ᠰᠤᠷᠪᠤᠯᠵᠢᠯᠠᠭᠴᠢ᠂ ᠦᠪᠡᠷᠳᠡᠬᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠠᠴᠠ | ᠤᠶᠢᠯᠠᠭᠠᠭᠰᠠᠨ ᠢᠶᠠᠷ᠂ 2017 ᠤᠨ ᠳᠤ ᠮᠠᠨ ᠤ ᠤᠷᠤᠨ ᠦᠷᠬᠦᠯᠵᠢᠯᠡᠨ ᠮᠠᠯᠵᠢᠬᠤ ᠳᠠᠷᠢᠶᠠᠯᠠᠬᠤ ᠤᠷᠤᠨ ᠤ ᠠᠯᠪᠠᠨ | ᠵᠢᠷᠤᠮ ᠤᠨ ᠰᠤᠷᠭᠠᠨ ᠬᠦᠮᠦᠵᠢᠯ ᠤᠨ ᠳᠡᠩᠴᠡᠬᠦᠷᠢᠳᠡᠢ ᠬᠦᠭᠵᠢᠬᠦᠯᠦᠯᠳᠡ ᠶᠢᠨ ᠱᠠᠳᠤᠨ ᠤ ᠤᠨᠴᠠ ᠠᠵᠢᠯ ᠤᠨ | ᠪᠠᠶᠢᠷᠢ ᠶᠢᠨ ᠪᠠᠭᠰᠢ ᠶᠢᠨ ᠲᠦᠯᠦᠪᠯᠡᠭᠡ ᠶᠢ ᠬᠡᠷᠡᠭᠵᠢᠬᠦᠯᠵᠦ᠂ ᠡᠨᠡ ᠵᠢᠯ 600 ᠪᠠᠭᠰᠢ ᠡᠯᠰᠡᠬᠦ ᠪᠠᠷ ᠲᠦᠯᠦᠪᠯᠡᠵᠦ | ᠪᠠᠶᠢᠨ᠎ᠠ᠃ 4 ᠳ᠋ᠤᠭᠡᠷ ᠰᠠᠷ᠎ᠠ ᠶᠢᠨ 17 ᠤ ᠡᠳᠦᠷ ᠠᠴᠠ ᠡᠬᠢᠯᠡᠨ ᠨᠡᠷ᠎ᠡ ᠮᠡᠳᠡᠬᠦᠯᠦᠨ᠎ᠡ᠃ | ᠡᠨᠡ ᠵᠢᠯ ᠤᠨ ᠤᠷᠢᠵᠤ ᠡᠯᠰᠡᠬᠦ ᠲᠦᠯᠦᠪᠯᠡᠭᠡ ᠶᠢ ᠳᠤᠬᠢᠷᠠᠭᠤᠯᠤᠭᠰᠠᠨ ᠠᠶᠢᠮᠠᠭ ᠬᠤᠳᠠ ᠪᠤᠯ ᠬᠦᠬᠡᠬᠤᠳᠠ᠂ | ᠪᠤᠭᠤᠳᠤ᠂ ᠬᠦᠯᠦᠨ ᠪᠤᠶᠢᠷ ᠬᠤᠳᠠ ᠪᠠ ᠬᠢᠩᠭᠠᠨ ᠠᠶᠢᠮᠠᠭ ᠪᠤᠯᠤᠨ᠎ᠠ᠂ ᠴᠢᠩ ᠱᠦᠢ ᠡᠾᠧ ᠰᠢᠶᠠᠨ᠂ ᠳᠠᠷᠬᠠᠨ | ᠮᠤᠤᠮᠢᠩᠭᠠᠨ ᠬᠤᠯᠪᠤᠭᠠᠳᠤ ᠬᠤᠰᠢᠭᠤ ᠵᠡᠷᠬᠡ 14 ᠬᠤᠰᠢᠭᠤ ᠰᠢᠶᠠᠨ ᠲᠠᠢ ᠬᠤᠯᠪᠤᠭᠳᠠᠵᠤ᠂ ᠪᠦᠬᠦ ᠤᠷᠤᠨ ᠤ | ᠳᠤᠳᠤᠨ᠎ᠠ ᠭᠠᠳᠠᠨᠠᠬᠢ ᠪᠦᠬᠦᠯᠢ ᠡᠳᠦᠷ ᠤᠨ ᠲᠦᠷᠢᠮᠳᠤ ᠡᠩ ᠤᠨ ᠶᠡᠭᠡ ᠳᠡᠬᠡᠳᠤ ᠰᠤᠷᠭᠠᠭᠤᠯᠢ ᠠᠴᠠ ᠳᠡᠬᠦᠰᠦᠭᠰᠡᠨ | ᠦᠪᠦᠷ ᠮᠤᠩᠭᠤᠯ ᠤᠨ ᠡᠷᠦᠬᠡ ᠠᠮᠠ ᠶᠢᠨ ᠳᠠᠩᠰᠠ ᠲᠠᠢ ᠰᠤᠷᠤᠭᠴᠢ ᠠᠴᠠ ᠡᠯᠰᠡᠨ᠎ᠡ᠃ | 4 ᠳ᠋ᠤᠭᠡᠷ ᠰᠠᠷ᠎ᠠ ᠶᠢᠨ 17 ᠤ ᠡᠳᠦᠷ ᠤᠨ 8 ᠴᠠᠭ ᠠᠴᠠ 4 ᠳ᠋ᠤᠭᠡᠷ ᠰᠠᠷ᠎ᠠ ᠶᠢᠨ 22 ᠤᠨ ᠡᠳᠦᠷ ᠤᠨ 18 | ᠴᠠᠭ ᠪᠤᠯᠳᠠᠯ᠎ᠠ ᠨᠡᠷ᠎ᠡ ᠮᠡᠳᠡᠬᠦᠯᠦᠨ᠎ᠡ᠃ ᠨᠦᠬᠦᠴᠡᠯ ᠳᠤ ᠨᠡᠶᠢᠴᠡᠬᠦ ᠰᠢᠯᠭᠠᠭᠤᠯᠤᠭᠴᠢ ᠦᠪᠦᠷ ᠮᠤᠩᠭᠤᠯ ᠤᠨ | ᠰᠤᠷᠤᠭᠴᠢ ᠡᠯᠰᠡᠬᠦ ᠰᠢᠯᠭᠠᠯᠳᠠ ᠶᠢᠨ ᠮᠡᠳᠡᠭᠡ ᠵᠠᠩᠬᠢ ᠶᠢᠨ ᠰᠦᠯᠵᠢᠶᠡᠨ ᠳᠤ ᠭᠠᠷᠴᠤ ᠨᠡᠷ᠎ᠡ ᠮᠡᠳᠡᠬᠦᠯᠦᠨ᠎ᠡ᠃ 5 | ᠳ᠋ᠤᠭᠠᠷ ᠰᠠᠷ᠎ᠠ ᠶᠢᠨ 13 ᠤ ᠡᠳᠦᠷ ᠤᠨ 8 ᠴᠠᠭ ᠠᠴᠠ 5 ᠳ᠋ᠤᠭᠠᠷ ᠰᠠᠷ᠎ᠠ ᠶᠢᠨ 20 ᠤ ᠡᠳᠦᠷ ᠤᠨ 9 ᠴᠠᠭ | ᠪᠤᠯᠳᠠᠯ᠎ᠠ᠂ ᠰᠢᠯᠭᠠᠭᠤᠯᠤᠭᠴᠢ ᠶᠢᠨ ᠰᠢᠯᠭᠠᠭᠤᠯᠬᠤ ᠶᠢ ᠵᠦᠪᠰᠢᠶᠡᠷᠡᠬᠦ ᠬᠡᠷᠡᠴᠢ ᠪᠠᠨ ᠳᠠᠷᠤᠮᠠᠯᠯᠠᠨ᠎ᠠ᠃ 5 ᠳ᠋ᠤᠭᠠᠷ | ᠰᠠᠷ᠎ᠠ ᠶᠢᠨ 20 ᠤ ᠡᠳᠦᠷ ᠪᠢᠷ ᠤᠨ ᠰᠢᠯᠭᠠᠯᠳᠠ ᠶᠠᠪᠤᠭᠳᠠᠨ᠎ᠠ᠃ ᠪᠦᠬᠦ ᠤᠷᠤᠨ ᠳᠤ 5 ᠰᠢᠯᠭᠠᠯᠳᠠ ᠶᠢᠨ ᠴᠢᠭ᠋ | ᠳᠤᠬᠢᠷᠠᠭᠤᠯᠵᠤ᠂ ᠳᠤᠰᠪᠤᠷᠢ ᠬᠦᠬᠡᠬᠤᠳᠠ᠂ ᠬᠦᠯᠦᠨ ᠪᠤᠶᠢᠷ᠂ ᠬᠢᠩᠭᠠᠨ ᠠᠶᠢᠮᠠᠭ᠂ ᠲᠦᠩᠯᠢᠶᠤᠤ ᠬᠤᠳᠠ᠂ | ᠪᠤᠭᠤᠳᠤ ᠳᠤ ᠰᠢᠯᠭᠠᠨ᠎ᠠ᠃ ᠰᠢᠯᠭᠠᠯᠳᠠ ᠶᠢᠨ ᠬᠢᠷᠢ ᠪᠦᠳᠦᠮᠵᠢ ᠶᠢ 6 ᠳ᠋ᠤᠭᠠᠷ ᠰᠠᠷ᠎ᠠ ᠶᠢᠨ 10 ᠤ ᠡᠳᠦᠷ | ᠨᠡᠶᠢᠲᠡᠯᠡᠨ᠎ᠡ᠃ |