ᠪᠦᠬᠦ ᠤᠯᠤᠰ ᠤᠨ ᠲᠠᠮᠢᠷ ᠤᠨ ᠴᠤᠭᠯᠠᠭᠠᠨ ᠤ ᠪᠤᠯᠪᠠᠰᠤᠷᠠᠯ ᠢ ᠴᠢᠩᠭ᠎ᠠ ᠠᠳᠬᠤᠵᠤ ᠮᠠᠨ ᠤ ᠤᠷᠤᠨ ᠤ ᠤᠷᠤᠯᠳᠤᠭᠠᠨ ᠤ ᠠᠵᠢᠯᠯᠠᠭ᠎ᠠ ᠶᠢᠨ ᠪᠡᠯᠡᠳᠬᠡᠯ ᠠᠵᠢᠯ ᠢ ᠰᠠᠶᠢᠳᠤᠷ ᠬᠢᠬᠦ ᠭᠡᠷᠡᠭᠳᠠᠢ
ᠨᠡᠶᠢᠲᠡᠯᠡᠭᠰᠡᠨ ᠴᠠᠭ᠄
2017/4/10
     4 ᠳ᠋ᠤᠭᠡᠷ ᠰᠠᠷ᠎ᠠ ᠶᠢᠨ 7᠎ ᠤ ᠡᠳᠤᠷ᠂ ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠯᠢᠦ ᠰᠢᠨ ᠯᠧ ᠮᠠᠨ ᠤ ᠤᠷᠤᠨ ᠤ ᠣᠶᠢᠷ᠎ᠠ ᠶᠢᠨ ᠬᠤᠭᠤᠴᠠᠭᠠᠨ ᠤ ᠪᠠᠶ᠎ᠠ ᠶᠢᠨ ᠲᠠᠮᠢᠷ ᠤᠨ ᠬᠦᠳᠡᠯᠬᠡᠬᠡᠨ ᠤ ᠭᠤᠤᠯᠳᠠᠯᠭ᠎ᠠ ᠲᠠᠢ ᠠᠵᠢᠯ ᠤᠨ ᠠᠬᠢᠴᠠ ᠶᠢᠨ ᠪᠠᠶᠢᠳᠠᠯ ᠶᠢ ᠪᠠᠶᠢᠴᠠᠭᠠᠨ ᠰᠤᠳᠤᠯᠤᠯᠳᠠ ᠬᠢᠵᠤ᠂ ᠲᠤᠬᠠᠢ ᠶᠢᠨ ᠭᠠᠵᠠᠷ ᠲᠤ ᠲᠠᠮᠢᠷᠴᠢᠨ ᠤ ᠪᠤᠯᠪᠠᠰᠤᠷᠠᠯ ᠢ ᠪᠠᠶᠢᠴᠠᠭᠠᠵᠤ ᠲᠡᠷᠡᠴᠢᠯᠠᠨ ᠬᠤᠯᠪᠤᠬᠳᠠᠯ ᠪᠦᠬᠦᠢ ᠠᠵᠢᠯ ᠤᠨ ᠪᠠᠶᠢᠳᠠᠯ  ᠎ ᠤᠨ ᠲᠤᠬᠠᠢ ᠬᠠᠷᠢᠭᠤ ᠮᠡᠳᠡᠬᠦᠯᠤᠯᠳᠠ ᠶᠢ ᠰᠤᠨᠤᠰᠪᠠ᠃      ᠯᠢᠦ ᠰᠢᠨ ᠯᠧ ᠨᠠᠷ ᠦᠪᠡᠷᠳᠡᠬᠡᠨ ᠵᠠᠰᠠᠬᠤ ᠤᠷᠤᠨ ᠤ ᠪᠦᠬᠡ ᠪᠤᠤᠺᠰ ᠲᠧᠺᠸᠤᠨᠳᠤᠤ ᠬᠦᠨᠳᠤ ᠡᠷᠬᠦᠯᠳᠠ ᠶᠢᠨ ᠪᠠᠶ᠎ᠠ ᠶᠢᠨ ᠲᠠᠮᠢᠷ ᠤᠨ ᠬᠦᠳᠡᠯᠬᠡᠬᠡᠨ ᠤ ᠲᠦᠪ ᠵᠡᠷᠬᠡ ᠭᠠᠵᠠᠷ ᠢᠶᠠᠷ ᠲᠤᠭᠤᠷᠢᠨ ᠦᠵᠡᠵᠤ ᠲᠠᠮᠢᠷᠴᠢᠨ ᠤ ᠪᠤᠯᠪᠠᠰᠤᠷᠠᠯ ᠎ ᠤᠨ ᠪᠠᠶᠢᠳᠠᠯ ᠢ ᠯᠠᠪᠯᠠᠨ ᠠᠰᠠᠭᠤᠵᠤ᠂ ᠦᠷᠬᠡᠨ ᠤᠯᠠᠨ ᠲᠠᠮᠢᠷᠴᠢᠨ ᠪᠤᠯᠤᠨ ᠰᠤᠷᠭᠠᠬᠴᠢ ᠶᠢ ᠰᠢᠯᠢᠳᠡᠭ ᠬᠢᠷᠢ ᠪᠦᠳᠤᠮᠵᠢ ᠭᠠᠷᠭᠠᠬᠤ ᠪᠠᠷ ᠪᠦᠬᠦ ᠬᠦᠴᠤ ᠪᠠᠷ ᠢᠶᠠᠨ ᠴᠢᠷᠮᠠᠶᠢᠬᠤ ᠭᠡᠷᠡᠭᠳᠠᠢ ᠬᠡᠵᠤ ᠵᠤᠷᠢᠬᠵᠢᠭᠤᠯᠪᠠ᠃      ᠯᠢᠦ ᠰᠢᠨ ᠯᠧ᠂ ᠪᠠᠶᠢᠷᠢᠯᠠᠭᠤᠯᠤᠯᠳᠠ ᠪᠠᠶᠢᠷᠢᠰᠢᠭᠤᠯᠤᠯᠳᠠ ᠬᠦᠢᠴᠡᠳ ᠪᠠᠶᠢᠬᠤ ᠶᠢ ᠪᠠᠷᠢᠮᠳᠠᠯᠠᠵᠤ᠂ ᠠᠷᠪᠠᠨ ᠭᠤᠷᠪᠠᠳᠤᠭᠠᠷ ᠬᠤᠭᠤᠴᠠᠭᠠᠨ ᠤ ᠲᠢᠶᠠᠨᠵᠢᠨ ᠤ ᠪᠦᠬᠦ ᠤᠯᠤᠰ ᠤᠨ ᠲᠠᠮᠢᠷ ᠤᠨ ᠴᠤᠭᠯᠠᠭᠠᠨ ᠤ ᠤᠷᠤᠯᠳᠤᠭᠠᠨ ᠳᠤ ᠤᠷᠤᠯᠴᠠᠬᠤ ᠪᠡᠯᠡᠳᠬᠡᠯ ᠠᠵᠢᠯ ᠢᠶᠠᠨ ᠰᠠᠶᠢᠳᠤᠷ ᠬᠢᠬᠦ ᠭᠡᠷᠡᠭᠳᠠᠢ᠃ ᠤᠷᠤᠯᠳᠤᠭᠠᠨ ᠤ ᠬᠡᠪᠴᠢᠶ᠎ᠠ ᠪᠤᠯᠤᠨ ᠤᠷᠤᠯᠳᠤᠭᠠᠨ ᠤ ᠬᠢᠷᠢ ᠪᠦᠳᠤᠮᠵᠢ ᠶᠢᠨ ᠲᠠᠯ᠎ᠠ ᠪᠠᠷ ᠲᠡᠭᠡᠷ᠎ᠠ ᠬᠤᠭᠤᠴᠠᠭᠠᠨ ᠤ ᠲᠦᠪᠰᠢᠨ ᠠᠴᠠ ᠲᠠᠪᠠᠭ᠋ᠤ ᠪᠠᠷ ᠴᠢᠷᠮᠠᠶᠢᠬᠤ ᠭᠡᠷᠡᠭᠳᠠᠢ︔ ᠨᠢᠬᠳᠠ ᠬᠠᠮᠵᠢᠯᠴᠠᠬᠤ ᠶᠢ ᠪᠠᠷᠢᠮᠳᠠᠯᠠᠵᠤ᠂ ᠶᠢᠰᠤᠳᠤᠭᠡᠷ ᠬᠤᠭᠤᠴᠠᠭᠠᠨ ᠤ ᠪᠦᠬᠦ ᠤᠷᠤᠨ ᠤ ᠴᠦᠬᠡᠨ ᠲᠤᠭᠠᠳᠤ ᠦᠨᠳᠤᠰᠤᠳᠠᠨ ᠤ ᠤᠯᠠᠮᠵᠢᠯᠠᠯᠳᠤ ᠲᠠᠮᠢᠷ  ᠎ ᠤᠨ ᠴᠤᠬᠯᠠᠭᠠᠨ ᠤ ᠤᠷᠤᠯᠳᠤᠭᠠᠨ ᠢ ᠵᠤᠬᠢᠶᠠᠨ ᠪᠠᠶᠢᠭᠤᠯᠬᠤ ᠠᠵᠢᠯ ᠢ ᠨᠠᠷᠢᠨ ᠬᠢᠨᠠᠮᠠᠭᠠᠢ ᠰᠠᠶᠢᠳᠤᠷ ᠬᠢᠬᠦ ᠭᠡᠷᠡᠭᠳᠠᠢ︔ ᠨᠢᠮᠪᠠᠢ ᠵᠤᠬᠢᠴᠠᠭᠤᠯᠬᠤ ᠶᠢ ᠪᠠᠷᠢᠮᠳᠠᠯᠠᠵᠤ᠂ ᠪᠦᠬᠦ ᠤᠯᠤᠰ ᠤᠨ ᠪᠠᠶ᠎ᠠ ᠶᠢᠨ ᠲᠠᠮᠢᠷ ᠤᠨ ᠰᠤᠶᠤᠯ᠂ ᠪᠠᠶ᠎ᠠ ᠶᠢᠨ ᠲᠠᠮᠢᠷ ᠵᠤᠭᠠᠴᠠᠯ ᠤᠨ ᠦᠵᠡᠰᠬᠦᠯᠠᠩ ᠢ ᠡᠷᠬᠢᠯᠡᠬᠦ ᠠᠵᠢᠯ ᠢ ᠨᠠᠷᠢᠨ ᠨᠢᠬᠳᠠ ᠰᠠᠶᠢᠳᠤᠷ ᠬᠢᠬᠦ ᠭᠡᠷᠡᠭᠳᠠᠢ ᠬᠡᠵᠤ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号