ᠬᠥᠬᠡᠬᠤᠲᠠ ᠶᠢᠨ ᠬᠠᠪᠤᠷ ᠤᠨ ᠤᠯᠠᠷᠢᠯ ᠤᠨ ᠬᠤᠶᠠᠳᠤᠭᠠᠷ ᠬᠤᠭᠤᠴᠠᠭᠠᠨ ᠤ ᠴᠢᠳᠠᠪᠤᠷᠢᠲᠠᠨ ᠤᠷᠢᠵᠤ ᠡᠯᠰᠡᠬᠦ ᠲᠤᠮᠤ ᠬᠡᠯᠪᠡᠷᠢ ᠶᠢᠨ ᠬᠤᠷᠠᠯ 11᠎ ᠤ ᠡᠳᠦᠷ ᠲᠤ ᠶᠠᠪᠤᠭᠳᠠᠨ᠎ᠠ
ᠨᠡᠶᠢᠲᠡᠯᠡᠭᠰᠡᠨ ᠴᠠᠭ᠄
2017/3/9
     ᠬᠥᠬᠡᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠶᠡᠷᠦᠩᠬᠡᠶ ᠵᠠᠬᠢᠷᠤᠯ ᠤᠨ ᠰᠤᠷᠭᠠᠨ ᠬᠥᠮᠦᠵᠢᠯ ᠤᠨ ᠲᠥᠪ ᠠᠴᠠ ᠭᠤᠣᠯᠯᠠᠨ ᠡᠷᠬᠢᠯᠡᠭᠰᠡᠨ ︽2017 ᠣᠨ ᠤ ᠬᠥᠬᠡᠬᠤᠲᠠ ᠶᠢᠨ ᠬᠠᠪᠤᠷ ᠤᠨ ᠤᠯᠠᠷᠢᠯ ᠤᠨ ᠬᠤᠶᠠᠳᠤᠭᠠᠷ ᠬᠤᠭᠤᠴᠠᠭᠠᠨ ᠤ ᠴᠢᠳᠠᠪᠤᠷᠢᠲᠠᠨ ᠤᠷᠢᠵᠤ ᠡᠯᠰᠡᠬᠦ ᠲᠤᠮᠤ ᠬᠡᠯᠪᠡᠷᠢ ᠶᠢᠨ ᠬᠤᠷᠠᠯ ᠵᠢᠴᠢ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ EMBA ᠬᠢᠴᠢᠶᠡᠯ ᠲᠥᠷᠥᠯ ᠤᠨ ᠶᠡᠷᠦᠩᠬᠡᠶ ᠵᠠᠬᠢᠷᠤᠯ ᠤᠨ ᠠᠩᠭᠢ ᠶᠢᠨ ᠰᠤᠷᠤᠭᠴᠢᠳ ᠤᠨ ᠠᠵᠤ ᠠᠬᠤᠶᠢᠯᠠᠯ ᠤᠨ ᠲᠤᠰᠬᠠᠶ ᠡᠯᠰᠡᠨ ᠤᠷᠢᠬᠤ ᠬᠤᠷᠠᠯ 3 ᠳ᠋ᠤᠭᠠᠷ ᠰᠠᠷ᠎ᠠ ᠶᠢᠨ 11᠎ ᠤ ᠡᠳᠦᠷ ᠥᠪᠥᠷ ᠮᠣᠩᠭᠤᠯ ᠤᠨ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠲᠤ ᠶᠠᠪᠤᠭᠳᠠᠬᠤ ᠪᠠᠷ ᠪᠠᠶᠢᠨ᠎ᠠ᠃ ᠲᠤᠰ ᠤᠳᠠᠭᠠᠨ ᠤ ᠳᠡᠯᠭᠡᠨ ᠦᠵᠡᠭᠦᠯᠦᠯᠲᠡ ᠳᠤ 486 ᠣᠷᠣᠨ ᠪᠠᠶᠢᠷᠢ ᠲᠣᠬᠢᠷᠠᠭᠤᠯᠤᠨ᠂ ᠠᠳᠠᠯ ᠠᠬᠤᠶ᠂ ᠡᠨᠧᠷᠭᠢ᠂ ᠬᠢᠮᠢ ᠶᠢᠨ ᠠᠵᠤ ᠦᠢᠯᠡᠳᠪᠦᠷᠢ᠂ ᠴᠠᠬᠢᠯᠭᠠᠨ ᠬᠦᠴᠦ᠂ ᠲᠠᠷᠢᠶᠠᠯᠠᠩ ᠮᠠᠯ ᠠᠵᠤ ᠠᠬᠤᠶ᠂ ᠭᠡᠷ ᠭᠠᠵᠠᠷ ᠬᠦᠷᠦᠩᠭᠡ᠂ ᠰᠣᠶᠣᠯ ᠤᠨ ᠵᠠᠭᠤᠴᠢ ᠵᠡᠷᠭᠡ ᠣᠯᠠᠨ ᠠᠵᠢᠯ ᠲᠦᠷᠦᠯ ᠳᠤ ᠬᠤᠯᠪᠣᠭᠳᠠᠭᠰᠠᠨ ᠣᠷᠣᠨ ᠤ ᠲᠣᠲᠣᠭᠠᠳᠤ ᠭᠠᠳᠠᠭᠠᠳᠤ ᠶᠢᠨ ᠤᠯᠤᠰ ᠤᠨ ᠦᠮᠴᠢᠯᠡᠯᠲᠦ ᠠᠵᠤ ᠠᠬᠤᠶᠢᠯᠠᠯ᠂ ᠭᠠᠳᠠᠭᠠᠳᠤ ᠪᠠᠯᠨ ᠶᠢᠨ ᠠᠵᠤ ᠠᠬᠤᠶᠢᠯᠠᠯ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠵᠡᠷᠭᠡ ᠬᠥᠮᠥᠨ ᠬᠡᠷᠡᠭᠯᠡᠬᠦ ᠡᠯ᠎ᠡ ᠲᠥᠷᠥᠯ ᠤᠨ ᠨᠢᠭᠡᠴᠡ ᠶᠢ ᠤᠷᠢᠨ ᠡᠯᠰᠡᠯᠲᠡ ᠬᠢᠯᠭᠡᠨ᠎ᠡ᠂ ᠵᠢᠱᠢᠯᠲᠡ ᠪᠠᠷ  ᠲᠣᠬᠠᠢ ᠶᠢᠨ ᠴᠠᠭ ᠲᠤ ᠶᠡᠭᠡ ᠳᠡᠭᠡᠳᠦ ᠰᠤᠷᠭᠠᠭᠤᠯᠢ  ᠲᠡᠭᠦᠰᠦᠭᠰᠡᠳ ᠵᠢᠴᠢ ᠨᠡᠶᠢᠭᠡᠮ ᠤᠨ ᠡᠯ᠎ᠡ ᠲᠦᠷᠦᠯ ᠤᠨ ᠠᠵᠢᠯ ᠡᠷᠢᠭᠴᠢᠳ1.5 ᠲᠦᠮᠡ ᠭᠠᠷᠤᠶ ᠬᠥᠮᠥᠨ ᠬᠤᠷᠠᠯ ᠳᠤ ᠣᠷᠣᠯᠴᠠᠬᠤ ᠪᠣᠯᠣᠨ᠎ᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号