠠᠷᠠᠯᠲᠠ ᠡᠭᠦᠷᠭᠡ᠂ ᠬᠦᠭᠵᠢᠯᠲᠠ ᠶᠢᠨ ᠪᠠᠶᠢᠷᠢ ᠲᠤᠭᠳᠠᠭᠠᠯᠲᠠ᠂ ᠦᠵᠡᠯ ᠰᠠᠨᠠᠭ᠎ᠠ ᠠᠷᠭ᠎ᠠ ᠬᠡᠮᠵᠢᠶ᠎ᠠ ᠵᠡᠷᠭᠡ ᠨᠢ ᠪᠦᠷ ᠶᠡᠷᠤᠩᠬᠡᠢ ᠱᠦᠵᠢ ᠶᠢᠨ ᠴᠢᠬᠤᠯᠠ ᠶᠠᠷᠢᠶ᠎ᠠ ᠪᠠ ᠵᠢᠭᠠᠪᠤᠷᠢ ᠶᠢᠨ ᠵᠤᠷᠢᠭ ᠰᠠᠨᠠᠭ᠎ᠠ ᠶᠢ ᠭᠦᠢᠴᠡᠳ ᠢᠯᠡᠷᠡᠭᠦᠯᠵᠠᠢ᠃ ᠡᠨᠡ ᠨᠢ ᠭᠤᠤᠯᠳᠠᠭᠤ᠄ ᠡᠬᠡ ᠤᠯᠤᠰ ᠤᠨ ᠤᠮᠠᠷᠠᠲᠦ ᠬᠢᠯᠢ ᠶᠢᠨ ᠠᠮᠤᠷ ᠲᠦᠪᠰᠢᠨ ᠤ ᠬᠠᠯᠬᠠᠪᠴᠢ ᠪᠤᠯᠤᠨ ᠮᠠᠨ ᠤ ᠤᠯᠤᠰ ᠤᠨ ᠤᠮᠠᠷᠠᠲᠦ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠶᠢ ᠦᠨᠡᠨᠬᠦ ᠰᠠᠶᠢᠲᠤᠷ ᠠᠳᠬᠤᠨ᠎ᠠ︔ ᠬᠦᠭᠵᠢᠯᠲᠠ᠂ ᠠᠮᠢ ᠠᠬᠤᠢ᠂ ᠠᠷᠠᠳ ᠤᠨ ᠠᠮᠢᠳᠤᠷᠠᠯ ᠤᠨ ᠭᠤᠷᠪᠠᠨ ᠬᠤᠷᠢᠭ᠎ᠠ ᠱᠤᠭᠤᠮ ᠢ ᠡᠷᠡᠰ ᠰᠠᠬᠢᠨ᠎ᠠ︔ ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠤᠩᠬᠡᠢ ᠦᠷᠲᠡᠭ᠂ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠲᠠ᠂ ᠡᠩ ᠤᠨ ᠤᠯᠠᠨ ᠨᠡᠶᠢᠲᠡ ᠶᠢᠨ ᠲᠦᠰᠦᠪ ᠤᠨ ᠤᠷᠤᠯᠭ᠎ᠠ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢᠨ ᠨᠡᠮᠡᠭᠳᠡᠯ ᠢ ᠪᠦᠬᠦ ᠤᠯᠤᠰ ᠤᠨ ᠳᠤᠮᠳᠠᠴᠢ ᠲᠦᠪᠰᠢᠨ ᠠᠴᠠ ᠦᠨᠳᠦᠷ ᠪᠠᠶᠢᠯᠭᠠᠬᠤ ᠶᠢ ᠴᠢᠷᠮᠠᠶᠢᠨ ᠪᠡᠶᠡᠯᠡᠬᠦᠯᠦᠨ᠎ᠠ︔ ᠤᠯᠠᠨ ᠡᠰᠢᠴᠢᠯᠡᠭᠰᠡᠨ ᠬᠦᠭᠵᠢᠯᠲᠠ᠂ ᠤᠯᠠᠨ ᠲᠦᠢᠯ ᠢᠶᠠᠷ ᠲᠤᠯᠭᠠᠭᠤᠷᠢᠯᠠᠭᠰᠠᠨ ᠤᠳᠤ ᠦᠶ᠎ᠠ ᠶᠢᠨ ᠠᠵᠤ ᠦᠢᠯᠡᠰ ᠤᠨ ᠰᠢᠰᠲ᠋ᠧᠮᠵᠢ᠂ ᠨᠢᠭᠡ ᠭᠤᠤᠯ ᠤᠯᠠᠨ ᠲᠦᠪ᠂ ᠨᠢᠭᠡ ᠪᠦᠰᠡ ᠤᠯᠠᠨ ᠲᠡᠩᠭᠡᠯᠢᠭᠲᠦ ᠰᠢᠨ᠎ᠠ ᠬᠡᠯᠪᠡᠷᠢ ᠶᠢᠨ ᠬᠤᠲᠠ ᠪᠠᠯᠭᠠᠰᠤ ᠶᠢᠨ ᠰᠢᠰᠲ᠋ᠧᠮᠵᠢ᠂ ᠦᠪᠡᠷᠮᠢᠴᠠ ᠤᠨᠴᠠᠯᠢᠭ ᠲᠠᠢ ᠳᠠᠪᠠᠭᠤᠯᠢᠭᠳᠤ ᠤᠷᠤᠨ ᠪᠦᠰᠡ ᠶᠢᠨ ᠰᠢᠨ᠎ᠠ ᠶᠢ ᠡᠭᠦᠳᠬᠦ ᠰᠢᠰᠲ᠋ᠧᠮᠵᠢ᠂ ᠬᠦᠭᠵᠢᠯᠲᠠ ᠳᠤ ᠵᠤᠬᠢᠴᠠᠭᠰᠠᠨ᠂ ᠵᠤᠬᠢᠬᠤ ᠬᠡᠮᠵᠢᠶᠠᠨ ᠤ ᠳᠠᠪᠰᠢᠩᠭᠤᠢ ᠴᠢᠨᠠᠷ ᠲᠠᠢ ᠰᠠᠭᠤᠷᠢ ᠪᠡᠯᠡᠳᠬᠡᠮᠵᠢ ᠶᠢᠨ ᠲᠤᠤᠷᠵᠢᠯ ᠤᠨ ᠰᠢᠰᠲ᠋ᠧᠮᠵᠢ ᠶᠢ ᠢᠳᠡᠪᠬᠢᠲᠠᠢ ᠪᠦᠳᠦᠬᠡᠨ ᠪᠠᠶᠢᠭᠤᠯᠤᠨ᠎ᠠ︔ ᠰᠢᠨ᠎ᠠ ᠬᠡᠯᠪᠡᠷᠢ ᠶᠢᠨ ᠠᠵᠤ ᠦᠢᠯᠡᠳᠪᠦᠷᠢᠵᠢᠯᠲᠡ᠂ ᠮᠡᠳᠡᠭᠡ ᠵᠠᠩᠭᠢᠵᠢᠯᠲᠠ᠂ ᠬᠤᠲᠠ ᠪᠠᠯᠭᠠᠰᠤᠵᠢᠯᠲᠠ᠂ ᠮᠠᠯ ᠠᠵᠤ ᠠᠬᠤᠢ ᠲᠠᠷᠢᠶᠠᠯᠠᠩ ᠤᠨ ᠤᠳᠤᠬᠢᠴᠢᠯᠠᠯᠲᠠ ᠪᠤᠯᠤᠨ ᠪᠤᠬᠢᠷᠳᠤᠯ ᠦᠭᠡᠢ ᠬᠦᠭᠵᠢᠬᠦᠯᠦᠯᠳᠡ ᠶᠢ ᠵᠤᠬᠢᠴᠠᠭᠤᠯᠤᠨ ᠬᠦᠭᠵᠢᠬᠦᠯᠬᠦ ᠶᠢ ᠬᠦᠴᠦᠳᠠᠢ ᠠᠬᠢᠭᠤᠯᠤᠨ᠎ᠠ︔ ᠤᠯᠤᠰ ᠤᠨ ᠴᠢᠬᠤᠯᠠ ᠡᠨᠧᠷᠭᠢ ᠶᠢᠨ ᠰᠠᠭᠤᠷᠢᠨ᠂ ᠰᠢᠨ᠎ᠠ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ᠂ ᠦᠩᠭᠡᠲᠦ ᠲᠡᠮᠦᠷᠯᠢᠭ ᠦᠢᠯᠡᠳᠪᠦᠷᠢᠯᠡᠨ ᠪᠤᠯᠪᠠᠰᠤᠷᠠᠭᠤᠯᠬᠤ ᠰᠠᠭᠤᠷᠢᠨ᠂ ᠪᠤᠬᠢᠷᠳᠤᠯ ᠦᠭᠡᠢ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠲᠦᠭᠡᠭᠳᠡᠭᠦᠨ ᠢ ᠦᠢᠯᠡᠳᠪᠦᠷᠢᠯᠡᠨ ᠡᠳ᠋ᠰᠢᠬᠦᠯᠬᠦ ᠰᠠᠭᠤᠷᠢᠨ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠠ ᠪᠠᠷ ᠮᠠᠨᠳᠤᠭᠰᠠᠨ ᠠᠵᠤ ᠦᠢᠯᠡᠰ ᠤᠨ ᠰᠠᠭᠤᠷᠢᠨ ᠪᠤᠯᠤᠨ ᠤᠯᠤᠰ ᠤᠨ ᠳᠤᠳᠤᠭᠠᠳᠦ ᠭᠠᠳᠠᠭᠠᠳᠦ ᠳᠤ ᠠᠯᠳᠠᠷᠲᠠᠢ ᠵᠤᠭᠠᠴᠠᠯ ᠤᠨ ᠬᠠᠷᠠᠯᠳᠠᠳᠤ ᠭᠠᠵᠠᠷ ᠢ ᠬᠦᠴᠦᠯᠡᠨ ᠪᠦᠲᠦᠭᠡᠨ ᠪᠠᠶᠢᠭᠤᠯᠤᠨ᠎ᠠ︔ ᠲᠡᠮᠦᠷ ᠵᠠᠮ ᠤᠨ ᠲᠤᠤᠷᠵᠢᠯ᠂ ᠵᠠᠰᠠᠮᠠᠯ ᠵᠠᠮ ᠤᠨ ᠲᠤᠤᠷᠵᠢᠯ᠂ ᠠᠭᠠᠷ ᠤᠨ ᠠᠶᠠᠯᠠᠯ ᠤᠨ ᠲᠤᠤᠷᠵᠢᠯ᠂ ᠤᠰᠤᠨ ᠠᠰᠢᠭᠯᠠᠯᠲᠠ ᠶᠢᠨ ᠲᠤᠤᠷᠵᠢᠯ᠂ ᠬᠤᠲᠠ ᠶᠢᠨ ᠶᠠᠪᠤᠳᠠᠯ ᠤᠨ ᠲᠤᠤᠷᠵᠢᠯ᠂ ᠡᠨᠧᠷᠭᠢ ᠶᠢᠨ ᠲᠤᠤᠷᠵᠢᠯ᠂ ᠮᠡᠳᠡᠭᠡ ᠵᠠᠩᠭᠢ ᠴᠢᠮᠡᠭᠡ ᠬᠤᠯᠪᠤᠭ᠎ᠠ ᠶᠢᠨ ᠲᠤᠤᠷᠵᠢᠯ ᠵᠡᠷᠭᠡ ᠳᠤᠯᠤᠭᠠᠨ ᠲᠤᠤᠷᠵᠢᠯ ᠤᠨ ᠰᠢᠰᠲ᠋ᠧᠮ ᠢ ᠪᠦᠲᠦᠭᠡᠨ ᠪᠠᠶᠢᠭᠤᠯᠤᠨ᠎ᠠ︔ ᠰᠢᠨ᠎ᠠ ᠡᠨᠧᠷᠭᠢ᠂ ᠰᠢᠨ᠎ᠠ ᠮᠠᠲ᠋ᠧᠷᠢᠶᠠᠯ᠂ ᠡᠨᠧᠷᠭᠢ ᠠᠷᠪᠢᠯᠠᠬᠤ ᠤᠷᠴᠢᠨ ᠲᠤᠭᠤᠷᠢᠨ ᠤ ᠬᠠᠮᠠᠭᠠᠯᠠᠯᠲᠠ᠂ ᠳᠡᠭᠡᠳᠦ ᠮᠡᠷᠭᠡᠵᠢᠯ ᠤᠨ ᠲᠦᠬᠦᠭᠡᠷᠤᠮᠵᠢ᠂ ᠲᠤᠮᠤ ᠳ᠋ᠠᠶᠢᠲ᠋ᠠ ᠡᠭᠦᠯᠡᠨ ᠪᠤᠳᠤᠯᠲᠠ᠂ ᠠᠮᠢᠳᠤ ᠪᠤᠳᠠᠰ ᠤᠨ ᠰᠢᠨᠵᠢᠯᠡᠬᠦ ᠤᠬᠠᠭᠠᠨ ᠮᠡᠷᠭᠡᠵᠢᠯ᠂ ᠮᠤᠩᠭᠤᠯ ᠬᠢᠲᠠᠳ ᠡᠮ ᠡᠮᠨᠡᠯᠭᠡ ᠵᠡᠷᠭᠡ ᠳᠤᠯᠤᠭᠠᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠠ ᠪᠠᠷ ᠮᠠᠨᠳᠤᠭᠰᠠᠨ ᠠᠵᠤ ᠦᠢᠯᠡᠰ ᠢ ᠶᠡᠬᠡᠪᠡᠷ ᠪᠤᠶᠢᠵᠢᠭᠤᠯᠤᠨ᠎ᠠ︔ ᠶᠡᠷᠤᠩᠬᠡᠶᠢᠯᠡᠭᠰᠡᠨ ᠠᠵᠤ ᠠᠬᠤᠢ ᠶᠢᠨ ᠪᠤᠳᠠᠳᠤ ᠬᠦᠴᠦᠨ ᠤ ᠰᠢᠨ᠎ᠠ ᠳᠠᠪᠠᠯᠲᠠ ᠶᠢ ᠪᠡᠶᠡᠯᠡᠭᠦᠯᠬᠦ᠂ ᠦᠭᠡᠷᠡᠴᠢᠯᠡᠯᠲᠡ ᠨᠡᠬᠡᠬᠡᠯᠲᠡ ᠶᠢ ᠭᠦᠨᠵᠡᠭᠡᠶᠢᠷᠡᠭᠦᠯᠬᠦ ᠲᠠᠯ᠎ᠠ ᠪᠠᠷ ᠰᠢᠨ᠎ᠠ ᠰᠢᠪᠲᠤᠯᠤᠯᠲᠠ ᠭᠠᠷᠭᠠᠬᠤ᠂ ᠠᠵᠤ ᠠᠬᠤᠢ ᠶᠢᠨ ᠬᠦᠭᠵᠢᠯᠲᠠ ᠶᠢᠨ ᠠᠷᠭ᠎ᠠ ᠬᠡᠯᠪᠡᠷᠢ ᠶᠢᠨ ᠰᠢᠨ᠎ᠠ ᠬᠤᠪᠢᠷᠠᠯᠲᠠ ᠶᠢ ᠪᠡᠶᠡᠯᠡᠭᠦᠯᠬᠦ᠂ ᠠᠷᠠᠳᠴᠢᠯᠠᠯ ᠬᠠᠤᠯᠢᠵᠢᠯ ᠤᠨ ᠪᠠᠶᠢᠭᠤᠯᠤᠯᠲᠠ ᠳᠤ ᠰᠢᠨ᠎ᠠ ᠠᠬᠢᠴᠠ ᠲᠠᠢ ᠪᠤᠯᠬᠤ᠂ ᠪᠤᠯᠪᠠᠰᠤᠨ ᠵᠤᠬᠢᠴᠠᠩᠭᠤᠢ ᠪᠠᠶᠢᠬᠤ ᠲᠦᠪᠰᠢᠨ ᠰᠢᠨ᠎ᠠ ᠳᠡᠭᠡᠭᠰᠢᠯᠡᠯᠲᠡ ᠲᠠᠢ ᠪᠤᠯᠬᠤ᠂ ᠠᠷᠠᠳ ᠲᠦᠮᠡᠨ ᠤ ᠠᠮᠢᠳᠤᠷᠠᠯ ᠤᠨ ᠲᠦᠪᠰᠢᠨ ᠤ ᠰᠢᠨ᠎ᠠ ᠳᠡᠭᠡᠭᠰᠢᠯᠡᠯᠲᠡ ᠶᠢ ᠪᠡᠶᠡᠯᠡᠭᠦᠯᠬᠦ᠂ ᠠᠮᠢ ᠠᠬᠤᠢ ᠤᠷᠴᠢᠨ ᠲᠤᠭᠤᠷᠢᠨ ᠤ ᠶᠠᠰᠤ ᠴᠢᠨᠠᠷ ᠤᠨ ᠰᠢᠨ᠎ᠠ ᠰᠠᠶᠢᠵᠢᠷᠠᠯᠲᠠ ᠶᠢ ᠪᠡᠶᠡᠯᠡᠭᠦᠯᠬᠦ ᠠᠵᠢᠯ ᠢ ᠦᠨᠡᠨᠬᠦ ᠠᠬᠢᠭᠤᠯᠤᠨ᠎ᠠ᠃      ᠶᠡᠷᠤᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠳᠤ ᠡᠷᠬᠡᠪᠰᠢ ᠦᠢᠯᠡᠳᠦᠯᠭᠡ ᠶᠢᠨ ᠳᠤᠮᠳᠠ ᠦᠷᠭᠦᠯᠵᠢᠯᠡᠨ ᠠᠬᠢᠭᠤᠯᠵᠤ᠂ ᠰᠢᠨᠳᠡᠷᠡᠰᠢ ᠦᠭᠡᠢ ᠴᠢᠷᠮᠠᠶᠢᠵᠤ᠂ ᠴᠦᠬᠦᠷᠡᠰᠢ ᠦᠭᠡᠢ ᠠᠵᠢᠯᠯᠠᠬᠤ ᠬᠡᠷᠡᠭᠲᠡᠢ ᠭᠡᠳᠡᠭ ᠢ ᠪᠢᠳᠡ ᠭᠦᠨᠵᠡᠭᠡᠢ ᠲᠠᠨᠢᠵᠠᠢ᠃ ᠡᠨᠡ ᠵᠢᠯ ᠤᠨ 1 ᠳ᠋ᠤᠭᠡᠷ ᠰᠠᠷ᠎ᠠ ᠳᠤ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠳᠤ ᠶᠡᠷᠤᠩᠬᠡᠢ ᠱᠦᠵᠢ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠶᠡᠭᠡ ᠠᠰᠠᠭᠤᠳᠠᠯ ᠤᠨ ᠲᠤᠬᠠᠢ ᠲᠤᠰᠬᠠᠶᠢᠯᠠᠨ ᠰᠤᠳᠤᠯᠤᠨ ᠪᠠᠶᠢᠷᠢᠯᠠᠭᠤᠯᠤᠯᠲᠠ ᠬᠢᠵᠤ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠤᠯ ᠳᠤᠭᠤᠶᠢᠯᠠᠩ ᠤᠯᠠᠮ ᠴᠢᠨᠠᠭᠰᠢᠳᠠ ᠶᠠᠷᠢᠶᠠᠨ ᠤ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠬᠠᠢ ᠲᠤᠰᠬᠠᠢ ᠰᠡᠳᠦᠪ ᠢᠶᠠᠷ ᠬᠠᠮᠲᠦᠪᠡᠷ ᠶᠠᠷᠢᠯᠴᠠᠨ ᠰᠤᠳᠤᠯᠵᠤ᠂ ᠳᠠᠬᠢᠨ ᠰᠤᠷᠤᠯᠴᠠᠨ ᠳᠠᠬᠢᠨ ᠰᠤᠳᠤᠯᠵᠤ᠂ ᠳᠠᠬᠢᠨ ᠳᠠᠶᠢᠴᠢᠯᠠᠨ ᠳᠠᠬᠢᠨ ᠪᠠᠶᠢᠷᠢᠯᠠᠭᠤᠯᠵᠤ᠂ ᠳᠠᠬᠢᠨ ᠬᠦᠴᠦᠯᠡᠵᠤ ᠳᠠᠬᠢᠨ ᠡᠬᠢᠯᠡᠭᠦᠯᠬᠦ ᠪᠠᠷ ᠲᠠᠮᠵᠢᠨ ᠶᠡᠷᠤᠩᠬᠡᠢ ᠱᠦᠵᠢ ᠶᠢᠨ ᠶᠠᠷᠢᠶᠠᠨ ᠤ ᠵᠤᠷᠢᠭ ᠰᠠᠨᠠᠭ᠎ᠠ ᠮᠠᠨ ᠤ ᠤᠷᠤᠨ ᠳᠤ ᠨᠡᠩ ᠭᠦᠨᠵᠡᠭᠡᠢ ᠦᠨᠳᠦᠰᠦᠯᠡᠨ ᠤᠷᠭᠤᠵᠤ ᠦᠷᠡᠯᠡᠨ ᠵᠢᠮᠢᠰᠯᠡᠬᠦ ᠶᠢ ᠠᠬᠢᠭᠤᠯᠵᠠᠢ᠃ ᠪᠤᠲᠠᠲᠠᠢ ᠠᠵᠢᠯ ᠳᠤᠮᠳᠠ᠂ ᠪᠢᠳᠠ ᠠᠬᠢᠭᠤᠯᠤᠯᠲᠠ ᠨᠠᠶᠢᠳᠠᠪᠤᠷᠢᠵᠢᠭᠤᠯᠤᠯᠲᠠ ᠶᠢ ᠨᠢᠭᠡ ᠲᠦᠷᠦᠯ ᠨᠢᠭᠡ ᠲᠦᠷᠦᠯ ᠢᠶᠠᠷ ᠰᠠᠶᠢᠳᠤᠷ ᠠᠳᠬᠤᠨ᠎ᠠ᠃ ᠵᠢᠱᠢᠶᠡᠯᠡᠪᠡᠯ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠦᠭᠵᠢᠯᠲᠡ ᠶᠢ ᠲᠦᠷᠭᠡᠳᠭᠡᠬᠦ ᠠᠰᠠᠭᠤᠳᠠᠯ ᠲᠠᠬᠡᠷ᠎ᠠ᠂ ᠨᠢᠳᠦᠨᠤᠨ ᠤ 11 ᠳ᠋ᠤᠭᠡᠷ ᠰᠠᠷ᠎ᠠ ᠶᠢᠨ 7 ᠤ ᠡᠳᠦᠷ᠂ ᠪᠢᠳᠠ ᠪᠡᠭᠡᠵᠢᠩ ᠳᠤ ᠲᠤᠮᠤ ᠳ᠋ᠠᠶᠢᠲ᠋ᠠ ᠶᠢᠨ ᠠᠵᠤ ᠦᠢᠯᠡᠰ ᠢᠶᠠᠨ ᠲᠠᠨᠢᠯᠴᠠᠭᠤᠯᠬᠤ ᠬᠤᠷᠠᠯ ᠬᠤᠷᠠᠯᠳᠤᠭᠤᠯᠵᠤ᠂ ᠦᠪᠦᠷ ᠮᠤᠩᠭᠤᠯ ᠤᠨ ᠤᠯᠤᠰ ᠤᠨ ᠲᠤᠮᠤ ᠳ᠋ᠠᠶᠢᠲ᠋ᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠤᠷᠤᠨ ᠤ ᠪᠦᠲᠦᠭᠡᠨ ᠪᠠᠶᠢᠭᠤᠯᠤᠯᠲᠠ ᠶᠢ ᠵᠢᠩᠬᠢᠨᠢ ᠪᠠᠷ ᠡᠬᠢᠯᠡᠭᠦᠯᠵᠡᠢ᠃ ᠲᠤᠬᠠᠢ ᠶᠢᠨ ᠲᠠᠯᠠᠪᠠᠢ ᠳᠤ ᠨᠡᠶᠢᠲᠡ 1000 ᠭᠠᠷᠤᠢ ᠠᠷᠠᠯᠵᠢᠶᠡᠴᠢᠨ ᠤᠷᠤᠯᠴᠠᠵᠤ᠂ ᠶᠡᠷᠦᠩᠬᠡᠢ ᠪᠡᠯᠡ ᠤᠷᠤᠭᠤᠯᠤᠯᠲᠠ ᠶᠢᠨ ᠬᠡᠮᠵᠢᠶ᠎ᠡ ᠨᠢ 800 ᠭᠠᠷᠤᠢ ᠳ᠋ᠦᠩᠰᠢᠭᠤᠷ ᠬᠦᠷᠬᠦ ᠬᠠᠮᠲᠤᠷᠠᠯᠴᠠᠭᠠᠨ ᠤ ᠬᠡᠯᠡᠯᠴᠡᠭᠡᠷ ᠳᠤᠬᠲᠠᠵᠤ᠂ ᠤᠳᠤ ᠪᠦᠬᠦ ᠤᠷᠤᠨ ᠤ ᠲᠤᠮᠤ ᠬᠡᠯᠪᠡᠷᠢ ᠶᠢᠨ ᠳ᠋ᠠᠶᠢᠲ᠋ᠠ ᠶᠢᠨ ᠲᠦᠪ ᠦᠢᠯᠡᠴᠢᠯᠡᠭᠦᠷ ᠤᠨ ᠮᠠᠰᠢᠨ ᠴᠤᠭᠴᠠᠯᠠᠪᠤᠷᠢ ᠶᠢᠨ ᠪᠠᠭᠳᠠᠭᠠᠮᠵᠢ ᠶᠢᠨ ᠬᠡᠮᠵᠢᠶ᠎ᠠ 90 ᠭᠠᠷᠤᠢ ᠲᠦᠮᠡᠨ ᠰᠠᠤᠷᠢ ᠳᠤ ᠬᠦᠷᠴᠦ᠂ 2020 ᠤᠨ ᠪᠤᠯᠬᠤ ᠳᠤ 300 ᠲᠦᠮᠡᠨ ᠰᠠᠤᠷᠢ ᠶᠢ ᠲᠠᠪᠠᠭᠤᠯᠬᠤ ᠪᠠᠷ ᠴᠢᠷᠮᠠᠶᠢᠵᠤ ᠪᠤᠢ︔ ᠵᠢᠱᠢᠶᠡᠯᠡᠪᠡᠯ᠂ ᠲᠤᠳᠤᠭᠠᠳᠤ ᠭᠠᠳᠠᠭᠠᠳᠤ ᠨᠡᠭᠡᠭᠡᠯᠲᠡ ᠶᠢ ᠲᠦᠷᠭᠡᠳᠬᠡᠵᠦ᠂ ᠰᠠᠭᠤᠷᠢ ᠳᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠠᠰᠠᠭᠤᠳᠠᠯ ᠲᠠᠬᠡᠷ᠎ᠠ᠂ ᠡᠨᠡ ᠵᠢᠯ ᠤᠨ 2 ᠰᠠᠷ᠎ᠠ ᠶᠢᠨ 27 ᠤ ᠡᠳᠦᠷ᠂ ᠪᠢᠳᠠ ᠪᠡᠭᠡᠵᠢᠩ ᠳᠤ ᠦᠪᠡᠷᠲᠡᠭᠡᠨ ᠵᠠᠰᠠᠬᠤ ᠤᠷᠤᠨ ᠤ ᠵᠠᠰᠠᠬ ᠤᠨ ᠤᠷᠳᠤᠨ ᠬᠢᠬᠡᠳ ᠲᠦᠪ ᠤᠨ ᠠᠵᠤ ᠠᠬᠤᠶᠢᠯᠠᠯ ᠪᠠ ᠮᠦᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠬᠠᠮᠲᠤᠷᠠᠨ ᠠᠵᠢᠯᠯᠠᠬᠤ ᠶᠠᠷᠢᠯᠴᠠᠬᠤ ᠬᠤᠷᠠᠯ ᠬᠤᠷᠠᠯᠳᠤᠭᠤᠯᠵᠤ᠂ 1000 ᠰᠢᠬᠠᠮ ᠠᠷᠠᠯᠵᠢᠶᠡᠴᠢᠨ ᠪᠤᠯᠤᠨ 160 ᠭᠠᠷᠤᠢ ᠠᠵᠤ ᠠᠬᠤᠶᠢᠯᠠᠯ ᠤᠷᠤᠯᠴᠠᠵᠤ᠂ ᠲᠤᠬᠠᠢ ᠶᠢᠨ ᠡᠳᠦᠷ ᠤᠨ ᠦᠳᠡ ᠶᠢᠨ ᠡᠮᠦᠨ᠎ᠡ ᠳᠠᠷᠤᠢ 88 ᠬᠠᠮᠲᠤᠷᠠᠯᠴᠠᠭᠠᠨ ᠤ ᠬᠡᠯᠡᠯᠴᠡᠭᠡᠷ ᠳᠤᠬᠲᠠᠵᠤ᠂ ᠪᠡᠯᠡ ᠤᠷᠤᠭᠤᠯᠤᠯᠳᠠ ᠶᠢᠨ ᠬᠡᠮᠵᠢᠶ᠎ᠠ 4020 ᠳ᠋ᠦᠩᠰᠢᠭᠤᠷ ᠲᠦᠭᠦᠷᠢᠭ ᠲᠤ ᠬᠦᠷᠴᠦ᠂ ᠴᠢᠬᠤᠯᠠ ᠶᠡᠭᠡ ᠰᠠᠭᠤᠷᠢ ᠳᠦᠬᠦᠭᠡᠷᠦᠮᠵᠢ ᠪᠠ ᠴᠢᠬᠤᠯᠠ ᠶᠡᠭᠡ ᠠᠵᠤ ᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢᠶᠠᠷ ᠭᠤᠤᠯᠳᠠᠵᠠᠢ᠃ ᠤᠳᠤ ᠪᠢᠳᠠ ᠬᠤᠷᠢᠨᠬᠡᠷ ᠰᠢᠨ᠎ᠡ ᠲᠤᠭᠤᠷᠢᠭ ᠢ ᠡᠬᠢᠯᠡᠨ ᠪᠠᠶᠢᠭᠤᠯᠵᠤ᠂ ᠶᠠᠭ ᠤᠯᠠᠨ ᠤᠯᠤᠰ ᠤᠨ ᠬᠤᠯᠪᠤᠭᠠᠲᠤ ᠪᠠᠶᠢᠭᠤᠯᠤᠯᠭ᠎ᠠ ᠶᠢᠨ ᠴᠦᠯᠯᠡᠷᠬᠡᠭᠵᠢᠯ ᠢ ᠰᠡᠷᠭᠡᠶᠢᠯᠡᠨ ᠵᠠᠰᠠᠬᠤ ᠨᠡᠶᠢᠲᠡ ᠶᠢᠨ ᠭᠡᠷ᠎ᠡ ᠶᠢᠨ ᠠᠷᠪᠠᠨ ᠭᠤᠷᠪᠠᠳᠤᠭᠠᠷ ᠤᠳᠠᠭᠠᠨ ᠤ ᠭᠡᠷᠡᠲᠤ ᠲᠠᠯ᠎ᠠ ᠶᠢᠨ ᠶᠡᠭᠡ ᠬᠤᠷᠠᠯ ᠪᠤᠯᠤᠨ ᠬᠤᠶᠠᠳᠤᠭᠠᠷ ᠬᠤᠭᠤᠴᠠᠭᠠᠨ ᠤ ᠳᠤᠮᠳᠠᠳᠤ ᠮᠤᠩᠭᠤᠯ ᠤᠨ ᠦᠵᠡᠰᠬᠦᠯᠡᠩ ᠤᠨ ᠴᠤᠬᠯᠠᠭᠠᠨ ᠢ ᠢᠳᠡᠪᠬᠢᠲᠡᠢ ᠪᠡᠯᠡᠳᠬᠡᠵᠦ ᠪᠤᠢ︔ ︽ᠤᠮᠠᠷᠠᠰᠢ ᠮᠤᠷᠲᠠᠨ ᠡᠮᠦᠨᠡᠰᠢ ᠪᠠᠭᠤᠵᠤ᠂ ᠵᠡᠭᠦᠨᠰᠢ ᠤᠷᠤᠬᠰᠢᠯᠠᠨ ᠪᠠᠷᠠᠭᠤᠨᠰᠢ ᠵᠤᠷᠴᠢᠵᠤ᠂ ᠲᠤᠳᠤᠷ᠎ᠠ ᠭᠠᠳᠠᠨᠠᠬᠢ ᠲᠠᠢ ᠬᠤᠯᠪᠤᠭᠠᠯᠠᠨ ᠬᠦᠳᠡᠯᠦᠯᠴᠡᠵᠦ᠂ ᠤᠯᠠᠨ ᠲᠠᠯᠠᠲᠤ︾ ᠶᠢᠨ ᠨᠡᠭᠡᠭᠡᠯᠲᠡ ᠶᠢᠨ ᠰᠢᠨ᠎ᠡ ᠪᠠᠶᠢᠷᠢᠰᠢᠯ ᠢ ᠶᠠᠭ ᠲᠦᠷᠭᠡᠳᠬᠡᠨ ᠪᠦᠷᠢᠯᠳᠦᠬᠦᠯᠵᠦ ᠪᠠᠶᠢᠨ᠎ᠠ᠃ ᠵᠢᠱᠢᠶᠡᠯᠡᠪᠡᠯ᠂ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠳᠠᠶᠢᠨ ᠳᠤ ᠡᠷᠡᠰ ᠢᠯᠠᠯᠳᠠ ᠶᠢ ᠤᠯᠬᠤ ᠠᠰᠠᠭᠤᠳᠠᠯ ᠲᠠᠬᠡᠷ᠎ᠠ᠂ ᠪᠦᠬᠦ ᠤᠷᠤᠨ ᠤ ᠡᠯ᠎ᠠ ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠰᠢᠨᠳᠠᠰᠤ ᠡᠷᠴᠢᠯᠡᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠺᠠᠳ᠋ᠷᠴᠤᠳ ᠤᠨ ᠶᠠᠳᠠᠷᠠᠵᠤ ᠵᠦᠳᠡᠷᠡᠭᠰᠡᠨ ᠵᠢᠭᠠᠯᠳᠠ ᠲᠤᠭ᠎ᠠ ᠪᠠᠷ ᠤᠯᠠᠨ ᠲᠦᠮᠡᠨ ᠤ ᠵᠤᠯ ᠵᠢᠷᠭᠠᠯ ᠤᠨ ᠵᠢᠭᠠᠯᠳᠠ ᠲᠤᠭ᠎ᠠ ᠶᠢ ᠰᠤᠯᠢᠵᠤ᠂ ᠵᠤᠪᠠᠭᠤᠷᠢ ᠶᠢ ᠡᠳ᠋ᠯᠡᠵᠦ ᠵᠦᠳᠡᠭᠦᠷᠢ ᠶᠢ ᠲᠡᠰᠪᠦᠷᠢᠯᠡᠬᠦ ᠂ ᠴᠤᠴᠠᠯᠲᠠ ᠦᠭᠡᠢ ᠤᠷᠤᠬᠰᠢᠯᠠᠬᠤ ᠮᠤᠩᠭᠤᠯ ᠮᠤᠷᠢ ᠶᠢᠨ ᠵᠤᠷᠢᠭ ᠰᠠᠨᠠᠭ᠎ᠠ ᠪᠠᠷ ᠬᠠᠷᠠᠯᠲᠠ ᠳᠠᠭᠠᠨ ᠬᠦᠷᠬᠦ ᠦᠭᠡᠢ ᠪᠤᠯ ᠡᠴᠦᠰ ᠲᠤᠨᠢ ᠲᠤᠯᠲᠠᠯ᠎ᠠ ᠲᠡᠮᠡᠴᠡᠵᠤ᠂ 2020 ᠤᠨ ᠳᠤ ᠬᠤᠭᠤᠴᠠᠭ᠎ᠠ ᠶᠤᠰᠤᠭᠠᠷ ᠶᠠᠳᠠᠭᠤ ᠬᠦᠴᠢᠷᠳᠡᠯᠳᠡᠢ ᠬᠦᠮᠦᠰ ᠢ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ ᠬᠦᠴᠢᠷᠳᠡᠯᠳᠡᠢ ᠭᠠᠴᠠᠭ᠎ᠠ ᠲᠤᠰᠬᠤᠨ ᠪᠤᠯᠤᠨ ᠬᠤᠰᠢᠭᠤ ᠰᠢᠶᠠᠨ ᠢ ᠪᠦᠬᠦᠨ ᠢ ᠶᠠᠳᠠᠭᠤ ᠠᠴᠠ ᠠᠩᠬᠢᠵᠢᠷᠠᠭᠤᠯᠬᠤ ᠶᠢ ᠪᠡᠶᠡᠯᠡᠬᠦᠯᠦᠨ᠎ᠠ᠃ ᠪᠢᠳᠠ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠰᠠᠶᠢᠳᠤᠷ ᠲᠤᠤᠱᠯᠠᠭᠤᠯᠤᠨ ᠨᠠᠶᠢᠳᠠᠪᠤᠷᠢᠵᠢᠭᠤᠯᠴᠢᠬᠠᠪᠠᠯ᠂ ᠮᠦᠪᠦᠷ ᠮᠤᠩᠭᠤᠯ ᠤᠨ ᠮᠠᠷᠭᠠᠰᠢ ᠨᠡᠩ ᠰᠠᠶᠢᠨ ᠰᠠᠶᠢᠬᠠᠨ ᠪᠤᠯᠤᠨ᠎ᠠ ᠭᠡᠰᠡᠨ ᠢ ᠪᠠᠲᠤ ᠢᠲᠡᠭᠡᠵᠦ ᠪᠠᠶᠢᠨ᠎ᠠ᠃ ᠡᠨᠡ ᠵᠢᠯ ᠤᠨ 1 — 2 ᠰᠠᠷ᠎ᠠ ᠳᠤ᠂ ᠦᠪᠡᠷᠲᠡᠭᠡᠨ ᠵᠠᠰᠠᠬᠤ ᠤᠷᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠪᠠᠶᠢᠳᠠᠯ ᠡᠷᠡᠬᠦᠯ ᠳᠤᠬᠲᠠᠭᠤᠨ ᠮᠦᠷᠲᠡᠭᠡᠨ ᠰᠠᠶᠢᠵᠢᠷᠠᠯᠳᠠ ᠲᠠᠢ ᠪᠠᠶᠢᠵᠤ᠂ ᠪᠦᠬᠦ ᠤᠷᠤᠨ ᠤ ᠡᠩ ᠤᠨ ᠤᠯᠠᠨ ᠨᠡᠶᠢᠲᠡ ᠶᠢᠨ ᠲᠦᠰᠦᠪ ᠤᠨ ᠤᠷᠤᠯᠭ᠎ᠠ 318.1 ᠳ᠋ᠦᠩᠰᠢᠭᠤᠷ ᠲᠦᠭᠦᠷᠢᠭ ᠲᠤ ᠬᠦᠷᠦᠬᠡᠳ 7.5% ᠢᠶᠠᠷ ᠨᠡᠮᠡᠭᠳᠡᠵᠡᠢ᠃ ᠡᠭᠦᠨ ᠳᠤ ᠭᠠᠶᠢᠯᠢ ᠶᠢᠨ ᠤᠷᠤᠯᠭ᠎ᠠ 239.2 ᠳ᠋ᠦᠩᠰᠢᠭᠤᠷ ᠲᠦᠭᠦᠷᠢᠭ ᠲᠤ ᠬᠦᠷᠦᠬᠡᠳ 24.0% ᠢᠶᠠᠷ ᠨᠡᠮᠡᠭᠳᠡᠵᠤ᠂ ᠭᠠᠶᠢᠯᠢ ᠶᠢᠨ ᠪᠤᠰᠤ ᠤᠷᠤᠯᠭ᠎ᠠ 78.9 ᠳ᠋ᠦᠩᠰᠢᠭᠤᠷ ᠲᠦᠭᠦᠷᠢᠭ ᠲᠤ ᠬᠦᠷᠦᠬᠡᠳ 23.4% ᠢᠶᠠᠷ ᠪᠠᠭᠤᠷᠠᠪᠠ᠃      ᠲᠦᠪ ᠤᠨ ᠠᠷᠠᠳ ᠤᠨ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ ᠶᠢᠨ ᠰᠤᠷᠪᠤᠯᠵᠢᠯᠠᠬᠴᠢ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠬᠡᠷᠬᠢᠨ ᠨᠠᠶᠢᠳᠠᠪᠤᠷᠢᠵᠢᠭᠤᠯᠵᠤ᠂ ᠰᠤᠷᠲᠠᠯ ᠴᠢᠭᠡᠴᠢ ᠤᠪᠤᠷ ᠲᠦᠪ ᠤᠯᠤᠰ ᠲᠦᠷᠦ ᠶᠢᠨ ᠠᠮᠢ ᠠᠬᠤᠢ ᠶᠢ ᠭᠡᠷᠬᠢᠨ ᠡᠭᠦᠳᠦᠨ ᠪᠠᠶᠢᠭᠤᠯᠬᠤ ᠪᠠᠷ ᠲᠦᠯᠦᠪᠯᠡᠵᠦ ᠪᠠᠶᠢᠬᠤ ᠪᠤᠢ︖      ᠯᠢ ᠵᠢᠢ ᠾᠧᠩ ᠲᠦᠯᠦᠭᠡᠯᠡᠭᠴᠢ᠄ ᠦᠪᠦᠷ ᠮᠤᠩᠭᠤᠯ ᠤᠨ ᠠᠵᠢᠯ ᠢ ᠰᠠᠶᠢᠳᠤᠷ ᠬᠢᠬᠦ ᠵᠠᠩᠭᠢᠯᠠᠭ᠎ᠠ ᠪᠤᠯ ᠨᠠᠮ ᠢ ᠴᠢᠩᠭ᠎ᠠ ᠬᠠᠮᠢᠶᠠᠷᠴᠤ ᠴᠢᠩᠭ᠎ᠠ ᠵᠠᠰᠠᠬᠤ ᠪᠤᠯᠤᠨ᠎ᠠ᠃ ᠪᠢᠳᠠ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠶᠢ ᠰᠠᠶᠢᠳᠤᠷ ᠠᠳᠬᠤᠬᠤ ᠶᠢ ᠵᠠᠰᠠᠬ ᠤᠨ ᠠᠵᠢᠯ ᠤᠨ ᠬᠠᠮᠤᠭ ᠤᠨ ᠶᠡᠭᠡ ᠪᠦᠲᠦᠮᠵᠢ ᠪᠤᠯᠭᠠᠬᠤ ᠶᠢ ᠪᠠᠷᠢᠮᠲᠠᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠯ᠎ᠡ ᠲᠦᠷᠦᠯ ᠤᠨ ᠠᠵᠢᠯ ᠢ ᠬᠦᠨᠵᠡᠭᠡᠢ ᠠᠬᠢᠭᠤᠯᠵᠤ ᠪᠤᠢ᠃ ᠨᠢᠬᠡ ᠳᠤ᠂ ᠦᠵᠡᠯ ᠰᠠᠨᠠᠭ᠎ᠠ ᠤᠨᠤᠯ ᠤᠨ ᠪᠠᠶᠢᠭᠤᠯᠤᠯᠳᠠ ᠶᠢᠨ ᠡᠨᠡᠬᠦ ᠦᠨᠳᠤᠰᠤᠨ ᠵᠦᠢᠯ ᠢ ᠰᠠᠶᠢᠳᠤᠷ ᠠᠳᠬᠤᠵᠤ᠂ ᠶᠠᠷᠤᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠤᠷᠢᠬ ᠰᠠᠨᠠᠭ᠎ᠠ ᠪᠤᠯᠤᠨ ᠲᠦᠷᠦ ᠶᠢ ᠵᠠᠰᠠᠵᠤ ᠵᠠᠰᠠᠬ ᠢ ᠡᠷᠬᠢᠯᠡᠬᠦ ᠰᠢᠨ᠎ᠠ ᠤᠶᠢᠯᠠᠭᠠᠭᠳᠠᠭᠤᠨ ᠰᠢᠨ᠎ᠠ ᠦᠵᠡᠯ ᠰᠠᠨᠠᠭ᠎ᠠ ᠰᠢᠨ᠎ᠠ ᠪᠠᠶᠢᠯᠳᠤᠬᠤ ᠪᠤᠳᠤᠯᠭ᠎ᠠ ᠶᠢ ᠬᠦᠨᠵᠡᠬᠡᠢ ᠰᠤᠷᠤᠯᠴᠠᠨ ᠲᠤᠤᠱᠯᠠᠭᠤᠯᠬᠤ ᠶᠢ ᠤᠷᠳᠤ ᠬᠤᠭᠤᠴᠠᠭᠠᠨ ᠤ ᠴᠢᠬᠤᠯᠠ ᠶᠡᠭᠡ ᠤᠯᠤᠰ ᠲᠦᠷᠤ ᠶᠢᠨ ᠡᠬᠦᠷᠬᠡ ᠪᠤᠯᠭᠠᠨ ᠦᠨᠡᠨ ᠰᠤᠷᠤᠯᠴᠠᠵᠤ᠂ ᠦᠨᠡᠨ ᠤᠶᠢᠯᠠᠭᠠᠵᠤ᠂ ᠦᠨᠡᠨ ᠢᠳᠡᠬᠡᠵᠤ᠂ ᠦᠨᠡᠨ ᠭᠡᠷᠡᠭᠯᠡᠬᠦ ᠶᠢ ᠪᠡᠶᠡᠯᠡᠬᠦᠯᠤᠨ᠎ᠠ᠃ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠦᠮᠤᠵᠢᠯ ᠢ ᠪᠠᠶᠢᠩᠭᠤᠵᠢᠭᠤᠯᠵᠤ ᠲᠦᠷᠢᠮᠵᠢᠬᠦᠯᠬᠦ ᠶᠢ ᠲᠦᠷᠬᠡᠳᠬᠡᠨ ᠠᠬᠢᠭᠤᠯᠵᠤ᠂ ᠦᠷᠬᠡᠨ ᠤᠯᠠᠨ ᠨᠠᠮ ᠤᠨ ᠬᠡᠰᠢᠬᠦᠨ᠂ ᠺᠠᠳ᠋ᠷ ᠤᠨ ᠤᠯᠤᠰ ᠲᠦᠷᠤ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠤᠯᠯᠠᠬᠤ ᠤᠬᠠᠮᠰᠠᠷ᠂ ᠨᠢᠬᠡᠳᠤᠯᠳᠠᠢ ᠪᠠᠶᠢᠬᠤ ᠤᠬᠠᠮᠰᠠᠷ ᠢᠶᠠᠨ ᠦᠨᠡᠨᠬᠦ ᠲᠡᠭᠡᠭᠰᠢᠯᠡᠬᠦᠯᠬᠦ ᠶᠢ ᠠᠬᠢᠭᠤᠯᠵᠤ᠂ ᠲᠤᠬ ᠲᠡᠮᠳᠡᠭ ᠳᠤᠳᠤᠷᠬᠠᠢ ᠪᠠᠷ ᠤᠯᠤᠰ ᠲᠦᠷᠤ ᠶᠢ ᠡᠷᠬᠢᠮᠯᠠᠵᠤ᠂ ᠤᠯᠤᠰ ᠲᠦᠷᠤ ᠶᠢᠨ ᠰᠠᠬᠢᠯᠭ᠎ᠠ ᠪᠠᠳᠤ ᠪᠤᠯᠤᠨ ᠤᠯᠤᠰ ᠲᠦᠷᠤ ᠶᠢᠨ ᠶᠤᠰᠤ ᠵᠢᠷᠤᠮ ᠢ ᠴᠢᠩᠭ᠎ᠠ ᠰᠠᠬᠢᠵᠤ᠂ ᠶᠠᠷᠤᠩᠬᠡᠢ ᠱᠦᠵᠢ ᠰᠢ ᠶᠢᠨ ᠫᠢᠩ ᠤᠨ ᠭᠤᠤᠯᠯᠠᠭᠴᠢ ᠶᠢᠨ ᠪᠠᠶᠢᠷᠢ ᠰᠠᠭᠤᠷᠢ ᠶᠢ ᠡᠷᠡᠰ ᠬᠦᠷᠢᠶᠠᠯᠠᠵᠤ᠂ ᠨᠠᠮ ᠤᠨ ᠲᠦᠪ ᠬᠤᠷᠢᠶᠠᠨ ᠤ ᠡᠷᠬᠡ ᠰᠦᠷ ᠢ ᠡᠷᠡᠰ ᠬᠦᠷᠢᠶᠠᠯᠠᠵᠤ᠂ ᠤᠯᠤᠰ ᠲᠦᠷᠤ ᠦᠵᠡᠯ ᠰᠠᠨᠠᠭ᠎ᠠ ᠦᠢᠯᠡ ᠠᠵᠢᠯᠯᠠᠭ᠎ᠠ ᠲᠡᠭᠡᠷ᠎ᠠ ᠪᠠᠨ ᠢᠮᠠᠬᠳᠠ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠲᠠᠢ ᠲᠡᠭᠡᠳᠤ ᠬᠡᠮᠵᠢᠶ᠎ᠠ ᠪᠠᠷ ᠨᠢᠬᠡᠳᠤᠯᠳᠠᠢ ᠪᠠᠶᠢᠯᠭᠠᠨ᠎ᠠ᠃ ᠬᠤᠶᠠᠷ ᠲᠤ᠂ ᠰᠢᠨ᠎ᠠ ᠪᠠᠶᠢᠳᠠᠯ ᠲᠤᠤᠷᠠᠬᠢ ᠨᠠᠮ ᠤᠨ ᠳᠤᠳᠤᠭᠠᠳᠤ ᠶᠢᠨ ᠤᠯᠤᠰ ᠲᠦᠷᠤ ᠶᠢᠨ ᠠᠮᠢᠳᠤᠷᠠᠯ ᠤᠨ ᠪᠠᠷᠢᠮᠵᠢᠶ᠎ᠠ ᠨᠤᠭᠤᠳ ᠪᠤᠯᠤᠨ ᠨᠠᠮ ᠤᠨ ᠳᠤᠳᠤᠭᠠᠳᠤ ᠳᠤ ᠬᠢᠨᠠᠯᠳᠠ ᠲᠠᠯᠪᠢᠬᠤ ᠲᠦᠷᠢᠮ ᠢ ᠪᠦᠬᠦ ᠲᠠᠯ᠎ᠠ ᠪᠠᠷ ᠨᠠᠶᠢᠳᠠᠠᠪᠤᠷᠢᠵᠢᠭᠤᠯᠵᠤ᠂ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠤᠯᠤᠨ ᠨᠡᠮ ᠤᠨ ᠬᠡᠰᠢᠬᠦᠨ ᠺᠠᠳ᠋ᠷ ᠤᠨ ᠲᠤᠰ ᠪᠠᠶ᠎ᠠ ᠶᠢᠨ ᠠᠰᠠᠭᠤᠳᠠᠯ ᠢᠶᠠᠨ ᠢᠯᠡᠷᠡᠬᠦᠯᠵᠤ ᠰᠢᠢᠳᠪᠤᠷᠢᠯᠡᠬᠦ ᠴᠢᠳᠠᠪᠤᠷᠢ ᠶᠢ ᠲᠡᠭᠡᠭᠰᠢᠯᠡᠬᠦᠯᠤᠨ᠎ᠠ᠃ ᠭᠤᠷᠪᠠ ᠳᠤ᠂ ᠺᠠᠳ᠋ᠷ ᠢ ᠰᠤᠩᠭᠤᠨ ᠭᠡᠷᠡᠭᠯᠡᠬᠦ᠂ ᠬᠢᠨᠠᠨ ᠬᠠᠮᠢᠶᠠᠷᠬᠤ ᠶᠢ ᠴᠢᠩᠭᠠᠳᠬᠠᠵᠤ᠂ ᠲᠦᠪ ᠭᠤᠤᠯᠴᠢ ᠠᠷᠢᠭᠤᠨ ᠴᠢᠬᠡᠴᠢ ᠵᠤᠷᠢᠬᠳᠠᠢ ᠡᠬᠦᠷᠬᠡᠯᠡᠳᠡᠭ ᠲᠡᠭᠡᠳᠤ ᠮᠡᠳᠡᠯᠬᠡ ᠪᠤᠯᠪᠠᠰᠤᠷᠠᠯ ᠲᠠᠢ ᠺᠠᠳ᠋ᠷ ᠤᠨ ᠡᠩᠨᠡᠭᠡ ᠶᠢ ᠪᠠᠶᠢᠭᠤᠯᠵᠤ᠂ ᠺᠠᠳ᠋ᠷ ᠢ ᠭᠡᠷᠡᠭᠯᠡᠬᠦ ᠳᠤ ︽ᠮᠤᠷᠠᠯ ᠡᠷᠳᠡᠮ ᠬᠤᠤᠰᠠᠯᠠᠬᠰᠠᠨ ᠮᠤᠷᠠᠯ ᠢ ᠲᠡᠷᠢᠬᠦᠨ ᠳᠤ ᠲᠠᠯᠪᠢᠬᠰᠠᠨ︾᠂ ︽ᠠᠭᠤᠳᠠᠮ ᠪᠠᠭᠳᠠᠭᠠᠮᠵᠢᠳᠠᠢ᠂ ᠰᠤᠷᠳᠠᠯ ᠴᠢᠬᠡᠴᠢ ᠤᠪᠤᠷ ᠲᠦᠪ︾ ᠪᠠᠶᠢᠬᠤ ᠶᠢ ᠪᠠᠳᠤᠯᠠᠨ᠎ᠠ᠃ ᠲᠦᠷᠪᠡ ᠳᠤ᠂ ᠦᠨᠳᠤᠰᠤᠨ ᠱᠠᠳᠤ ᠶᠢ ᠶᠡᠬᠡᠪᠡᠷ ᠠᠳᠬᠤᠬᠤ ᠢᠯᠡ ᠳᠤᠳᠤᠷᠬᠠᠢ ᠤᠳᠤᠷᠢᠳᠤᠮᠵᠢ ᠶᠢ ᠪᠠᠳᠤ ᠪᠤᠢ ᠪᠤᠯᠭᠠᠵᠤ᠂ ︽ᠤᠮᠠᠷᠠᠳᠤ ᠬᠢᠯᠢ ᠶᠢᠨ ᠬᠤᠰᠢᠭᠤᠴᠢ︾ ᠢᠨᠵᠧᠨᠧᠷᠢᠩ ᠢ ᠭᠡᠷᠡᠭᠵᠢᠬᠦᠯᠵᠤ᠂ ᠮᠠᠯᠵᠢᠬᠤ ᠲᠠᠷᠢᠶᠠᠯᠠᠬᠤ ᠤᠷᠤᠨ᠂ ᠬᠤᠳᠠ ᠪᠠᠯᠭᠠᠰᠤ ᠨᠡᠶᠢᠬᠡᠮ ᠲᠤᠭᠤᠷᠢᠬ᠂ ᠪᠠᠶᠢᠭᠤᠯᠤᠯᠭ᠎ᠠ᠂ ᠤᠯᠤᠰ ᠤᠨ ᠦᠮᠴᠢᠯᠡᠯ ᠤᠨ ᠠᠵᠤ ᠠᠬᠤᠶᠢᠯᠠᠯ᠂ ᠶᠡᠭᠡ ᠲᠡᠭᠡᠳᠤ ᠰᠤᠷᠭᠠᠭᠤᠯᠢ ᠪᠤᠯᠤᠨ ᠨᠡᠶᠢᠳᠠ ᠶᠢᠨ ᠦᠮᠴᠢᠯᠠᠯ ᠤᠨ ᠪᠤᠰᠤ ᠠᠵᠤ ᠠᠬᠤᠢ ᠶᠢᠨ ᠵᠤᠬᠢᠶᠠᠨ ᠪᠠᠶᠢᠭᠤᠯᠤᠯᠳᠠ᠂ ᠨᠡᠶᠢᠬᠡᠮ ᠤᠨ ᠵᠤᠬᠢᠶᠠᠨ ᠪᠠᠶᠢᠭᠤᠯᠤᠯᠳᠠ ᠵᠡᠷᠬᠡ ᠬᠦᠷᠢᠶᠠᠨ ᠤ ᠨᠠᠮ ᠤᠨ ᠪᠠᠶᠢᠭᠤᠯᠤᠯᠳᠠ ᠶᠢᠨ ᠠᠵᠢᠯ ᠢ ᠯᠠᠪᠳᠠᠭᠤᠨ ᠢᠶᠠᠷ ᠠᠬᠢᠭᠤᠯᠵᠤ᠂ ᠨᠠᠮ ᠤᠨ ᠪᠠᠶᠢᠭᠤᠯᠤᠯᠳᠠ ᠶᠢᠨ ᠠᠵᠢᠯ ᠤᠨ ᠲᠡᠭᠡᠷ᠎ᠠ ᠱᠠᠳᠤ ᠲᠠᠢ ᠤᠶᠢᠷᠠᠳᠴᠤ ᠪᠦᠬᠦᠨ ᠢ ᠪᠦᠷᠬᠦᠬᠦᠯᠬᠦ᠂ ᠦᠨᠳᠤᠰᠤᠨ ᠱᠠᠳᠤ ᠲᠠᠢ ᠤᠶᠢᠷᠠᠳᠴᠤ ᠬᠦᠨ ᠦᠨᠳᠤᠰᠤᠯᠡᠬᠦ ᠶᠢ ᠪᠠᠳᠤᠯᠠᠵᠤ᠂ ᠦᠨᠳᠤᠰᠤᠨ ᠱᠠᠳᠤᠨ ᠤ ᠨᠠᠮ ᠤᠨ ᠪᠠᠶᠢᠭᠤᠯᠤᠯᠳᠠ ᠶᠢᠨ ᠠᠵᠢᠯ ᠤᠨ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠬᠦᠯᠤᠨ᠎ᠠ᠃ ᠲᠠᠪᠤ ᠳᠤ᠂ ︽ᠨᠠᠮ ᠤᠨ ᠲᠦᠪ ᠬᠤᠷᠢᠶ᠎ᠠ ᠶᠢᠨ ᠨᠠᠢᠮᠠᠨ ᠲᠤᠭᠳᠠᠭᠠᠯ ᠤᠨ ᠵᠤᠷᠢᠬ ᠰᠠᠨᠠᠭ᠎ᠠ ᠶᠢ ᠴᠢᠨᠠᠬᠰᠢᠳᠠ ᠲᠤᠤᠱᠯᠠᠭᠤᠯᠤᠨ ᠨᠠᠶᠢᠳᠠᠪᠤᠷᠢᠵᠢᠭᠤᠯᠵᠤ ᠰᠤᠷᠳᠠᠯ ᠤᠨ ᠪᠠᠶᠢᠭᠤᠯᠤᠯᠳᠠ ᠶᠢ ᠦᠷᠬᠦᠯᠵᠢᠯᠠᠨ ᠬᠦᠨᠵᠡᠬᠡᠶᠢᠷᠡᠬᠦᠯᠬᠦ ᠲᠤᠬᠠᠢ ᠰᠠᠨᠠᠯ︾ ᠢ ᠰᠤᠳᠤᠯᠤᠨ ᠲᠤᠭᠳᠠᠭᠠᠵᠤ ᠪᠤᠢ᠃ ᠡᠬᠦᠨ ᠢ ᠨᠡᠩ ᠴᠢᠩᠭ᠎ᠠ᠂ ᠨᠡᠩ ᠬᠢᠵᠠᠭᠠᠷᠯᠠᠬᠤ ᠴᠢᠨᠠᠷᠳᠠᠢ ᠪᠠ ᠠᠵᠢᠯᠯᠠᠬᠤ ᠴᠢᠨᠠᠷᠳᠠᠢ ᠪᠤᠯᠭᠠᠵᠤ᠂ ᠰᠤᠷᠳᠠᠯ ᠤᠨ ᠪᠠᠶᠢᠭᠤᠯᠤᠯᠳᠠ ᠶᠢ ᠦᠴᠦᠬᠡᠨ ᠴᠤ ᠰᠤᠯᠠᠷᠠᠭᠤᠯᠬᠤ ᠪᠠᠷ ᠰᠠᠶᠢᠳᠤᠷ ᠠᠳᠬᠤᠨ᠎ᠠ᠃ ᠵᠢᠷᠭᠤᠭ᠎ᠠ ᠳᠤ᠂ ᠨᠠᠮ ᠤᠨ ᠰᠤᠷᠳᠠᠯ ᠴᠢᠬᠡᠴᠢ ᠵᠠᠰᠠᠬ ᠤᠨ ᠪᠠᠶᠢᠭᠤᠯᠤᠯᠳᠠ ᠪᠤᠯᠤᠨ ᠢᠯᠵᠢᠷᠠᠯ ᠢ ᠡᠰᠡᠷᠬᠦᠴᠡᠬᠦ ᠲᠡᠮᠡᠴᠡᠯ ᠢ ᠡᠷᠡᠰ ᠭᠤᠶᠢᠪᠢᠰᠢ ᠦᠬᠡᠢ ᠠᠬᠢᠭᠤᠯᠵᠤ᠂ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠲᠤᠭᠳᠠᠴᠠ ᠶᠢᠨ ᠦᠬᠡᠷᠡᠴᠢᠯᠠᠯᠳᠠ ᠶᠢ ᠬᠦᠨᠵᠡᠬᠡᠶᠢᠷᠡᠬᠦᠯᠵᠤ᠂ ᠲᠤᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ ᠠᠶᠢᠮᠠᠬ ᠬᠤᠳᠠ᠂ ᠬᠤᠰᠢᠭᠤ ᠰᠢᠶᠠᠨ ᠤ ᠲᠤᠭᠤᠷᠢᠨ ᠪᠠᠶᠢᠴᠠᠭᠠᠬᠤ ᠲᠦᠷᠢᠮ ᠢ ᠪᠦᠬᠦ ᠲᠠᠯ᠎ᠠ ᠪᠠᠷ ᠠᠬᠢᠭᠤᠯᠤᠨ᠎ᠠ᠃ ᠭᠡᠷᠡᠭ ᠪᠠᠶᠢᠪᠠᠯ ᠵᠠᠪᠠᠯ ᠪᠠᠶᠢᠴᠠᠭᠠᠬᠤ᠂ ᠭᠡᠷᠡᠭ ᠪᠠᠶᠢᠪᠠᠯ ᠲᠦᠢᠯᠪᠤᠷᠢᠳᠠᠢ ᠪᠠᠶᠢᠴᠠᠭᠠᠬᠤ ᠶᠢ ᠪᠡᠶᠡᠯᠡᠬᠦᠯᠵᠤ᠂ ︽ᠪᠠᠷᠰ︾ ︽ᠢᠯᠠᠭ᠎ᠠ︾ ᠶᠢ ᠵᠡᠷᠬᠡᠪᠡᠷ ᠴᠤᠬᠢᠵᠤ᠂ ᠱᠠᠮᠰᠢᠬᠤ ᠶᠢ ᠵᠠᠯᠬᠠᠭᠠᠨ ᠰᠢᠳᠬᠡᠵᠤ ᠢᠯᠵᠢᠷᠠᠯ ᠢ ᠡᠰᠡᠷᠬᠦᠴᠡᠬᠦ ᠰᠦᠷ ᠬᠦᠴᠤᠳᠤ ᠪᠠᠶᠢᠳᠠᠯ ᠢ ᠪᠠᠳᠤᠯᠠᠨ ᠢᠯᠵᠢᠷᠠᠬᠤ ᠠᠴᠠ ᠵᠢᠷᠦᠬᠡᠰᠢᠶᠡᠬᠦ᠂ ᠢᠯᠵᠢᠷᠠᠵᠤ ᠪᠤᠯᠬᠤ ᠦᠭᠡᠢ᠂ ᠢᠯᠵᠢᠷᠠᠬᠤ ᠶᠢ ᠪᠤᠳᠤᠬᠤ ᠦᠭᠡᠢ ᠪᠠᠶᠢᠭᠤᠯᠤᠮᠵᠢ ᠲᠤᠭᠳᠠᠴᠠ ᠶᠢ ᠬᠦᠴᠤᠯᠨᠨ ᠪᠠᠶᠢᠭᠤᠯᠤᠨ᠎ᠠ᠃ ᠰᠢᠨ᠎ᠠ ᠨᠢᠬᠡ ᠬᠤᠭᠤᠴᠠᠭᠠᠨ ᠤ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠬᠢᠨ ᠰᠢᠨ᠎ᠠ ᠨᠢᠬᠡᠨ ᠡᠬᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠡᠬᠢᠯᠠᠬᠦᠯᠵᠤ᠂ ᠠᠶᠢᠮᠠᠬ ᠬᠤᠳᠠ᠂ ᠬᠤᠰᠢᠭᠤ ᠰᠢᠶᠠᠨ᠂ ᠤᠷᠤᠨ ᠤ ᠰᠢᠭᠤᠳ ᠬᠠᠷᠢᠶ᠎ᠠ ᠡᠯ᠎ᠠ ᠵᠦᠪᠯᠡᠯ ᠠᠯᠪᠠᠨ ᠭᠡᠷ ᠲᠢᠩᠬᠢᠮ ᠲᠤᠪᠴᠢᠶ᠎ᠠ ᠵᠢᠴᠢ ᠠᠵᠤ ᠠᠬᠤᠶᠢᠯᠠᠯ ᠠᠵᠢᠯ ᠤᠶᠢᠯᠡᠰ ᠤᠨ ᠨᠢᠬᠡᠴᠠ ᠳᠤ ᠲᠦᠯᠤᠪᠯᠡᠭᠡ ᠲᠠᠢ᠂ ᠪᠦᠬᠦᠨ ᠢ ᠪᠦᠷᠬᠦᠬᠦᠯᠬᠦ ᠲᠤᠭᠤᠷᠢᠨ ᠪᠠᠶᠢᠴᠠᠭᠠᠬᠤ ᠠᠵᠢᠯ ᠢ ᠦᠷᠨᠢᠬᠦᠯᠵᠤ᠂ ᠡᠬᠦᠨ ᠤ ᠬᠠᠮᠳᠤ ᠬᠤᠰᠢᠭᠤ ᠰᠢᠶᠠᠨ᠂ ᠰᠤᠮᠤ ᠰᠢᠶᠠᠩ ᠪᠠᠯᠭᠠᠰᠤ᠂ ᠭᠠᠴᠠᠭ᠎ᠠ ᠲᠤᠰᠬᠤᠨ ᠵᠢᠴᠢ ᠦᠨᠳᠤᠰᠤᠨ ᠱᠠᠳᠤᠨ ᠤ ᠨᠢᠬᠡᠴᠠ ᠳᠤ ᠲᠤᠭᠤᠷᠢᠨ ᠪᠠᠶᠢᠴᠠᠭᠠᠬᠤ ᠠᠵᠢᠯ ᠢ ᠡᠬᠢᠯᠡᠬᠦᠯᠤᠨ᠎ᠠ᠃ ᠲᠦᠪ ᠤᠨ ᠬᠤᠶᠠᠳᠤᠭᠠᠷ ᠲᠤᠭᠤᠷᠢᠨ ᠪᠠᠶᠢᠴᠠᠭᠠᠬᠤ ᠲᠤᠭᠤᠶᠢᠯᠠᠩ ᠶᠠᠭ ᠮᠠᠨ ᠤ ᠤᠷᠤᠨ ᠳᠤ ᠲᠤᠭᠤᠷᠢᠨ ᠪᠠᠶᠢᠴᠠᠭᠠᠵᠤ ︽ᠡᠷᠬᠢᠵᠤ ᠬᠠᠷᠠᠬᠤ︾ ᠠᠵᠢᠯ ᠦᠷᠨᠢᠬᠦᠯᠵᠤ ᠪᠤᠢ᠃ ᠪᠢᠳᠠ ᠲᠤᠭᠤᠷᠢᠨ ᠪᠠᠶᠢᠴᠠᠭᠠᠬᠤ ᠲᠤᠭᠤᠶᠢᠯᠠᠩ ᠯᠤᠭ᠎ᠠ ᠪᠦᠬᠦ ᠬᠦᠴᠤ ᠪᠠᠷ ᠢᠶᠠᠨ ᠬᠠᠮᠵᠢᠯᠴᠠᠨ ᠠᠵᠢᠯ ᠢᠶᠠᠨ ᠰᠠᠶᠢᠳᠤᠷ ᠬᠢᠵᠤ᠂ ᠠᠰᠠᠭᠤᠳᠠᠯ ᠢ ᠨᠡᠩ ᠰᠠᠶᠢᠨ ᠢᠯᠡᠷᠡᠬᠦᠯᠬᠦ ᠪᠠ ᠰᠢᠢᠳᠪᠤᠷᠢᠯᠠᠵᠤ᠂ ᠠᠵᠢᠯ ᠢᠶᠠᠨ ᠴᠢᠨᠠᠬᠰᠢᠳᠠ ᠴᠢᠩᠭᠠᠳᠬᠠᠬᠤ ᠪᠠ ᠰᠠᠶᠢᠵᠢᠷᠠᠭᠤᠯᠤᠨ᠎ᠠ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠬᠢᠨ ᠲᠡᠭᠡᠷ᠎ᠠ ᠱᠠᠳᠤ ᠨᠢ ᠲᠤᠤᠷ᠎ᠠ ᠱᠠᠳᠤ ᠪᠠᠨ ᠲᠠᠶᠢᠴᠢᠯᠠᠬᠤ ᠶᠢ ᠪᠠᠷᠢᠮᠳᠠᠯᠠᠵᠤ᠂ ᠠᠷᠢᠭᠤᠨ ᠴᠢᠬᠡᠴᠢ ᠪᠠᠷ ᠪᠠᠶ᠎ᠠ ᠪᠠᠨ ᠴᠢᠩᠭ᠎ᠠ ᠱᠠᠭᠠᠷᠳᠠᠨ ︽ᠲᠡᠷᠬᠡᠳᠡᠬᠢ ᠪᠠᠨ ᠦᠯᠤ ᠤᠶᠢᠯᠠᠭᠠᠬᠤ︾ ᠦᠵᠡᠭᠳᠠᠯ ᠢ ᠦᠨᠡᠨᠬᠦ ᠰᠡᠷᠬᠡᠶᠢᠯᠠᠨ᠎ᠠ᠃  
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号