ᠠᠮᠢ ᠠᠬᠤᠢ ᠶᠢᠨ ᠬᠤᠷᠢᠭ᠎ᠠ ᠱᠤᠭᠤᠮ ᠢ ᠪᠠᠳᠤ ᠰᠠᠬᠢᠵᠤ ᠦᠵᠡᠰᠭᠦᠯᠡᠩᠳᠤ ᠰᠠᠶᠢᠬᠠᠨ ᠬᠢᠬᠡᠳ ᠦᠷᠨᠢᠩᠬᠦᠢ ᠬᠦᠭᠵᠢᠯᠳᠡ ᠶᠢᠨ ᠬᠤᠤᠰ ᠠᠮᠵᠢᠯᠳᠠ ᠶᠢ ᠪᠠᠶᠡᠯᠡᠬᠦᠯᠦᠨ᠎ᠡ — ᠠᠯᠠᠱᠠ ᠠᠶᠢᠮᠠᠭ ᠤᠨ ᠨᠠᠮ ᠤᠨ ᠬᠤᠷᠢᠶ᠎ᠠ  ᠶᠢᠨ ᠱᠦᠵᠢ ᠪᠤᠤ ᠭᠠᠩ ᠢ ᠰᠤᠷᠪᠤᠯᠵᠢᠯᠠᠭᠰᠠᠨ ᠨᠢ
ᠨᠡᠶᠢᠲᠡᠯᠡᠭᠰᠡᠨ ᠴᠠᠭ᠄
2017/4/1
     ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠬᠤᠷᠠᠯᠳᠤᠭᠰᠠᠨ ᠤ ᠲᠠᠷᠠᠭ᠎ᠠ᠂ ᠠᠯᠠᠱᠠ ᠠᠶᠢᠮᠠᠭ ᠬᠡᠷᠬᠢᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ ᠶᠡᠭᠡ ᠬᠤᠷᠠᠯ  ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ ᠪᠠᠶᠢᠬᠤ ᠪᠤᠢ︖ ᠡᠨᠡ ᠲᠤᠬᠠᠢ ᠰᠤᠷᠪᠤᠯᠵᠢᠯᠠᠭᠴᠢ ᠠᠯᠠᠱᠠ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠪᠤᠤ ᠭᠠᠩ ᠢ ᠲᠤᠰᠬᠠᠢ ᠰᠤᠷᠪᠤᠯᠵᠢᠯᠠᠭᠰᠠᠨ ᠶᠤᠮ᠃      ᠰᠤᠷᠪᠤᠯᠵᠢᠯᠠᠭᠴᠢ᠄ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠳᠠᠭᠠᠨ ᠠᠯᠠᠱᠠ ᠠᠶᠢᠮᠠᠭ ᠶᠠᠮᠠᠷ ᠰᠢᠨ᠎ᠡ ᠲᠦᠯᠦᠪᠯᠡᠭᠡ᠂ ᠰᠢᠨ᠎ᠡ ᠰᠡᠳᠬᠢᠴᠡ ᠲᠠᠢ ᠪᠤᠢ︖ ᠶᠠᠮᠠᠷ ᠪᠠᠶᠢᠷᠢᠯᠠᠭᠤᠯᠤᠯᠲᠠ ᠲᠠᠢ ᠪᠤᠢ︖      ᠪᠤᠤ ᠭᠠᠩ᠄ ᠠᠯᠠᠱᠠ ᠶᠢᠨ ᠬᠡᠪᠡᠷᠡᠭ ᠠᠮᠢ ᠠᠬᠤᠢ ᠶᠢᠨ ᠤᠷᠴᠢᠨ ᠲᠤᠭᠤᠷᠢᠨ ᠨᠢ ᠠᠮᠤ ᠪᠤᠳᠠᠭ᠎ᠠ ᠶᠢᠨ ᠬᠦᠮᠦᠷᠭᠡ ᠪᠤᠯᠵᠤ ᠲᠠᠶᠢᠯᠬᠦ ᠦᠬᠡᠢ ᠮᠦᠷᠳᠡᠭᠡᠨ ᠮᠠᠯᠵᠢᠯ ᠤᠨ ᠲᠠᠯᠠᠪᠠᠢ ᠴᠦ ᠪᠤᠯᠵᠤ ᠲᠠᠶᠢᠯᠬᠦ ᠦᠬᠡᠢ᠂ ᠬᠠᠷᠢᠨ ᠤᠯᠤᠰ  ᠤᠨ ᠴᠢᠬᠤᠯᠠ ᠠᠮᠢ ᠠᠬᠤᠢ ᠶᠢᠨ ᠴᠢᠳᠡᠪᠬᠢᠳᠦ ᠤᠷᠤᠨ ᠪᠤᠯᠬᠤ ᠭᠡᠳᠡᠭ ᠢ ᠲᠤᠭᠳᠠᠭᠠᠵᠠᠢ᠃ ᠠᠯᠠᠱᠠ ᠶᠢᠨ 27 ᠲᠦᠮᠡᠨ ᠲᠡᠭᠰᠢ ᠲᠦᠷᠪᠡᠯᠵᠢᠨ ᠺᠢᠯᠤᠮᠧᠲᠷ ᠠᠮᠢ ᠠᠬᠤᠢ ᠶᠢᠨ ᠤᠷᠴᠢᠨ ᠲᠤᠭᠤᠷᠢᠨ ᠢ ᠰᠠᠶᠢᠳᠤᠷ ᠬᠠᠮᠠᠭᠠᠯᠠᠬᠤ ᠪᠤᠯ ᠲᠠᠷᠤᠢ ᠤᠯᠤᠰ ᠪᠠ ᠦᠪᠡᠷᠳᠡᠭᠡᠨ ᠵᠠᠰᠠᠬᠤ ᠤᠷᠤᠨ ᠳᠤ ᠦᠵᠡᠭᠦᠯᠬᠦ ᠬᠠᠮᠤᠭ ᠤᠨ ᠶᠡᠭᠡ ᠬᠤᠪᠢ ᠨᠡᠮᠡᠷᠢ ᠪᠤᠯᠬᠤ ᠶᠤᠮ᠃ ᠡᠬᠦᠨ ᠳᠤ ᠡᠷᠬᠡᠪᠰᠢ ᠨᠠᠮ ᠤᠨ ᠲᠦᠪ ᠬᠤᠷᠢᠶ᠎ᠠ ᠶᠢᠨ ᠲᠦᠷᠦ ᠶᠢ ᠵᠠᠰᠠᠨ ᠵᠠᠰᠠᠭ ᠢ ᠡᠷᠬᠢᠯᠡᠬᠦ ᠰᠢᠨ᠎ᠡ ᠣᠨᠣᠯᠵᠢᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠤᠳᠤᠯᠭ᠎ᠠ ᠪᠠᠷ ᠵᠢᠯᠤᠭᠤᠳᠤᠯᠭ᠎ᠠ ᠪᠤᠯᠭᠠᠨ᠂ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠠᠪᠤᠨ ᠶᠡᠭᠡ ᠬᠦᠭᠵᠢᠯᠳᠡ ᠶᠢᠨ ᠣᠨᠣᠯᠵᠢᠬᠤᠨ ᠢ ᠡᠷᠡᠰ ᠲᠤᠤᠱᠯᠠᠭᠤᠯᠤᠨ ᠠᠮᠢ ᠠᠬᠤᠢ ᠶᠢ ᠤᠷᠢᠳᠠᠪᠠᠷ ᠬᠦᠭᠵᠢᠭᠦᠯᠬᠦ᠂ ᠪᠤᠬᠢᠷᠳᠤᠯ ᠦᠭᠡᠢ ᠬᠦᠭᠵᠢᠯᠳᠡ ᠶᠢᠨ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠠᠯᠠᠱᠠ ᠶᠢ ᠤᠯᠤᠰ ᠤᠨ ᠴᠢᠬᠤᠯᠠ ᠠᠮᠢ ᠠᠬᠤᠢ ᠶᠢᠨ ᠴᠢᠳᠠᠪᠬᠢᠳᠦ ᠵᠢᠱᠢᠶ᠎ᠡ ᠦᠵᠡᠭᠦᠯᠬᠦ ᠤᠷᠤᠨ ᠪᠤᠯᠭᠠᠬᠤ ᠴᠢᠳᠠᠪᠬᠢᠳᠦ ᠪᠠᠶᠢᠷᠢ ᠲᠤᠭᠳᠠᠭᠠᠯᠳᠠ᠂ ᠲᠤᠷᠭᠠᠨ ᠵᠠᠮ ᠤᠨ ᠠᠵᠤ ᠠᠬᠤᠢ ᠶᠢᠨ ᠪᠦᠰᠡ ᠪᠤᠯᠤᠨ ᠲᠤᠮᠳᠠᠳᠤ ᠮᠤᠩᠭᠤᠯ ᠤᠷᠤᠰ ᠤᠨ ᠠᠵᠤ ᠠᠬᠤᠢ ᠶᠢᠨ ᠬᠤᠩᠭᠢᠯ ᠤᠨ ᠴᠢᠬᠤᠯᠠ ᠤᠯᠠᠨ ᠤᠯᠤᠰ ᠤᠨ ᠲᠤᠮᠤ ᠵᠠᠮ ᠪᠤᠯᠭᠠᠬᠤ ᠨᠡᠭᠡᠭᠡᠯᠳᠡ ᠶᠢᠨ ᠪᠠᠶᠢᠷᠢ ᠲᠤᠭᠳᠠᠭᠠᠯᠳᠠ᠂ ᠤᠯᠠᠨ ᠤᠯᠤᠰ ᠤᠨ ᠵᠢᠭᠤᠯᠴᠢᠯᠠᠯ ᠤᠨ ᠬᠠᠷᠠᠯᠳᠠᠳᠤ ᠤᠷᠤᠨ ᠪᠤᠯᠤᠨ ᠤᠯᠤᠰ ᠤᠨ ᠴᠢᠬᠤᠯᠠ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠭᠰᠠᠨ ᠰᠠᠨᠰᠠᠷ ᠤᠨ ᠰᠠᠭᠤᠷᠢᠨ᠂ ᠴᠡᠪᠡᠷ ᠡᠨᠧᠷᠬᠢ ᠶᠢᠨ ᠵᠢᠱᠢᠶ᠎ᠡ ᠦᠵᠡᠭᠦᠯᠬᠦ ᠰᠠᠭᠤᠷᠢᠨ ᠪᠤᠯᠤᠨ ᠡᠯᠡᠰᠦᠨ ᠤ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠤ ᠠᠵᠤ ᠦᠢᠯᠡᠰ ᠤᠨ ᠪᠠᠶᠢᠷᠢ ᠲᠤᠭᠳᠠᠭᠠᠯᠳᠠ ᠶᠢ ᠵᠢᠷᠤᠮᠯᠠᠵᠤ᠂ ᠡᠬᠢ ᠪᠠᠶᠠᠯᠢᠭ ᠤᠨ ᠠᠰᠢᠬᠯᠠᠯᠳᠠ ᠠᠷᠪᠢᠴᠢ ᠭᠠᠮᠳᠠᠢ ᠦᠷ᠎ᠠ ᠠᠰᠢᠭ ᠰᠠᠶᠢᠳᠠᠢ᠂ ᠤᠷᠤᠨ ᠵᠠᠢ ᠶᠢᠨ ᠪᠠᠶᠢᠷᠢᠰᠢᠭᠤᠯᠤᠯᠳᠠ ᠰᠢᠨᠵᠢᠯᠡᠬᠦ ᠤᠬᠠᠭᠠᠨᠴᠢ ᠵᠦᠢ ᠵᠤᠬᠢᠰᠳᠠᠢ᠂ ᠬᠦᠭᠵᠢᠯᠳᠡ ᠶᠢᠨ ᠠᠷᠭ᠎ᠠ ᠬᠡᠯᠪᠡᠷᠢ ᠨᠡᠭᠦᠷᠡᠰᠦᠳᠦ᠋ᠷᠦᠭᠴᠢ ᠪᠠᠭ᠎ᠠ ᠪᠠᠶᠢᠳᠠᠭ ︽ᠲᠤᠮᠤ ᠠᠮᠢ ᠠᠬᠤᠢ︾ ᠶᠢᠨ ᠪᠠᠶᠢᠷᠢᠰᠢᠯ ᠤᠨ ᠪᠦᠷᠢᠯᠳᠦᠬᠦ ᠶᠢ ᠠᠬᠢᠭᠤᠯᠤᠨ᠎ᠠ᠃ ᠠᠯᠠᠱᠠ ᠶᠢᠨ ᠡᠨᠡᠬᠦ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠰᠠᠶᠢᠳᠤᠷ ᠰᠠᠬᠢᠨ ᠬᠠᠮᠠᠭᠠᠯᠠᠵᠤ᠂ ᠰᠠᠶᠢᠳᠤᠷ ᠪᠤᠢ ᠪᠤᠯᠭᠠᠨ᠎ᠠ᠃      ᠰᠤᠷᠪᠤᠯᠵᠢᠯᠠᠭᠴᠢ᠄ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠲᠠᠢ ᠤᠶᠠᠯᠳᠤᠭᠤᠯᠵᠤ᠂ ᠬᠤᠶᠢᠰᠢᠳᠠ ᠠᠯᠠᠱᠠ ᠠᠶᠢᠮᠠᠭ ᠶᠠᠮᠠᠷ ᠪᠤᠳᠠᠳᠠᠢ ᠠᠷᠭ᠎ᠠ ᠬᠡᠮᠵᠢᠶ᠎ᠡ ᠠᠪᠬᠤ ᠪᠤᠢ︖ ᠶᠠᠮᠠᠷ ᠶᠠᠮᠠᠷ ᠠᠵᠢᠯ ᠢ ᠭᠤᠤᠯᠳᠠᠯᠭ᠎ᠠ ᠲᠠᠢ ᠠᠳᠬᠤᠬᠤ ᠪᠤᠢ︖      ᠪᠤᠤ ᠭᠠᠩ᠄ ᠬᠤᠶᠢᠰᠢᠳᠠ ᠠᠯᠠᠱᠠ ᠠᠶᠢᠮᠠᠭ 6 ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠪᠠᠷ ᠰᠠᠶᠢᠳᠤᠷ ᠠᠳᠬᠤᠨ᠎ᠠ᠃ ᠨᠢᠭᠡ ᠳᠤ᠂ ᠠᠵᠤ ᠦᠢᠯᠡᠳᠪᠦᠷᠢ ᠶᠢᠨ ᠲᠦᠪᠯᠡᠷᠡᠩᠭᠦᠢ ᠬᠦᠭᠵᠢᠬᠦ ᠶᠢ ᠠᠬᠢᠭᠤᠯᠤᠨ᠎ᠠ᠃ ᠲᠠᠪᠠᠭᠤᠯᠢᠭ  ᠢᠶᠠᠨ ᠪᠠᠳᠠᠷᠠᠭᠤᠯᠬᠤ ᠬᠢᠭᠡᠳ ᠲᠤᠳᠠᠭᠤᠳᠠᠯ ᠢᠶᠠᠨ ᠨᠦᠬᠦᠪᠤᠷᠢᠯᠡᠬᠦ ᠶᠢ ᠬᠠᠮᠳᠤ ᠳᠤᠨᠢ ᠬᠢᠬᠦ᠂ ᠬᠦᠮᠦᠷᠬᠡᠯᠡᠯᠳᠡ ᠶᠢ ᠲᠤᠬᠢᠷᠠᠭᠤᠯᠬᠤ ᠪᠤᠯᠤᠨ ᠨᠡᠮᠡᠭᠳᠡᠯᠳᠡ ᠶᠢ ᠰᠢᠯᠢᠳᠡᠭᠵᠢᠭᠦᠯᠬᠦ ᠶᠢ ᠠᠳᠠᠯᠢ ᠠᠯᠬᠤᠮ ᠢᠶᠠᠷ ᠠᠳᠬᠤᠬᠤ᠂ ᠬᠦᠷᠢᠶᠡᠯᠡᠩ ᠲᠤᠭᠤᠷᠢᠭ ᠲᠤ ᠲᠦᠪᠯᠡᠷᠡᠭᠦᠯᠬᠦ᠂ ᠠᠵᠤ ᠦᠢᠯᠡᠰ ᠤᠨ ᠲᠡᠰ ᠲᠡᠪᠰᠢᠬᠦ᠂ ᠤᠷᠴᠢᠨ ᠲᠤᠭᠤᠷᠢᠨ ᠤ ᠬᠠᠮᠠᠭᠠᠯᠠᠯᠳᠠ ᠪᠠᠷᠢᠮᠵᠢᠶᠠᠨ ᠳᠤ ᠬᠦᠷᠬᠦ ᠰᠡᠳᠭᠢᠮᠵᠢ ᠶᠢ ᠪᠠᠷᠢᠮᠳᠠᠯᠠᠵᠤ᠂ ᠠᠵᠤ ᠦᠢᠯᠡᠳᠪᠦᠷᠢ ᠶᠢ ᠠᠵᠤ ᠦᠢᠯᠡᠰ ᠤᠨ ᠰᠠᠭᠤᠷᠢ ᠰᠠᠶᠢᠨ᠂ ᠤᠰᠤᠨ ᠤ ᠪᠠᠳᠤᠯᠠᠭ᠎ᠠ ᠲᠠᠢ᠂ ᠲᠤᠯᠭᠠᠭᠤᠷᠢᠯᠠᠬᠤ ᠬᠦᠮᠦᠨ ᠲᠠᠢ᠂ ᠵᠠᠮ ᠬᠠᠷᠢᠯᠴᠠᠭ᠎ᠠ ᠲᠦᠭᠦᠮ᠂ ᠰᠠᠭᠤᠷᠢ ᠪᠡᠯᠡᠳᠬᠡᠮᠵᠢ ᠪᠦᠷᠢᠨ ᠲᠡᠭᠦᠯᠳᠡᠷ ᠬᠦᠷᠢᠶᠡᠯᠡᠩ ᠲᠤᠭᠤᠷᠢᠭ ᠲᠡᠰᠢ ᠲᠦᠪᠯᠡᠷᠡᠭᠦᠯᠬᠦ ᠶᠢ ᠵᠢᠷᠤᠮᠯᠠᠵᠤ᠂ ᠠᠵᠤ ᠦᠢᠯᠡᠰ  ᠤᠨ ᠪᠦᠳᠦᠴᠡ ᠶᠢᠨ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠲᠤᠬᠢᠷᠠᠭᠤᠯᠤᠯᠳᠠ ᠶᠢ ᠠᠬᠢᠭᠤᠯᠵᠤ᠂ ᠠᠵᠤ ᠦᠢᠯᠡᠳᠪᠦᠷᠢ ᠶᠢᠨ ᠪᠤᠬᠢᠷᠳᠤᠯ ᠦᠬᠡᠢ ᠬᠦᠭᠵᠢᠯᠳᠡ᠂ ᠡᠷᠬᠢᠯᠳᠡᠳᠤ ᠬᠦᠭᠵᠢᠯᠳᠡ᠂ ᠨᠡᠭᠦᠷᠡᠰᠦᠳᠦ᠋ᠷᠦᠭᠴᠢ ᠪᠠᠭ᠎ᠠ ᠬᠦᠭᠵᠢᠯᠳᠡ ᠶᠢ ᠪᠡᠶᠡᠯᠡᠭᠦᠯᠦᠨ᠎ᠡ᠃ ᠬᠦᠴᠦ ᠪᠠᠨ ᠲᠦᠪᠯᠡᠷᠡᠭᠦᠯᠦᠨ ᠠᠯᠠᠱᠠ ᠶᠢᠨ ᠠᠵᠤ ᠠᠬᠤᠢ ᠶᠢᠨ ᠨᠡᠭᠡᠭᠡᠯᠳᠡ ᠶᠢᠨ ᠤᠷᠤᠨ ᠢ ᠭᠤᠤᠯ ᠡᠵᠡᠩᠨᠡᠯᠳᠡ ᠶᠢᠨ ᠤᠷᠤᠯᠭ᠎ᠠ ᠨᠢ ᠮᠢᠩᠭᠠᠨ ᠳᠦᠢᠩᠰᠢᠭᠤᠷ ᠲᠦᠭᠦᠷᠢᠭ ᠢ ᠲᠠᠪᠠᠭᠰᠠᠨ ᠪᠤᠬᠢᠷᠳᠤᠯ ᠦᠭᠡᠢ ᠠᠮᠢ ᠠᠬᠤᠢ ᠶᠢᠨ ᠠᠵᠤ ᠦᠯᠡᠳᠪᠦᠷᠢ ᠶᠢᠨ ᠬᠦᠷᠢᠶᠡᠯᠡᠩ ᠲᠤᠭᠤᠷᠢᠭ ᠪᠤᠯᠤᠨ ᠤᠯᠤᠰ ᠤᠨ ᠴᠢᠬᠤᠯᠠ ᠪᠠᠯ ᠴᠢᠯᠠᠭᠤᠨ ᠤ ᠠᠵᠤ ᠦᠢᠯᠡᠰ ᠤᠨ ᠰᠢᠨ᠎ᠡ ᠶᠢ ᠡᠭᠦᠳᠬᠦ ᠰᠠᠭᠤᠷᠢᠨ ᠪᠤᠯᠭᠠᠨ ᠪᠦᠳᠦᠬᠡᠨ ᠪᠠᠶᠢᠭᠤᠯᠤᠨ᠎ᠠ︔ ᠲᠡᠭᠷᠢ ᠠᠵᠤ ᠠᠬᠤᠢ ᠮᠡᠷᠭᠡᠵᠢᠯ ᠤᠨ ᠨᠡᠭᠡᠭᠡᠯᠳᠡ ᠶᠢᠨ ᠤᠷᠤᠨ ᠢ ᠨᠡᠭᠦᠷᠡᠰᠦᠨ ᠤ ᠰᠢᠷᠭᠡᠭᠯᠢᠭ ᠵᠡᠷᠭᠡ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠲᠤᠭᠤᠷᠢᠭ ᠪᠤᠯᠭᠠᠨ ᠪᠦᠳᠦᠬᠡᠨ ᠪᠠᠶᠢᠭᠤᠯᠤᠨ᠎ᠠ︔ ᠵᠢᠷᠠᠳᠠᠢ ᠶᠢ ᠦᠢᠯᠡᠳᠪᠦᠷᠢᠯᠡᠯ ᠡᠳ᠋ᠰᠢᠭᠦᠯᠦᠯᠳᠡ ᠵᠦᠭᠡᠭᠡᠪᠦᠷᠢᠯᠡᠯᠳᠡ ᠶᠢ ᠨᠢᠭᠡ ᠴᠤᠭᠴᠠᠵᠢᠭᠤᠯᠤᠭᠰᠠᠨ ᠲᠡᠭᠡᠳᠦ ᠲᠡᠰ ᠤᠨ ᠴᠢᠯᠠᠭᠤᠨ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠲᠤᠭᠤᠷᠢᠭ ᠪᠤᠯᠭᠠᠨ ᠪᠦᠳᠦᠬᠡᠨ ᠪᠠᠶᠢᠭᠤᠯᠤᠨ᠎ᠠ︔ ᠨᠡᠶᠢᠳᠡᠮ ᠤᠨ ᠬᠡᠷᠡᠭᠯᠡᠭᠡᠨ ᠤ ᠠᠭᠠᠷ ᠤᠨ ᠠᠶᠠᠯᠠᠯ ᠤᠨ ᠪᠤᠯᠪᠠᠰᠤᠷᠠᠯ ᠤᠨ ᠰᠠᠭᠤᠷᠢᠨ᠂ ᠠᠭᠠᠷ ᠤᠨ ᠲᠤᠨᠤᠭ ᠲᠦᠭᠦᠭᠡᠷᠦᠮᠵᠢ ᠦᠢᠯᠡᠳᠬᠦ ᠰᠠᠭᠤᠷᠢᠨ᠂ ᠠᠭᠠᠷ ᠤᠨ ᠠᠶᠠᠯᠠᠯ ᠤᠨ ᠨᠢᠰᠭᠡᠯ ᠤᠨ ᠰᠡᠯᠪᠢᠨ ᠵᠠᠰᠠᠬᠤ ᠦᠢᠯᠡᠴᠢᠯᠡᠭᠡᠨ ᠤ ᠰᠠᠭᠤᠷᠢᠨ ᠪᠤᠯᠤᠨ ᠲᠤᠤᠷ᠎ᠠ ᠠᠭᠠᠷ ᠢᠶᠠᠷ ᠵᠤᠭᠠᠴᠠᠬᠤ ᠵᠢᠱᠢᠶ᠎ᠡ ᠦᠵᠡᠭᠦᠯᠬᠦ ᠰᠠᠭᠤᠷᠢᠨ ᠢᠶᠠᠷ ᠭᠤᠤᠯ ᠪᠤᠯᠭᠠᠭᠰᠠᠨ ᠠᠭᠠᠷ ᠤᠨ ᠠᠶᠠᠯᠠᠯ ᠤᠨ ᠠᠵᠤ ᠦᠢᠯᠡᠰ ᠤᠨ ᠬᠦᠷᠢᠶᠡᠯᠡᠩ ᠲᠤᠭᠤᠷᠢᠭ ᠢ ᠪᠦᠳᠦᠬᠡᠨ ᠪᠠᠶᠢᠭᠤᠯᠤᠨ᠎ᠠ᠃ ᠡᠭᠦᠨ ᠬᠠᠮᠳᠤ ᠬᠠᠮᠤᠭ ᠤᠨ ᠴᠢᠩᠭ᠎ᠠ ᠤᠷᠴᠢᠨ ᠲᠤᠭᠤᠷᠢᠨ  ᠤ ᠬᠠᠮᠠᠭᠠᠯᠠᠯᠳᠠ ᠶᠢᠨ ᠲᠦᠷᠢᠮ ᠢ ᠬᠡᠷᠡᠭᠵᠢᠭᠦᠯᠵᠦ᠂ ᠠᠭᠤᠷᠬᠠᠢ ᠨᠡᠭᠡᠭᠡᠬᠦ ᠶᠢ ᠴᠢᠩᠭ᠎ᠠ ᠬᠢᠵᠠᠭᠠᠷᠯᠠᠵᠤ᠂ ᠠᠯᠠᠱᠠ ᠠᠭᠤᠯᠠ ᠶᠢᠨ ᠲᠤᠳᠤᠷᠠᠬᠢ ᠠᠵᠤ ᠠᠬᠤᠶᠢᠯᠠᠯ ᠢ ᠴᠡᠪᠡᠷᠯᠡᠵᠦ ᠵᠢᠷᠤᠮᠵᠢᠭᠤᠯᠤᠨ᠂ ᠲᠤᠤᠷᠠᠢ ᠶᠢᠨ ᠤᠢ ᠲᠤᠳᠤᠷᠠᠬᠢ ᠲᠠᠷᠢᠶᠠᠨ ᠭᠠᠵᠠᠷ ᠢ ᠴᠡᠪᠡᠷᠯᠡᠨ ᠠᠳᠠᠷᠰᠢᠭᠤᠯᠵᠤ᠂ ᠪᠤᠷᠵᠢᠨ ᠴᠢᠯᠠᠭᠤ ᠶᠢ ᠨᠡᠭᠡᠭᠡᠨ ᠬᠦᠭᠵᠢᠬᠦᠯᠬᠦ ᠶᠢ ᠴᠡᠪᠡᠷᠯᠡᠨ ᠵᠠᠰᠠᠵᠤ ᠴᠡᠭᠴᠡᠯᠡᠨ᠎ᠡ︔ ᠤᠷᠤᠨ ᠵᠠᠢ᠂ ᠶᠡᠷᠦᠩᠬᠡᠢ ᠬᠡᠮᠵᠢᠶ᠎ᠡ᠂ ᠵᠦᠪᠰᠢᠶᠡᠷᠡᠨ ᠤᠷᠤᠭᠤᠯᠬᠤ ᠭᠤᠷᠪᠠᠨ ᠤᠯᠠᠭᠠᠨ ᠱᠤᠭᠤᠮ ᠢ ᠴᠢᠩᠭ᠎ᠠ ᠰᠠᠬᠢᠵᠤ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠭᠠᠷᠳᠠᠯᠭ᠎ᠠ᠂ ᠠᠵᠤ ᠦᠢᠯᠡᠰ ᠤᠨ ᠲᠦᠷᠦ ᠶᠢᠨ ᠪᠤᠳᠤᠯᠭ᠎ᠠ ᠲᠠᠢ ᠨᠡᠶᠢᠴᠡᠬᠦ ᠦᠭᠡᠢ ᠲᠦᠷᠦᠯ ᠵᠤᠶᠢᠯ ᠪᠤᠯᠤᠨ ᠬᠤᠴᠤᠷᠤᠩᠭᠤᠢ ᠦᠢᠯᠡᠳᠪᠦᠷᠢᠯᠡᠯ ᠤᠨ ᠴᠢᠳᠠᠪᠤᠷᠢ ᠶᠢ ᠡᠷᠡᠰ ᠤᠷᠤᠭᠤᠯᠬᠤ ᠦᠭᠡᠢ᠃ ᠶᠠᠭᠠᠬᠢᠭᠰᠠᠨ ᠴᠦ ᠠᠮᠢ ᠠᠬᠤᠢ ᠶᠢᠨ ᠤᠷᠴᠢᠨ ᠲᠤᠭᠤᠷᠢᠨ ᠢ ᠦᠷᠡᠭᠳᠡᠭᠦᠯᠬᠦ ᠪᠠᠷ ᠦᠨ᠎ᠡ ᠲᠦᠯᠦᠪᠦᠷᠢ ᠪᠤᠯᠭᠠᠨ ᠨᠢᠭᠡᠨ ᠴᠠᠭ ᠤᠨ ᠠᠵᠤ ᠠᠬᠤᠢ ᠶᠢᠨ ᠨᠡᠮᠡᠭᠳᠡᠯ ᠢ ᠰᠤᠯᠢᠵᠤ ᠠᠪᠴᠢᠷᠠᠬᠤ ᠦᠭᠡᠢ᠃ ᠠᠯᠠᠱᠠ ᠶᠢᠨ ᠠᠭᠤᠯᠠ ᠨᠢᠷᠤᠭᠤᠳ ᠢ ᠦᠨᠢᠳᠡ ᠬᠦᠬᠡᠮᠳᠦᠭ᠂ ᠭᠤᠤᠯ ᠤᠰᠤ ᠶᠢ ᠦᠨᠢᠳᠡ ᠲᠤᠩᠭᠠᠯᠠᠭ᠂ ᠠᠭᠠᠷ ᠮᠠᠨᠳᠠᠯ ᠢ ᠦᠨᠢᠳᠡ ᠰᠤᠷᠭᠤᠭ ᠪᠠᠶᠢᠯᠭᠠᠨ᠎ᠠ᠃      ᠬᠤᠶᠠᠷ ᠲᠤ᠂ ᠲᠠᠷᠢᠶᠠᠯᠠᠩ ᠢ ᠠᠭᠰᠢᠭᠠᠵᠤ ᠬᠦᠭᠵᠢᠬᠦᠯᠬᠦ ᠶᠢ ᠠᠬᠢᠭᠤᠯᠤᠨ᠎ᠡ᠃ ᠠᠯᠠᠱᠨ ᠪᠤᠯ ᠬᠦᠡᠳᠤ ᠰᠦᠷᠡᠭᠡᠢ ᠭᠠᠨᠭ᠌ ᠬᠠᠭᠰᠠᠷᠠᠭᠠᠨ ᠲᠠᠢ ᠤᠰᠤ ᠲᠤᠳᠠᠬᠳᠠᠬᠤ ᠤᠷᠤᠨ ᠪᠤᠯᠬᠤᠷ᠂ ᠡᠷᠭᠡᠪᠰᠢ ᠲᠠᠷᠢᠶᠠᠯᠠᠩ ᠢ ᠠᠭᠰᠢᠭᠠᠬᠤ᠂ ᠲᠠᠷᠢᠶᠠᠯᠠᠬᠤ ᠤᠷᠤᠨ ᠢ ᠨᠡᠶᠢᠳᠭᠡᠬᠦ᠂ ᠲᠠᠷᠢᠶᠠᠴᠢᠳ ᠢ ᠲᠦᠪᠯᠡᠷᠡᠬᠦᠯᠬᠦ ᠭᠦᠭᠵᠢᠯᠳᠠ ᠶᠢᠨ ᠵᠠᠮ ᠢᠶᠠᠷ ᠵᠠᠮᠨᠠᠵᠤ᠂ ᠲᠠᠷᠢᠶᠠᠯᠠᠬᠤ ᠪᠠᠨ ᠵᠤᠬᠰᠤᠭᠠᠨ ᠡᠪᠠᠰᠤ ᠮᠤᠳᠤ ᠲᠡᠷᠢᠬᠤ ᠶᠢ ᠭᠡᠷᠡᠭᠵᠢᠬᠦᠯᠵᠤ᠂ ᠰᠢᠨ᠎ᠡ ᠪᠠᠷ ᠠᠳᠠᠷ ᠬᠠᠭᠠᠯᠪᠤᠷᠢᠯᠠᠬᠤ ᠶᠢ ᠴᠢᠩᠭ᠎ᠠ ᠴᠠᠭᠠᠵᠠᠯᠠᠵᠤ᠂ ᠤᠰᠤᠨ ᠤ ᠡᠬᠢ ᠪᠠᠶᠠᠯᠢᠬ ᠤᠨ ᠬᠠᠮᠢᠶᠠᠷᠤᠯᠳᠡ ᠶᠢᠨ ᠲᠦᠷᠢᠮ ᠢ ᠬᠦᠴᠤᠳᠠᠢ ᠠᠬᠢᠭᠤᠯᠵᠤ᠂ ᠤᠰᠤᠨ ᠤ ᠭᠡᠮᠵᠢᠶ᠎ᠡ ᠪᠠᠷ ᠲᠠᠷᠢᠶᠠᠯᠠᠬᠤ ᠶᠢᠨ ᠬᠠᠮᠳᠤ ᠲᠠᠷᠢᠮᠠᠯ ᠤᠨ ᠵᠤᠶᠢᠯᠡᠰ ᠢᠶᠠᠨ ᠲᠤᠬᠳᠠᠭᠠᠵᠤ᠂ ᠲᠠᠷᠢᠮᠠᠯ ᠤᠨ ᠪᠦᠳᠦᠴᠨ ᠪᠠᠨ ᠢᠳᠡᠪᠬᠢᠳᠡᠢ ᠵᠤᠬᠢᠴᠠᠭᠤᠯᠵᠤ᠂ ᠦᠡᠳᠤᠷ ᠦᠷ᠎ᠡ ᠠᠰᠢᠬᠳᠤ ᠠᠷᠪᠢᠳᠠᠢ ᠤᠰᠤᠯᠠᠯᠳᠠ ᠶᠢᠨ ᠤᠠᠴᠠᠯᠢᠬᠳᠤ ᠲᠠᠷᠢᠶᠠᠯᠠᠩ ᠢ ᠶᠡᠭᠡᠪᠡᠷ ᠬᠦᠭᠵᠢᠬᠦᠯᠤᠨ᠂ ᠪᠤᠬᠢᠷᠳᠤᠯ ᠦᠭᠡᠢ ᠤᠷᠭᠠᠨᠢᠬ ᠲᠠᠷᠢᠶᠠᠯᠠᠩ ᠤᠨ ᠪᠦᠳᠦᠭᠡᠭᠳᠡᠬᠦᠨ ᠢ ᠡᠳ᠋ᠰᠢᠬᠦᠯᠬᠦ ᠠᠵᠤ ᠦᠢᠯᠡᠰ ᠤᠨ ᠬᠦᠷᠢᠶᠡᠯᠠᠩ ᠢ ᠪᠦᠳᠦᠬᠡᠨ ᠪᠠᠶᠢᠭᠤᠯᠬᠤ ᠶᠢ ᠠᠬᠢᠭᠤᠯᠵᠤ᠂ ᠪᠦᠬᠦ ᠠᠶᠢᠮᠠᠬ ᠤᠨ ᠲᠠᠷᠢᠮᠠᠯ ᠤᠨ ᠲᠠᠯᠠᠪᠠᠢ ᠶᠢ 30 ᠲᠦᠮᠡᠨ ᠮᠦ ᠶᠢᠨ ᠲᠤᠳᠤᠷ᠎ᠡ ᠬᠢᠵᠠᠭᠠᠷᠯᠠᠨ᠎ᠡ᠃ ᠦᠵᠡᠰᠬᠦᠯᠡᠩᠳᠤ ᠰᠠᠶᠢᠬᠠᠨ ᠭᠡᠷ ᠤᠷᠤᠨ ᠢᠶᠠᠨ ᠪᠦᠳᠦᠭᠡᠨ ᠪᠠᠶᠢᠭᠤᠯᠬᠤ ᠲᠠᠢ ᠤᠶᠠᠯᠳᠤᠭᠤᠯᠤᠨ ᠮᠠᠯᠵᠢᠬᠤ ᠲᠠᠷᠢᠶᠠᠯᠠᠬᠤ ᠤᠷᠤᠨ ᠤ ᠪᠦᠳᠦᠴᠨ ᠶᠢᠨ ᠪᠠᠶᠢᠷᠢᠰᠢᠭᠤᠯᠤᠯᠳᠡ ᠶᠢ ᠰᠢᠯᠢᠳᠡᠭᠵᠢᠬᠦᠯᠵᠤ᠂ ᠲᠠᠷᠢᠶᠠᠴᠢᠳ ᠤᠨ ᠬᠤᠳᠡ ᠳᠤ ᠤᠷᠤᠬᠤ᠂ ᠰᠢᠶᠠᠩ ᠪᠠᠯᠭᠠᠰᠤ ᠪᠡ ᠬᠦᠮᠤᠨ ᠠᠮᠨ ᠲᠦᠪᠯᠡᠷᠡᠭᠰᠡᠨ ᠵᠠᠰᠠᠬ ᠵᠠᠬᠢᠷᠭᠠᠨ ᠤ ᠲᠤᠰᠬᠤᠨ ᠵᠦᠭ ᠰᠢᠯᠵᠢᠬᠦ ᠶᠢ ᠡᠮᠬᠢ ᠵᠢᠷᠤᠮ ᠲᠠᠢ ᠵᠢᠯᠤᠭᠤᠳᠴᠦ᠂ ᠪᠦᠬᠦ ᠠᠶᠢᠮᠠᠬ ᠤᠨ ᠵᠠᠰᠠᠬ ᠵᠠᠬᠢᠷᠭᠠᠨ ᠤ ᠲᠤᠰᠬᠤᠨ ᠢ 198 ᠠᠴᠠ 170 ᠪᠤᠯᠭᠠᠨ ᠴᠤᠮᠬᠠᠳᠬᠠᠵᠤ ᠂ ᠪᠠᠶᠢᠭᠠᠯᠢᠯᠢᠬ ᠲᠤᠰᠬᠤᠨ ᠢ 209 ᠪᠠᠶᠢᠬᠰᠠᠨ ᠠᠴᠠ 29 ᠪᠤᠯᠭᠠᠨ ᠴᠤᠮᠬᠠᠳᠬᠠᠨ᠎ᠠ᠃      ᠭᠤᠷᠪᠡ ᠳᠤ᠂ ᠮᠠᠯ ᠠᠵᠤ ᠠᠬᠤᠢ ᠶᠢ ᠲᠤᠬᠢᠷᠠᠮᠵᠢᠳᠠᠢ ᠪᠠᠷ ᠬᠦᠭᠵᠢᠬᠦᠯᠬᠦ ᠶᠢ ᠠᠬᠢᠭᠤᠯᠤᠨ᠎ᠡ᠃ ᠮᠠᠯ ᠠᠵᠤ ᠠᠬᠤᠢ ᠶᠢ ᠲᠤᠬᠢᠷᠠᠮᠵᠢᠳᠠᠢ ᠪᠠᠷ ᠬᠦᠭᠵᠢᠬᠦᠯᠬᠦ ᠨᠢ ᠨᠤᠳᠤᠬ ᠤᠰᠤ ᠬᠢᠯᠢ ᠬᠢᠵᠠᠭᠠᠷ ᠢᠶᠠᠨ ᠬᠠᠮᠠᠭᠠᠯᠠᠬᠤ᠂ ᠰᠢᠯᠢᠳᠡᠭ ᠮᠠᠯ  ᠤᠨ ᠡᠬᠦᠯᠳᠡᠷ ᠢ ᠬᠠᠮᠠᠭᠠᠯᠠᠬᠤ ᠪᠤᠰᠤᠳᠴᠢ ᠱᠠᠭᠠᠷᠳᠠᠯᠭ᠎ᠠ ᠲᠠᠢ ᠨᠠᠶᠢᠴᠠᠬᠦ ᠪᠠᠷ ᠪᠠᠷᠠᠬᠤ ᠦᠭᠡᠢ ᠦᠡᠳᠤᠰᠤᠳᠠᠨ ᠤ ᠦᠷᠬᠦᠯᠵᠢᠯᠡᠨ ᠬᠦᠭᠵᠢᠬᠦ᠂ ᠠᠯᠠᠱᠨ ᠶᠢᠨ ᠤᠠᠴᠠᠯᠢᠬ ᠢ ᠤᠷᠳᠤ ᠤᠳᠠᠭᠠᠨ ᠬᠤᠭᠤᠴᠠᠭ᠎ᠠ ᠪᠠᠷ ᠬᠠᠳᠠᠭᠠᠯᠠᠬᠤ ᠭᠡᠷᠡᠭᠴᠡᠭᠡ ᠶᠢ ᠪᠠᠷᠢᠮᠳᠠᠯᠠᠵᠤ ᠪᠠᠶᠢᠭ᠎ᠠ ᠶᠠᠪᠤᠳᠠᠯ ᠮᠦᠨ᠃ ᠬᠡᠪᠡᠴᠦ ᠰᠤᠬᠤᠷ ᠪᠠᠯᠠᠢ ᠪᠠᠷ ᠬᠦᠭᠵᠢᠬᠦᠯᠬᠦ᠂ ᠡᠮᠬᠢ ᠵᠠᠮᠪᠠᠷᠠᠭ᠎ᠠ ᠦᠭᠡᠢ ᠪᠠᠷ ᠦᠷᠭᠡᠳᠭᠡᠬᠦ ᠠᠴᠠ ᠬᠢᠴᠢᠶᠡᠨ᠎ᠡ᠃ ᠡᠷᠭᠡᠪᠰᠢ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ᠂ ᠦᠵᠡᠰᠬᠦᠯᠡᠩᠳᠤ ᠰᠠᠶᠢᠬᠠᠨ ᠭᠡᠷ ᠤᠷᠤᠨ ᠢ ᠪᠦᠳᠦᠬᠡᠨ ᠪᠠᠶᠢᠭᠤᠯᠬᠤ ᠪᠠᠶᠢᠯᠳᠤᠬᠤ ᠪᠤᠳᠤᠯᠭ᠎ᠠ ᠶᠢᠨ ᠦᠡᠳᠤᠷᠴᠨ ᠳᠤ ᠵᠤᠬᠰᠤᠵᠤ᠂ ᠮᠠᠯ ᠠᠵᠤ ᠠᠬᠤᠢ ᠶᠢ ᠲᠤᠬᠢᠷᠠᠮᠵᠢᠳᠡᠢ ᠬᠦᠭᠵᠢᠬᠦᠯᠬᠦ᠂ ᠮᠠᠯᠵᠢᠬᠤ ᠤᠷᠤᠨ ᠤ ᠵᠤᠬᠢᠰᠳᠠᠢ ᠪᠠᠶᠢᠷᠢᠰᠢᠯ᠂ ᠮᠠᠯᠴᠢᠳ ᠤᠨ ᠮᠠᠯ ᠠᠵᠤ ᠠᠬᠤᠢ ᠪᠠᠨ ᠬᠦᠭᠵᠢᠬᠦᠯᠤᠨ ᠬᠢᠯᠢ ᠬᠢᠵᠠᠭᠠᠷ ᠢᠶᠠᠨ ᠰᠠᠬᠢᠨ ᠬᠠᠮᠠᠭᠠᠯᠠᠬᠤ ᠰᠡᠳᠬᠢᠴᠨ ᠶᠤᠰᠤᠭᠠᠷ ᠪᠡᠯᠴᠢᠭᠡᠷᠯᠡᠬᠦᠯᠬᠦ ᠶᠢ ᠵᠤᠭᠰᠤᠭᠠᠨ ᠰᠡᠯᠬᠦᠨ ᠮᠠᠯᠵᠢᠬᠤ᠂ ᠪᠡᠯᠴᠢᠭᠡᠷ ᠢ ᠰᠡᠷᠬᠦᠬᠡᠬᠦ ᠪᠡ ᠮᠠᠯ ᠪᠡᠯᠴᠢᠭᠡᠷ ᠢ ᠲᠡᠩᠴᠡᠬᠦᠷᠢᠰᠢᠬᠦᠯᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠯᠠᠱᠨ ᠶᠢᠨ ᠬᠤᠤᠰ ᠪᠦᠬᠦᠳᠤ ᠲᠡᠮᠡᠭᠡ᠂ ᠨᠤᠯᠤᠤᠷ ᠤᠨ ᠴᠠᠭᠠᠨ ᠢᠮᠠᠭ᠎ᠠ ᠵᠡᠷᠭᠡ ᠰᠢᠯᠢᠳᠡᠭ ᠡᠬᠦᠯᠳᠡᠷ ᠢ ᠬᠠᠮᠠᠭᠠᠯᠠᠬᠤ ᠶᠢ ᠴᠢᠩᠭᠠᠳᠬᠠᠵᠤ᠂ ᠲᠡᠮᠡᠭᠡᠨ ᠤ ᠠᠵᠤ ᠦᠢᠯᠡᠰ ᠵᠢᠴᠢ ᠮᠢᠬ᠎ᠠ ᠨᠤᠯᠤᠤᠷ ᠰᠦ ᠵᠡᠷᠭᠡ ᠮᠠᠯ ᠤᠨ ᠠᠰᠢᠬ ᠰᠢᠮ᠎ᠡ ᠶᠢ ᠡᠳ᠋ᠰᠢᠬᠦᠯᠬᠦ ᠦᠢᠯᠡᠰ ᠢ ᠨᠠᠷᠢᠯᠢᠬᠵᠢᠭᠤᠯᠬᠤ᠂ ᠲᠡᠬᠡᠳᠤ ᠲᠦᠪᠰᠢᠨ ᠢᠶᠠᠷ ᠬᠦᠭᠵᠢᠬᠦᠯᠬᠦ ᠶᠢ ᠠᠬᠢᠭᠤᠯᠵᠤ᠂ ᠪᠦᠬᠦ ᠤᠯᠤᠰ ᠲᠤ ᠠᠩᠬᠠᠳᠠᠬᠴᠢ ᠲᠡᠮᠡᠭᠡᠨ ᠤ ᠠᠵᠤ ᠦᠢᠯᠡᠰ ᠤᠨ ᠰᠢᠠᠵᠢᠯᠡᠬᠦ ᠤᠬᠠᠭᠠᠨ ᠮᠡᠷᠭᠡᠵᠢᠯ ᠤᠨ ᠬᠦᠷᠢᠶᠠᠯᠡᠩ ᠤᠨ ᠡᠳ᠋ᠰᠢᠬᠦᠯᠬᠦ ᠦᠢᠯᠡᠳᠪᠤᠷᠢᠯᠡᠯ  ᠤᠨ ᠱᠤᠭᠤᠮ ᠢ ᠪᠡᠯᠨ ᠤᠷᠤᠭᠤᠯᠤᠨ ᠲᠤᠷᠰᠢᠨ ᠦᠢᠯᠡᠳᠪᠤᠷᠢᠯᠡᠵᠤ᠂ ᠮᠸᠡᠭ ᠷᠦᠡᠭ ᠨᠤᠯᠤᠤᠷ ᠤᠨ ᠢᠮᠠᠭ᠎ᠠ ᠶᠢᠨ ᠠᠵᠤ ᠦᠢᠯᠡᠰ ᠤᠨ ᠰᠤᠳᠤᠯᠭᠠᠨ ᠤ ᠬᠦᠷᠢᠶᠡᠯᠠᠩ ᠢ ᠡᠬᠢᠯᠡᠵᠤ ᠪᠦᠳᠦᠬᠡᠨ ᠪᠠᠶᠢᠭᠤᠯᠤᠨ᠎ᠡ᠃ ᠨᠤᠳᠤᠬ ᠤᠰᠤ ᠬᠢᠯᠢ ᠬᠢᠵᠠᠭᠠᠷ ᠢᠶᠠᠨ ᠰᠠᠬᠢᠨ ᠬᠠᠮᠠᠭᠠᠯᠠᠵᠤ ᠪᠠᠶᠢᠭ᠎ᠠ ᠮᠠᠯᠴᠢᠳ ᠢ ᠭᠡᠷ ᠤᠷᠤᠨ ᠠᠴᠠ ᠨᠢ ᠨᠡᠬᠦᠯᠬᠡᠬᠦ ᠪᠢᠰᠢ᠂ ᠬᠠᠷᠢᠨ ᠲᠡᠭᠡᠳᠤ ᠲᠡᠰ ᠤᠨ ᠪᠠᠷᠢᠮᠵᠢᠶ᠎ᠡ ᠪᠠᠷ ᠲᠠᠳᠡᠨᠠᠷ ᠤᠨ ᠭᠡᠷ ᠤᠷᠤᠨ ᠢ ᠰᠠᠶᠢᠬᠠᠨ ᠪᠠᠶᠢᠭᠤᠯᠤᠨ ᠦᠭᠴᠤ᠂ ᠲᠡᠳᠡᠨ ᠤ ᠤᠷᠤᠨ ᠰᠠᠭᠤᠴᠡ ᠶᠢ ᠪᠦᠷ ᠴᠢᠨᠠᠷ ᠰᠠᠶᠢᠳᠠᠢ ᠪᠠᠶᠢᠭᠤᠯᠵᠤ ᠥᠭᠭᠦᠨ᠎ᠡ᠃      ᠲᠦᠷᠪᠡ ᠳᠤ᠂ ᠬᠤᠳᠡ ᠬᠦᠳᠡᠭᠡ ᠶᠢ ᠵᠤᠬᠢᠴᠠᠭᠤᠯᠤᠨ ᠬᠦᠭᠵᠢᠬᠦᠯᠬᠦ ᠶᠢ ᠠᠬᠢᠭᠤᠯᠤᠨ᠎ᠡ᠃ ᠠᠯᠠᠱᠨ ᠶᠢᠨ ᠬᠤᠳᠡ ᠬᠦᠳᠡᠭᠡ ᠶᠢᠨ ᠪᠠᠶᠢᠷᠢᠰᠢᠯ ᠲᠠᠷᠬᠠᠢ ᠪᠤᠳᠠᠷᠬᠠᠢ᠂ ᠬᠤᠶᠠᠷ ᠡᠰᠢᠳᠤ ᠪᠦᠳᠦᠴᠨ ᠲᠤᠪᠤᠶᠢᠮ᠎ᠠ ᠪᠠᠶᠢᠭ᠎ᠠ ᠪᠤᠳᠠᠳᠤ ᠪᠠᠶᠢᠳᠠᠯ ᠳᠤ ᠵᠤᠬᠢᠴᠠᠭᠤᠯᠤᠨ ᠲᠡᠯᠡᠭᠡᠢ ᠶᠢᠨ ᠵᠢᠭᠤᠯᠴᠢᠯᠠᠯ ᠤᠨ ᠬᠠᠷᠠᠯᠳᠠᠳᠤ ᠤᠷᠤᠨ ᠪᠤᠯᠭᠠᠨ ᠪᠦᠳᠦᠬᠡᠨ ᠪᠠᠶᠢᠭᠤᠯᠬᠤ ᠲᠤᠭᠤᠷᠢᠨ ᠳᠤ᠂ ᠬᠤᠳᠡ ᠬᠦᠳᠡᠭᠡ ᠶᠢᠨ ᠪᠠᠶᠢᠷᠢᠰᠢᠯ ᠢ ᠤᠯᠠᠮ ᠨᠢᠭᠡ ᠠᠯᠬᠤᠮ ᠰᠢᠯᠢᠳᠡᠭᠵᠢᠬᠦᠯᠵᠤ᠂ ᠬᠤᠳᠡ ᠬᠦᠳᠡᠭᠡ ᠶᠢᠨ ᠨᠢᠭᠡ ᠴᠤᠬᠴᠠᠵᠢᠭᠤᠯᠤᠯᠳᠡ ᠶᠢ ᠲᠦᠷᠭᠡᠳᠭᠡᠵᠤ᠂ ᠰᠡᠯᠡᠬᠦᠨ ᠲᠠᠭᠠᠯᠠᠮᠵᠢᠳᠡᠢ ᠵᠤᠭᠠᠴᠠᠬᠤ ᠳᠤ ᠵᠤᠬᠢᠴᠠᠬᠰᠠᠨ ᠮᠦᠷᠳᠡᠬᠡᠨ ᠠᠵᠢᠯ ᠦᠢᠯᠡᠰ ᠢᠶᠠᠨ ᠬᠦᠭᠵᠢᠬᠦᠯᠬᠦ ᠳᠤ ᠲᠤᠬᠢᠷᠠᠮᠵᠢᠳᠡᠢ ᠬᠤᠳᠡ ᠬᠦᠳᠡᠭᠡ ᠶᠢᠨ ᠪᠠᠶᠢᠷᠢᠰᠢᠯ  ᠢ ᠪᠦᠷᠢᠯᠳᠦᠬᠦᠯᠦᠨ᠎ᠡ᠃ ᠪᠠᠶᠠᠠᠬᠤᠳᠡ ᠶᠢ ᠡᠷᠬᠢᠮᠰᠦᠭ ᠭᠤᠶᠤ᠂ ᠤᠷᠤᠰᠢᠨ ᠰᠠᠭᠤᠬᠤ ᠳᠤ ᠲᠠᠭᠠᠯᠠᠮᠵᠢᠳᠠᠢ᠂ ᠲᠤᠰᠬᠠᠶᠢᠵᠢᠬᠰᠠᠨ ᠤᠠᠴᠠᠯᠢᠬ ᠲᠠᠢ ᠲᠡᠯᠡᠭᠡᠢ ᠶᠢᠨ ᠵᠢᠭᠤᠯᠴᠢᠯᠠᠯ ᠤᠨ ᠬᠠᠷᠠᠯᠳᠠᠳᠤ ᠬᠤᠳᠡ ᠪᠤᠯᠭᠠᠨ ᠪᠦᠳᠦᠬᠡᠨ ᠪᠠᠶᠢᠭᠤᠯᠬᠤ ᠲᠤᠭᠤᠷᠢᠨ ᠳᠤ᠂ ᠨᠢᠳᠤᠨᠤᠨ ᠤ ᠬᠤᠶᠠᠷ ᠵᠤᠷᠪᠤᠰ ᠲᠤᠮᠤ ᠵᠡᠭᠡᠯᠢ ᠶᠢᠨ ᠦᠵᠡᠮᠵᠢ ᠶᠢ ᠦᠭᠡᠷᠡᠴᠢᠯᠡᠨ ᠰᠠᠶᠢᠵᠢᠷᠠᠭᠤᠯᠵᠤ ᠲᠡᠰ ᠲᠡᠪᠰᠢᠬᠦᠯᠬᠦ ᠢᠡᠵᠧᠨᠧᠷᠢᠩ᠂ 8 ᠵᠤᠷᠪᠤᠰ ᠪᠤᠭᠤᠨᠢ ᠵᠠᠮ ᠢ ᠨᠡᠪᠳᠡᠷᠡᠬᠦᠯᠬᠦ ᠵᠡᠷᠭᠡ ᠲᠦᠷᠦᠯ ᠵᠦᠢᠯ ᠤᠨ ᠰᠠᠭᠤᠷᠢᠨ ᠲᠡᠭᠡᠷ᠎ᠡ ᠬᠤᠳᠡ ᠶᠢᠨ ᠵᠠᠬ᠎ᠠ ᠶᠢᠨ 6 ᠲᠦᠮᠨᠨ ᠮᠦ ᠲᠠᠯ᠎ᠡ ᠨᠤᠳᠤᠬ᠂ 6000 ᠮᠦ ᠶᠢᠨ ᠤᠪᠤᠭ᠎ᠠ ᠤᠷᠤᠬ ᠬᠤᠷᠢᠮ ᠤᠨ ᠴᠡᠴᠡᠷᠯᠢᠭ᠂ 6000 ᠮᠦ ᠶᠢᠨ ᠪᠤᠷᠤ ᠭᠤᠤᠯᠳᠤ ᠶᠢᠨ ᠠᠮᠢ ᠠᠬᠤᠢ ᠶᠢᠨ ᠬᠦᠷᠢᠶᠡᠯᠠᠩ᠂ 6000 ᠮᠦ ᠶᠢᠨ ᠶᠢᠩ ᠫᠡᠨ ᠱᠠᠨ ᠬᠤᠳᠡ ᠶᠢᠨ ᠴᠡᠴᠡᠷᠯᠢᠭ᠂ 6000 ᠮᠦ ᠶᠢᠨ ᠨᠠᠨ ᠲᠢᠶᠠᠨ ᠨᠤᠭᠤ ᠭᠠᠵᠠᠷ ᠤᠨ ᠴᠡᠴᠡᠷᠯᠢᠭ ᠵᠡᠷᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠡ ᠶᠢ ᠲᠦᠷᠭᠡᠳᠭᠡᠵᠤ᠂ ᠠᠭᠤᠷ ᠠᠮᠢᠰᠬᠤᠯ ᠴᠡᠪᠠᠷ ᠲᠤᠩᠭᠠᠯᠠᠬ᠂ ᠬᠠᠷᠠᠭᠠᠨ ᠰᠠᠷᠠᠯ ᠢᠯᠭᠤᠮ᠂ ᠰᠠᠨᠠᠭ᠎ᠠ ᠰᠡᠳᠬᠢᠯ ᠲᠠᠶᠢᠪᠤᠩ᠂ ᠦᠡᠳᠤᠰᠤᠳᠠᠨ ᠤ ᠵᠠᠩ ᠵᠠᠩᠰᠢᠯ ᠦᠳᠭᠡᠨ ᠵᠤᠵᠠᠭᠠᠨ ᠪᠠᠶᠢᠬᠤ ᠪᠠᠷ ᠪᠠᠶᠠᠠᠬᠤᠳᠡ ᠶᠢᠨ ᠭᠤᠶᠤ ᠦᠵᠡᠮᠵᠢ ᠶᠢᠨ ᠨᠡᠷ᠎ᠡ ᠶᠢᠨ ᠬᠠᠭᠤᠳᠠᠰᠤ ᠪᠤᠯᠭᠠᠬᠤ ᠪᠠᠷ ᠪᠤᠢ᠃ ᠪᠤᠰᠤᠳ ᠬᠤᠳᠡ ᠪᠠᠯᠭᠠᠰᠤ ᠶᠢᠨ ᠲᠡᠤᠭᠡ ᠶᠢᠨ ᠲᠤᠳᠤᠭᠠᠳᠤ ᠠᠭᠤᠯᠬᠤᠨ᠂ ᠰᠤᠶᠤᠯ ᠤᠨ ᠤᠤᠷ ᠴᠢᠨᠠᠷ ᠪᠡ ᠡᠳᠡᠭᠡᠳ ᠤᠠᠴᠠᠯᠢᠬ ᠢ ᠢᠯᠡᠷᠡᠬᠦᠯᠵᠤ᠂ ᠨᠢᠭᠡ ᠪᠦᠯᠦᠭ ᠰᠤᠶᠤᠯ ᠵᠢᠭᠤᠯᠴᠢᠯᠠᠯ ᠤᠨ ᠬᠡᠯᠪᠡᠷᠢ ᠶᠢᠨ᠂ ᠦᠢᠯᠡᠳᠪᠤᠷᠢᠯᠡᠨ ᠡᠳ᠋ᠰᠢᠬᠦᠯᠬᠦ ᠬᠡᠯᠪᠡᠷᠢ ᠶᠢᠨ᠂ ᠠᠷᠠᠯᠵᠢᠶ᠎ᠡ ᠬᠤᠳᠠᠯᠳᠤᠭ᠎ᠠ ᠰᠤᠯᠢᠯᠴᠠᠭ᠎ᠠ ᠶᠢᠨ ᠬᠡᠯᠪᠡᠷᠢ ᠶᠢᠨ᠂ ᠨᠡᠬᠡᠬᠡᠯᠳᠠᠳᠤ ᠬᠡᠯᠪᠡᠷᠢ ᠶᠢᠨ ᠤᠨᠴᠠᠯᠢᠬᠳᠤ ᠪᠠᠯᠭᠠᠰᠤ ᠶᠢ ᠪᠦᠳᠦᠭᠡᠨ ᠪᠠᠶᠢᠭᠤᠯᠤᠨ᠎ᠡ᠃ ᠦᠵᠡᠰᠭᠦᠯᠡᠩᠳᠤ ᠰᠠᠶᠢᠬᠠᠨ ᠭᠡᠷ ᠤᠷᠤᠨ ᠢ ᠪᠦᠳᠤᠬᠡᠨ ᠪᠠᠶᠢᠭᠤᠯᠬᠤ ᠪᠠ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠢᠨᠵᠧᠨᠧᠷᠢᠩ ᠲᠠᠢ ᠤᠶᠠᠯᠳᠤᠭᠤᠯᠵᠤ᠂ ᠭᠠᠵᠠᠷ ᠤᠷᠤᠨ ᠤ ᠪᠤᠳᠠᠳᠤ ᠪᠠᠶᠢᠳᠠᠯ ᠳᠠᠭᠠᠨ ᠵᠤᠬᠢᠴᠠᠭᠤᠯᠤᠨ ᠬᠦᠮᠤᠨ ᠠᠮᠠ ᠲᠦᠪᠯᠡᠷᠡᠭᠰᠡᠨ ᠵᠠᠰᠠᠭ ᠵᠠᠬᠢᠷᠭᠠᠨ ᠤ ᠳᠤᠰᠬᠤᠨ ᠢ ᠪᠦᠭᠦᠶᠢᠯᠡ ᠤᠷᠤᠨ ᠪᠦᠰᠡ ᠪᠠᠷ ᠨᠢ ᠵᠢᠭᠤᠯᠴᠢᠯᠠᠯ ᠤᠨ ᠦᠢᠯᠡᠴᠢᠯᠡᠬᠡᠨ ᠤ ᠦᠨᠳᠤᠰᠤᠨ ᠦᠷᠳᠡᠭᠡ ᠪᠤᠯᠭᠠᠨ ᠪᠦᠳᠦᠬᠡᠨ ᠪᠠᠶᠢᠭᠤᠯᠵᠤ᠂ ︽ᠮᠠᠩᠬᠠᠨ ᠠᠶᠢᠯ︾᠂ ︽ᠳᠤᠤᠷᠡᠢ ᠶᠢᠨ ᠠᠶᠢᠯ︾᠂ ︽ᠠᠯᠠᠱᠠ ᠠᠶᠢᠯ︾᠂ ︽ᠬᠠᠳᠤᠨ ᠭᠤᠤᠯ ᠤᠨ ᠵᠢᠭᠠᠰᠤᠨ ᠳᠤᠰᠬᠤᠨ︾ ᠵᠡᠷᠬᠡ ᠶᠢᠨ ᠠᠵᠤ ᠦᠢᠯᠡᠰᠵᠢᠭᠰᠡᠨ ᠬᠡᠯᠪᠡᠷᠢ ᠪᠠᠷ ᠬᠦᠭᠵᠢᠨ ᠪᠤᠵᠡᠭᠠᠶᠢᠷᠠᠬᠤ ᠶᠢ ᠨᠢ ᠳᠠᠮᠵᠢᠵᠤ᠂ ᠬᠦᠳᠡᠭᠡ ᠳᠤᠰᠬᠤᠨ ᠤ ᠵᠢᠭᠤᠯᠴᠢᠯᠠᠯ ᠢᠶᠠᠷ ᠳᠠᠮᠵᠢᠨ ᠨᠠᠩ ᠤᠯᠠᠨ ᠮᠠᠯᠴᠢᠨ ᠳᠠᠷᠢᠶᠠᠴᠢᠨ ᠳᠤ ᠠᠰᠢᠬ ᠬᠦᠷᠳᠡᠬᠡᠨ᠎ᠠ᠃      ᠳᠠᠪᠤ ᠳᠤ᠂ ᠡᠯᠡᠰᠤᠨ ᠤ ᠠᠵᠤ ᠦᠢᠯᠡᠰ ᠤᠨ ᠬᠡᠪᠴᠢᠶᠠᠵᠢᠭᠰᠡᠨ ᠬᠦᠭᠵᠢᠯᠳᠠ ᠶᠢ ᠠᠬᠢᠭᠤᠯᠤᠨ᠎ᠠ᠃ ᠠᠯᠠᠱᠠ  ᠶᠢᠨ ᠴᠠᠭᠠᠨ ᠭᠤᠶᠤᠤ᠂ ᠤᠯᠠᠭᠠᠨ ᠭᠤᠶᠤᠤ ᠵᠡᠷᠬᠡ ᠰᠢᠯᠢᠳᠡᠭ ᠪᠠᠶᠠᠯᠢᠭ ᠡᠯᠡᠰᠤᠨ ᠤᠷᠭᠤᠮᠠᠯ ᠤᠨ ᠡᠬᠢ ᠪᠠᠶᠠᠯᠢᠬ ᠤᠨ ᠳᠠᠪᠠᠭᠤᠯᠢᠬ ᠢ ᠪᠠᠳᠠᠷᠠᠭᠤᠯᠵᠤ᠂ ᠤᠯᠤᠰ ᠤᠨ ᠴᠢᠬᠤᠯᠠ ᠡᠯᠡᠰᠤᠨ ᠤ ᠠᠵᠤ ᠦᠢᠯᠡᠰ ᠤᠨ ᠵᠢᠱᠢᠶ᠎ᠠ ᠦᠵᠡᠬᠦᠯᠬᠦ ᠰᠠᠭᠤᠷᠢᠨ ᠢ ᠪᠦᠳᠤᠬᠡᠨ ᠪᠠᠶᠢᠭᠤᠯᠬᠤ ᠳᠤᠭᠤᠷᠢᠨ ᠳᠤ ᠬᠡᠪᠴᠢᠶᠠᠵᠢᠬᠦᠯᠤᠨ ᠬᠦᠭᠵᠢᠬᠦᠯᠬᠦ᠂ ᠲᠠᠭᠠᠭᠤᠯᠤᠭᠴᠢ ᠶᠢ ᠳᠠᠶᠢᠴᠢᠯᠠᠬᠤ᠂ ᠰᠢᠨᠵᠢᠯᠡᠬᠦ ᠤᠬᠠᠭᠠᠨ ᠮᠡᠷᠬᠡᠵᠢᠯ ᠢ ᠲᠦᠰᠢᠬᠦ ᠰᠡᠳᠬᠢᠴᠠ ᠪᠠᠷ ︽ᠲᠠᠭᠠᠭᠤᠯᠤᠭᠴᠢ ᠠᠵᠤ ᠠᠬᠤᠶᠢᠯᠠᠯ + ᠳᠠᠷᠢᠮᠠᠯ ᠤᠨ ᠰᠠᠭᠤᠷᠢᠨ + ᠰᠢᠨᠵᠢᠯᠡᠬᠦ ᠤᠬᠠᠭᠠᠨ ᠮᠠᠷᠬᠡᠵᠢᠯ ᠤᠨ ᠨᠡᠪᠴᠢᠬᠦᠯᠦᠬᠦᠷ + ᠮᠠᠯᠵᠢᠬᠤ ᠳᠠᠷᠢᠶᠠᠯᠠᠬᠤ ᠡᠷᠤᠬᠡ︾ ᠶᠢᠨ ᠬᠦᠭᠵᠢᠯᠳᠠ ᠶᠢᠨ ᠵᠠᠬᠪᠤᠷ ᠢ ᠪᠤᠶᠢᠷᠢᠯᠳᠤᠬᠦᠯᠵᠤ᠂ ᠠᠵᠤ ᠦᠢᠯᠠᠰ ᠠᠮᠢ ᠠᠬᠤᠶᠢᠵᠢᠭᠰᠠᠨ᠂ ᠠᠮᠢ ᠠᠬᠤᠢ ᠠᠵᠤ ᠦᠢᠯᠡᠰᠵᠢᠭᠰᠡᠨ ᠬᠦᠭᠵᠢᠯᠳᠠ ᠶᠢ ᠠᠬᠢᠭᠤᠯᠵᠤ᠂ ᠤᠯᠠᠭᠠᠨᠪᠤᠬ᠎ᠠ ᠪᠤᠯᠤᠨ ᠠᠮᠢ ᠠᠬᠤᠢ ᠶᠢᠨ ᠡᠯᠡᠰᠤᠨ ᠤ ᠠᠵᠤ ᠦᠢᠯᠡᠰ ᠤᠨ ᠲᠠᠬᠡᠳᠤ ᠰᠢᠨ᠎ᠠ ᠮᠡᠷᠬᠡᠵᠢᠯ ᠤᠨ ᠠᠵᠤ ᠦᠢᠯᠡᠰ ᠤᠨ ᠨᠡᠬᠡᠬᠡᠯᠳᠠ ᠶᠢᠨ ᠳᠤᠭᠤᠷᠢᠭ ᠢ ᠬᠦᠴᠤᠯᠠᠨ ᠪᠦᠳᠦᠬᠡᠨ ᠪᠠᠶᠢᠭᠤᠯᠬᠤ ᠮᠦᠷᠳᠡᠬᠡᠨ ᠠᠯᠠᠱᠠ ᠶᠢᠨ ᠡᠯᠡᠰᠤᠨ ᠤ ᠠᠵᠤ ᠦᠢᠯᠡᠰ ᠤᠨ ᠬᠦᠭᠵᠢᠯᠳᠡ ᠶᠢᠨ ᠡᠷᠡᠬᠦᠯ ᠰᠠᠷᠠᠭᠤᠯ ᠰᠢᠨᠵᠢᠯᠡᠬᠦ ᠤᠬᠠᠭᠠᠨ ᠮᠡᠷᠬᠡᠵᠢᠯ ᠤᠨ ᠬᠦᠷᠢᠶᠠᠯᠠᠩ ᠪᠤᠯᠭᠠᠨ ᠪᠦᠳᠦᠬᠡᠨ ᠪᠠᠶᠢᠭᠤᠯᠵᠤ᠂ ᠦᠢᠯᠡᠳᠪᠤᠷᠢᠯᠡᠯ ᠵᠢᠭᠠᠨ ᠰᠤᠷᠭᠠᠯᠳᠠ ᠪᠠ ᠰᠤᠳᠤᠯᠭᠠᠨ ᠢ ᠢᠵᠢ ᠲᠦᠭᠦᠷᠵᠢᠭᠦᠯᠦᠨ ᠬᠡᠯᠬᠢᠶᠠᠵᠢᠬᠦᠯᠦᠭᠰᠡᠨ ᠡᠯᠡᠰᠤᠨ ᠤ ᠠᠵᠤ ᠦᠢᠯᠡᠰ  ᠤᠨ ᠬᠦᠷᠢᠶᠠᠯᠠᠩ ᠳᠤᠭᠤᠷᠢᠭ ᠢ ᠪᠤᠢ ᠪᠤᠯᠭᠠᠨ᠎ᠡ᠃ ᠤᠳᠤᠬᠠᠨ ᠳᠤ ᠪᠦᠬᠦ ᠠᠶᠢᠮᠠᠭ ᠤᠨ ᠳᠠᠷᠢᠭᠰᠠᠨ ᠵᠠᠭ ᠤᠨ ᠤᠢ  ᠶᠢᠨ ᠳᠠᠯᠠᠪᠠᠢ 270 ᠲᠦᠮᠠᠨ ᠮᠤ᠋ ᠳᠤ ᠬᠦᠷᠴᠤ᠂ ᠡᠯᠡᠰᠤᠨ ᠦᠵᠤᠮ᠂ ᠬᠠᠷ᠎ᠠ ᠴᠢᠨ᠋ᠸ᠎ᠠ ᠶᠢᠨ ᠬᠠᠷᠮᠠᠭ ᠵᠡᠷᠬᠡ ᠶᠢ 7.9 ᠲᠦᠮᠠᠨ ᠮᠤ᠋ ᠳᠠᠷᠢᠵᠤ᠂ ᠡᠯᠡᠰᠤᠨ ᠤ ᠠᠵᠤ ᠦᠢᠯᠡᠰ ᠤᠨ 37 ᠠᠵᠤ ᠠᠬᠤᠶᠢᠯᠠᠯ ᠲᠠᠢ ᠪᠤᠯᠵᠤ᠂ 40 ᠭᠠᠷᠤᠢ ᠲᠦᠷᠦᠯ ᠵᠦᠢᠯ ᠤᠨ ᠮᠡᠷᠬᠡᠵᠢᠯ ᠪᠤᠯᠤᠨ ᠪᠦᠳᠤᠬᠡᠭᠳᠡᠬᠦᠨ ᠢ ᠪᠦᠬᠦᠠ ᠢ ᠳᠤᠷᠰᠢᠯᠳᠠ ᠪᠠᠷ ᠲᠠᠮᠵᠢᠨ ᠨᠡᠬᠡᠬᠡᠨ ᠬᠦᠭᠵᠢᠬᠦᠯᠵᠤ᠂ ᠴᠠᠭᠠᠨ ᠭᠤᠶᠤᠤ ᠶᠢ ᠰᠢᠨ᠎ᠠ ᠢᠳᠡᠬᠡᠨ ᠤ ᠵᠦᠢᠯᠡᠰ ᠤᠨ ᠲᠦᠬᠦᠬᠡᠢ ᠮᠠᠲ᠋ᠧᠷᠢᠶᠠᠯ ᠢᠶᠠᠷ ᠮᠡᠳᠡᠬᠦᠯᠦᠨ ᠨᠢᠬᠡᠨᠳᠡ ᠤᠯᠤᠰ ᠤᠨ ᠬᠠᠮᠢᠶ᠎ᠠ ᠪᠦᠬᠦᠢ ᠳᠤᠰᠬᠠᠢ ᠮᠡᠷᠬᠡᠵᠢᠯ ᠤᠨ ᠳᠤᠭᠤᠶᠢᠯᠠᠩ ᠤᠨ ᠬᠢᠨᠠᠨ ᠳᠤᠭᠳᠠᠭᠠᠯᠳᠠ ᠶᠢ ᠥᠩᠭᠡᠷᠡᠭᠡᠪᠡ᠃      ᠵᠢᠷᠭᠤᠭ᠎ᠠ ᠳᠤ᠂ ᠴᠡᠪᠡᠷ ᠡᠨᠧᠷᠬᠢ ᠶᠢᠨ ᠦᠢᠯᠡᠰ ᠢ ᠤᠶᠤᠨᠴᠢ ᠪᠠᠷ ᠬᠦᠭᠵᠢᠬᠦᠯᠬᠦ ᠶᠢ ᠠᠬᠢᠭᠤᠯᠤᠨ᠎ᠠ᠃ ᠠᠯᠠᠱᠠ ᠶᠢᠨ ᠦᠩᠬᠡ ᠦᠵᠡᠮᠵᠢ ᠡᠬᠢ ᠪᠠᠶᠠᠯᠢᠭ ᠲᠦᠪᠯᠡᠷᠡᠭᠰᠡᠨ ᠳᠠᠪᠠᠭᠤᠯᠢᠬ ᠢ ᠪᠠᠳᠠᠷᠠᠭᠤᠯᠵᠤ᠂ ᠤᠯᠤᠰ ᠤᠨ ᠭᠤᠤᠯᠳᠠᠯᠭ᠎ᠠ ᠲᠠᠢ ᠴᠡᠪᠡᠷ ᠡᠨᠧᠷᠬᠢ ᠶᠢᠨ ᠵᠢᠱᠢᠶ᠎ᠠ ᠦᠵᠡᠬᠦᠯᠬᠦ ᠰᠠᠭᠤᠷᠢᠨ ᠢ ᠪᠦᠳᠤᠬᠡᠨ ᠪᠠᠶᠢᠭᠤᠯᠬᠤ ᠳᠤᠭᠤᠷᠢᠨ ᠳᠤ ᠭᠠᠳᠠᠭᠰᠢ ᠬᠦᠷᠬᠡᠬᠦ ᠵᠠᠮ ᠱᠤᠭᠤᠮ ᠲᠠᠢ᠂ ᠮᠡᠷᠬᠡᠵᠢᠯ ᠤᠨ ᠵᠡᠮ ᠱᠤᠭᠤᠮ ᠲᠠᠢ᠂ ᠠᠵᠤ ᠦᠢᠯᠡᠰ ᠤᠨ ᠪᠡᠯᠠ ᠤᠷᠤᠭᠤᠯᠤᠯᠳᠠ ᠲᠠᠢ ᠪᠠᠶᠢᠬᠤ ᠰᠡᠳᠬᠢᠴᠠ ᠪᠠᠷ ᠪᠦᠬᠦ ᠠᠶᠢᠮᠠᠭ ᠢ ᠪᠦᠬᠦᠶᠢᠯᠡ ᠳᠤᠨᠢ ᠪᠤᠳᠤᠯᠬᠢᠯᠠᠨ ᠶᠡᠭᠡ ᠲᠦᠷᠦᠯ ᠵᠤᠶᠢᠯ ᠢ ᠤᠷᠤᠭᠤᠯᠬᠤ ᠠᠴᠠ ᠪᠢᠰᠢ ᠪᠠᠭ᠎ᠠ ᠲᠦᠷᠦᠯ ᠵᠤᠶᠢᠯ ᠢ ᠤᠷᠤᠭᠤᠯᠬᠤ ᠦᠬᠡᠢ ᠪᠠᠶᠢᠬᠤ ᠶᠢ ᠪᠠᠷᠢᠮᠳᠠᠯᠠᠵᠤ᠂ ᠦᠩᠬᠡ ᠦᠵᠡᠮᠵᠢ ᠡᠬᠢ ᠪᠠᠶᠠᠯᠢᠭ ᠢ ᠰᠢᠯᠢᠳᠡᠭ ᠴᠢᠨᠡᠷ ᠢᠶᠠᠷ᠂ ᠦᠨᠳᠤᠷ ᠦᠷ᠎ᠠ ᠠᠰᠢᠭ ᠲᠠᠢ ᠪᠠᠷ ᠨᠡᠬᠡᠬᠡᠨ ᠠᠰᠢᠬᠯᠠᠵᠤ᠂ ᠠᠵᠤ ᠦᠢᠯᠡᠰᠵᠢᠭᠰᠡᠨ᠂ ᠪᠦᠯᠦᠭᠵᠢᠭᠰᠡᠨ᠂ ᠬᠡᠪᠴᠢᠶᠡᠵᠢᠭᠰᠡᠨ ᠬᠦᠭᠵᠢᠯᠳᠠ ᠶᠢ ᠠᠬᠢᠭᠤᠯᠵᠤ᠂ ᠴᠡᠪᠡᠷ ᠡᠨᠧᠷᠬᠢ ᠶᠢᠨ ᠠᠵᠤ ᠦᠢᠯᠡᠰ ᠤᠨ ᠬᠦᠷᠢᠶᠠᠯᠠᠩ ᠳᠤᠭᠤᠷᠢᠭ ᠢ ᠪᠦᠳᠦᠬᠡᠨ ᠪᠠᠶᠢᠭᠤᠯᠵᠤ᠂ ᠨᠢᠬᠡ ᠬᠦᠭ ᠤᠨ ᠬᠠᠯᠠᠭᠤᠨ ᠢᠶᠠᠷ ᠴᠠᠯᠬᠢᠭᠤᠯᠤᠨ ᠬᠦᠭᠵᠢᠬᠦᠯᠬᠦ ᠪᠤᠶᠤ ᠨᠡᠩ ᠴᠤ ᠢᠷᠡᠬᠡᠳᠤᠢ ᠶᠢᠨ ᠬᠦᠭᠵᠢᠯᠳᠠ ᠳᠤ ᠬᠠᠷᠠᠮᠰᠠᠯ ᠦᠯᠡᠳᠡᠬᠡᠵᠤ ᠪᠤᠯᠬᠤ ᠦᠬᠡᠢ᠃ ᠤᠳᠤᠬᠠᠨ ᠳᠤ ᠠᠯᠠᠱᠠ ᠶᠢᠨ 1000 ᠲᠦᠮᠠᠨ ᠺᠢᠯᠤᠸᠠᠲ ᠤᠨ ᠨᠠᠷᠠᠨ ᠤ ᠡᠨᠧᠷᠬᠢ ᠪᠠᠷ ᠴᠠᠬᠢᠯᠭᠠᠨ ᠭᠠᠷᠭᠠᠬᠤ ᠰᠠᠭᠤᠷᠢᠨ᠂ ᠠᠯᠠᠱᠠ — ᠬᠤᠸ᠋ᠨ ᠵᠦᠩ 800 ᠺᠢᠯᠤᠸᠠᠲ ᠤᠨ ᠳᠤᠭᠳᠠᠮᠠᠯ ᠬᠦᠶᠤᠳᠠᠯᠳᠤ ᠤᠨᠴᠠ ᠦᠨᠳᠤᠷ ᠬᠦᠴᠦᠳᠡᠯᠳᠤ ᠴᠠᠬᠢᠯᠭᠠᠨ ᠤ ᠵᠠᠮ ᠱᠤᠭᠤᠮ ᠵᠡᠷᠬᠡ ᠲᠦᠷᠦᠯ ᠵᠦᠢᠯ ᠤᠳ ᠨᠢᠬᠡᠨᠳᠠ ᠤᠯᠤᠰ ᠤᠨ ︽13.5︾ ᠶᠢᠨ ᠲᠦᠯᠦᠪᠵᠢᠬᠦᠯᠬᠡ ᠳᠤ ᠤᠷᠤᠭᠠᠳ ᠪᠤᠢ᠃
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ