ᠦᠪᠦᠷ ᠮᠣᠩᠭᠤᠯ ᠤᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠥᠪᠰᠢᠨ ᠤ ᠰᠢᠯᠭᠠᠯᠲᠠ ᠳᠤ 4 ᠳ᠋ᠦ᠋ᠭᠡᠷ ᠰᠠᠷ᠎ᠠ ᠶᠢᠨ 21 ᠤ ᠡᠳᠦᠷ ᠠᠴᠠ ᠡᠬᠢᠯᠡᠨ ᠨᠡᠷ᠎ᠡ ᠮᠡᠳᠡᠭᠦᠯᠦᠨ᠎ᠡ
ᠨᠡᠶᠢᠲᠡᠯᠡᠭᠰᠡᠨ ᠴᠠᠭ᠄
2017/4/11
      2016 — 2017 ᠣᠨ ᠤ ᠬᠤᠶᠠᠳᠤᠭᠠᠷ ᠰᠤᠷᠤᠯᠭ᠎ᠠ ᠶᠢᠨ ᠬᠤᠭᠤᠴᠠᠭᠠᠨ ᠤ ᠪᠦᠬᠦ ᠣᠷᠣᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠳᠤ 4 ᠳ᠋ᠦ᠋ᠭᠡᠷ ᠰᠠᠷ᠎ᠠ ᠶᠢᠨ 21 ᠤ ᠡᠳᠦᠷ ᠠᠴᠠ ᠡᠬᠢᠯᠡᠨ ᠨᠡᠷ᠎ᠡ ᠮᠡᠳᠡᠭᠦᠯᠵᠦ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠤᠶᠠᠳᠤᠭᠠᠷ ᠣᠨ ᠵᠢᠴᠢ ᠭᠤᠷᠪᠠᠳᠤᠭᠠᠷ ᠣᠨ ᠤ ᠰᠤᠷᠤᠭᠴᠢᠳ ᠬᠠᠮᠢᠶ᠎ᠠ ᠪᠦᠬᠦᠢ ᠬᠢᠴᠢᠶᠡᠯ ᠲᠦᠷᠦᠯ ᠳᠤ ᠳᠠᠭᠢᠵᠤ ᠨᠡᠷ᠎ᠡ ᠮᠡᠳᠡᠭᠦᠯᠦᠨ ᠰᠢᠯᠭᠠᠭᠤᠯᠬᠤ ᠴᠢᠬᠤᠯᠠ ᠲᠠᠢ ᠪᠣᠯ ᠤᠷᠢᠳᠴᠢᠯᠠᠨ ᠰᠠᠶᠢᠲᠤᠷ ᠪᠡᠯᠡᠳᠬᠡᠬᠦ ᠬᠡᠷᠡᠭᠲᠡᠶ᠃      ᠰᠢᠯᠭᠠᠬᠤ ᠬᠠᠷᠢᠶᠠᠯᠠᠯ ᠢᠶᠠᠨ ᠨᠥᠬᠦᠵᠦ ᠳᠠᠩᠰᠠᠯᠠᠭᠤᠯᠬᠤ ᠵᠢᠴᠢ ᠱᠠᠭᠠᠷᠳᠠᠯᠭ᠎ᠠ᠄ ᠥᠪᠡᠷᠲᠡᠭᠡᠨ ᠵᠠᠰᠠᠬᠤ ᠣᠷᠣᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠵᠢᠩᠬᠢᠨᠢ ᠰᠤᠷᠭᠠᠭᠤᠯᠢ ᠶᠢᠨ ᠬᠠᠷᠢᠶᠠᠯᠠᠯ ᠲᠠᠢ ᠪᠥᠭᠡᠳ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠬᠦ ᠵᠢᠯ ᠳᠡᠭᠡᠨ ᠮᠠᠨ ᠤ ᠣᠷᠣᠨ ᠤ ᠡᠩ ᠤᠨ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠳᠤ ᠨᠡᠷ᠎ᠡ ᠮᠡᠳᠡᠭᠦᠯᠬᠦ ᠬᠢᠷᠢ ᠬᠡᠮ ᠤᠨ ᠨᠥᠬᠦᠴᠡᠯ ᠳᠤ ᠨᠡᠶᠢᠴᠡᠬᠦ ᠰᠤᠷᠤᠯᠭ᠎ᠠ ᠶᠢᠨ ᠬᠢᠷᠢ ᠲᠥᠪᠰᠢᠨ ᠤ ᠰᠢᠯᠭᠠᠯᠲᠠ ᠶᠢᠨ ᠰᠢᠯᠭᠠᠬᠤ ᠬᠠᠷᠢᠶᠠᠯᠠᠯ ᠢᠶᠠᠨ ᠳᠠᠩᠰᠠᠯᠠᠭᠤᠯᠤᠭᠠᠳᠤᠢ ᠥᠨᠳᠥᠷ ᠳᠤᠮᠳᠠᠳᠤ ᠶᠢᠨ ᠬᠤᠶᠠᠳᠤᠭᠠᠷ ᠣᠨ ᠤ ᠰᠤᠷᠭᠠᠭᠤᠯᠢ ᠳᠤ ᠪᠠᠶᠢᠭ᠎ᠠ ᠰᠤᠷᠤᠭᠴᠢᠳ᠂ ᠲᠣᠭᠲᠠᠭᠰᠠᠨ ᠴᠠᠭ ᠬᠤᠭᠤᠴᠠᠭᠠᠨ ᠳᠣᠲᠣᠷ᠎ᠠ ᠰᠢᠯᠭᠠᠬᠤ ᠬᠠᠷᠢᠶᠠᠯᠠᠯ ᠢᠶᠠᠨ ᠨᠦᠬᠦᠪᠦᠷᠢᠯᠡᠨ ᠳᠠᠩᠰᠠᠯᠠᠭᠤᠯᠵᠤ ᠪᠣᠯᠤᠨ᠎ᠠ᠃ ᠰᠢᠯᠭᠠᠬᠤ ᠬᠠᠷᠢᠶᠠᠯᠠᠯ ᠢᠶᠠᠨ ᠨᠥᠬᠦᠪᠦᠷᠢᠯᠡᠨ ᠳᠠᠩᠰᠠᠯᠠᠭᠤᠯᠤᠭᠰᠠᠨ ᠬᠤᠶᠢᠨ᠎ᠠ ᠰᠠᠶ᠋ᠢ ᠲᠤᠰ ᠤᠳᠠᠭᠠᠨ ᠤ ᠰᠤᠷᠤᠯᠭ᠎ᠠ ᠶᠢᠨ ᠬᠢᠷᠢ ᠲᠥᠪᠰᠢᠨ ᠤ ᠰᠢᠯᠭᠠᠯᠲᠠ ᠳᠤ ᠨᠡᠷ᠎ᠡ ᠮᠡᠳᠡᠭᠦᠯᠦᠨ ᠰᠢᠯᠭᠠᠭᠤᠯᠵᠤ ᠪᠣᠯᠤᠨ᠎ᠠ᠃ ᠡᠭᠦᠨ ᠳᠤ ᠡᠷᠦᠬᠡ ᠠᠮᠠ ᠨᠢ ᠣᠷᠣᠨ ᠤ ᠭᠠᠳᠠᠨ᠎ᠠ  ᠠᠴᠠ ᠨᠡᠭᠦᠵᠦ ᠢᠷᠡᠭᠰᠡᠨ ᠪᠠ ᠭᠠᠳᠠᠨ᠎ᠠ ᠠᠴᠠ ᠢᠷᠡᠵᠦ ᠠᠵᠢᠯ ᠬᠢᠵᠦ ᠪᠠᠶᠢᠭ᠎ᠠ ᠬᠥᠮᠦᠰ ᠤᠨ ᠳᠠᠭᠠᠵᠤ ᠢᠷᠡᠭᠰᠡᠨ ᠦᠷ᠎ᠡ ᠬᠡᠤᠬᠡᠳ᠂ ᠲᠤᠰ ᠤᠳᠠᠭᠠᠨ ᠤ ᠰᠤᠷᠤᠯᠭ᠎ᠠ ᠶᠢᠨ ᠬᠢᠷᠢ ᠲᠥᠪᠰᠢᠨ ᠤ ᠰᠢᠯᠭᠠᠯᠲᠠ ᠳᠤ ᠨᠡᠷ᠎ᠡ ᠮᠡᠳᠡᠭᠦᠯᠬᠦ᠂ ᠰᠢᠯᠭᠠᠬᠤ ᠬᠠᠷᠢᠶᠠᠯᠠᠯ ᠢᠶᠠᠨ ᠨᠦᠬᠦᠪᠦᠷᠢᠯᠡᠨ ᠳᠠᠩᠰᠠᠯᠠᠭᠤᠯᠬᠤ ᠳᠤ᠂ ᠡᠷᠬᠡᠪᠰᠢ ᠳᠣᠣᠷᠠᠬᠢ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠶ᠄ 1. ᠡᠷᠦᠬᠡ ᠠᠮᠠ ᠨᠢ ᠣᠷᠣᠨ ᠤ ᠭᠠᠳᠠᠨ᠎ᠠ ᠠᠴᠠ ᠨᠡᠭᠦᠵᠦ ᠢᠷᠡᠭᠰᠡᠨ ᠰᠢᠯᠭᠠᠭᠤᠯᠤᠭᠰᠠᠳ᠂ ᠬᠡᠷᠪᠡ ᠲᠤᠰ ᠬᠥᠮᠦᠨ ᠨᠢ ᠣᠷᠣᠨ ᠤ ᠭᠠᠳᠠᠨᠠᠬᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠠᠴᠠ ᠰᠢᠯᠵᠢᠨ ᠢᠷᠡᠭᠰᠡᠨ ᠪᠣᠯ᠂ ᠰᠤᠷᠤᠯᠴᠠᠵᠤ ᠪᠠᠶᠢᠭ᠎ᠠ ᠰᠤᠷᠭᠠᠭᠤᠯᠢ ᠪᠠ ᠰᠤᠷᠭᠠᠭᠤᠯᠢ ᠶᠢᠨ ᠬᠠᠷᠢᠶ᠎ᠠ  ᠨᠢ ᠡᠷᠬᠡᠪᠰᠢ ᠡᠷᠦᠬᠡ ᠠᠮᠠ ᠨᠢ ᠪᠠᠶᠢᠭ᠎ᠠ ᠭᠠᠵᠠᠷ ᠤᠨ ᠠᠶᠢᠮᠠᠭ ᠬᠤᠲᠠ ᠳᠤ ᠪᠠᠶᠢᠬᠤ ᠬᠡᠷᠡᠭᠲᠡᠢ︔ ᠭᠠᠳᠠᠨ᠎ᠠ ᠠᠴᠠ ᠢᠷᠡᠵᠦ ᠠᠵᠢᠯ ᠬᠢᠵᠦ ᠪᠠᠶᠢᠭ᠎ᠠ ᠬᠦᠮᠦᠰ ᠤᠨ ᠳᠠᠭᠠᠵᠤ ᠢᠷᠡᠭᠰᠡᠨ ᠦᠷ᠎ᠡ ᠬᠡᠦᠬᠡᠳ ᠤᠨ ᠰᠤᠷᠤᠯᠴᠠᠵᠤ ᠪᠠᠶᠢᠭ᠎ᠠ ᠰᠤᠷᠭᠠᠭᠤᠯᠢ᠂ ᠰᠤᠷᠤᠯᠭ᠎ᠠ ᠶᠢᠨ ᠬᠠᠷᠢᠶ᠎ᠠ ᠨᠢ ᠡᠷᠬᠡᠪᠰᠢ ᠢᠵᠢᠯᠢ ᠨᠢᠭᠡᠨ ᠨᠢᠭᠡᠨ ᠠᠶᠢᠮᠠᠭ ᠬᠤᠲᠠ ᠳᠤ ᠪᠠᠶᠢᠬᠤ ᠬᠡᠷᠡᠭᠲᠡᠶ᠃ 2. ᠥᠨᠳᠥᠷ ᠳᠤᠮᠳᠠᠳᠤ ᠶᠢᠨ ᠨᠢᠭᠡᠳᠦᠭᠡᠷ ᠣᠨ ᠳᠤ ᠤᠷᠤᠭᠰᠠᠨ ᠠᠴᠠ ᠨᠠᠰᠢ ᠲᠤᠰ ᠬᠥᠮᠦᠨ ᠨᠢ ᠡᠷᠬᠡᠪᠰᠢ ᠰᠤᠷᠤᠯᠴᠠᠵᠤ ᠪᠠᠶᠢᠭ᠎ᠠ ᠰᠤᠷᠭᠠᠭᠤᠯᠢ ᠳᠠᠭᠠᠨ ᠦᠷᠭᠦᠯᠵᠢᠯᠡᠨ ᠰᠤᠷᠤᠯᠴᠠᠭᠰᠠᠨ ᠪᠠᠶᠢᠬᠤ ᠬᠡᠷᠡᠭᠲᠡᠶ᠃      ᠰᠢᠯᠭᠠᠭᠤᠯᠤᠭᠴᠢᠳ ᠬᠢᠴᠢᠶᠡᠯ ᠰᠣᠩᠭᠤᠨ ᠰᠦᠢᠳᠬᠡᠯ ᠲᠤᠰᠢᠶᠠᠬᠤ ᠪᠠ ᠰᠢᠯᠭᠠᠬᠤ ᠬᠠᠷᠢᠶᠠᠯᠠᠯ ᠢᠶᠠᠨ ᠨᠦᠬᠦᠪᠦᠷᠢᠯᠡᠵᠦ ᠳᠠᠩᠰᠠᠯᠠᠭᠤᠯᠬᠤ ᠳᠤ ᠠᠩᠬᠠᠷᠬᠤ ᠵᠦᠢᠯ᠄ ᠨᠢᠭᠡᠨᠲᠡ ᠰᠢᠯᠭᠠᠬᠤ ᠬᠠᠷᠢᠶᠠᠯᠠᠯ ᠣᠯᠣᠭᠰᠠᠨ ᠪᠦᠭᠡᠳ ᠲᠤᠰ ᠲᠦᠷᠦᠯ ᠤᠨ ᠰᠢᠯᠭᠠᠯᠲᠠ ᠳᠤ ᠣᠷᠣᠯᠴᠠᠭᠰᠠᠨ ᠰᠢᠯᠭᠠᠭᠤᠯᠤᠭᠴᠢᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢᠨ ᠰᠢᠯᠭᠠᠬᠤ ᠬᠠᠷᠢᠶᠠᠯᠠᠯ ᠤᠨ ᠬᠠᠮᠢᠶᠠᠷᠤᠯᠲᠠ ᠶᠢᠨ ᠰᠢᠰᠲ᠋ᠧᠮ︾ ᠳᠤ ᠰᠢᠭᠤᠳ ᠭᠠᠷᠴᠤ᠂ ᠬᠢᠴᠢᠶᠡᠯ ᠲᠥᠷᠦᠯ ᠰᠤᠩᠭᠤᠬᠤ᠂ ᠰᠦᠢᠳᠬᠡᠯ ᠲᠤᠰᠢᠶᠠᠬᠤ᠂ ᠨᠡᠷ᠎ᠡ ᠮᠡᠳᠡᠭᠦᠯᠬᠦ ᠠᠵᠢᠯ ᠢᠶᠠᠨ ᠭᠦᠢᠴᠡᠳᠬᠡᠵᠦ ᠪᠣᠯᠣᠨ᠎ᠠ︔ ᠮᠠᠨ ᠤ ᠣᠷᠣᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠥᠪᠰᠢᠨ ᠤ ᠰᠢᠯᠭᠠᠬᠤ ᠬᠠᠷᠢᠶᠠᠯᠠᠯ ᠢ ᠳᠠᠩᠰᠠᠯᠠᠭᠤᠯᠵᠤ ᠥᠩᠭᠡᠷᠡᠭᠰᠡᠨ ᠦᠭᠡᠢ ᠥᠨᠳᠥᠷ ᠳᠤᠮᠳᠠᠳᠤ ᠶᠢᠨ ᠬᠤᠶᠠᠳᠤᠭᠠᠷ ᠣᠨ ᠤ ᠰᠤᠷᠭᠠᠭᠤᠯᠢ ᠳᠤ ᠪᠠᠶᠢᠭ᠎ᠠ ᠰᠤᠷᠤᠭᠴᠢᠳ ᠡᠷᠬᠡᠪᠰᠢ ᠤᠷᠢᠳᠠᠪᠠᠷ ᠰᠦᠯᠵᠢᠶᠡᠨ ᠳᠡᠭᠡᠷ᠎ᠡ ᠰᠢᠯᠭᠠᠬᠤ ᠬᠠᠷᠢᠶᠠᠯᠠᠯ ᠢᠶᠠᠨ ᠨᠦᠬᠦᠪᠦᠷᠢᠯᠡᠵᠦ ᠳᠠᠩᠰᠠᠯᠠᠭᠤᠯᠬᠤ ᠬᠡᠷᠡᠭᠲᠡᠢ︔ ᠨᠡᠷ᠎ᠡ ᠮᠡᠳᠡᠭᠦᠯᠬᠦ ᠳᠤ ᠬᠤᠶᠠᠳᠤᠭᠠᠷ ᠦᠶ᠎ᠡ ᠶᠢᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢᠶᠠᠨ ᠭᠡᠭᠡᠭᠰᠡᠨ ᠪᠤᠶᠤ ᠰᠦᠢᠳᠬᠡᠭᠰᠡᠨ ᠰᠢᠯᠭᠠᠭᠤᠯᠤᠭᠰᠠᠳ ᠬᠡᠷᠪᠡ 2017 ᠣᠨ ᠤ 6 ᠳ᠋ᠤᠭᠠᠷ ᠰᠠᠷ᠎ᠠ ᠶᠢᠨ 11 ᠤ ᠡᠳᠦᠷ ᠠᠴᠠ ᠡᠮᠦᠨ᠎ᠡ ᠬᠤᠶᠠᠳᠤᠭᠠᠷ ᠦᠶ᠎ᠡ ᠶᠢᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢᠶᠠᠨ ᠠᠪᠬᠤ ᠠᠮᠠᠯᠠᠯᠲᠠ ᠬᠢᠪᠡᠯ᠂ ᠡᠷᠬᠡᠪᠰᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢᠨ ᠨᠡᠷ᠎ᠡ ᠮᠡᠳᠡᠭᠦᠯᠦᠯᠲᠡ ᠳᠤ ᠬᠤᠶᠠᠳᠤᠭᠠᠷ ᠦᠶ᠎ᠡ ᠶᠢᠨ ᠪᠡᠶ᠎ᠡ ᠶᠢᠨ ᠦᠨᠡᠮᠯᠡᠯ ᠢᠶᠠᠨ ᠪᠡᠶ᠎ᠡ ᠳᠡᠭᠡᠨ ᠠᠪᠤᠭᠰᠠᠨ ᠦᠭᠡᠢ ᠠᠮᠠᠯᠠᠯᠲᠠ ᠶᠢᠨ ᠪᠢᠴᠢᠭ︾ ᠲᠤ ᠭᠠᠷ ᠤᠨ ᠦᠰᠦᠭ ᠵᠢᠷᠤᠭᠰᠠᠨ ᠤ ᠳᠠᠷᠠᠭ᠎ᠠ᠂ ᠤᠷᠢᠳᠠᠪᠠᠷ ᠬᠢᠴᠢᠶᠡᠯ ᠲᠥᠷᠦᠯ ᠢᠶᠠᠨ ᠰᠤᠩᠭᠤᠬᠤ᠂ ᠰᠦᠢᠳᠬᠡᠯ ᠲᠤᠰᠢᠶᠠᠬᠤ ᠪᠠ ᠬᠤᠷᠤᠭᠤᠨ ᠤ ᠨᠠᠮᠵᠢᠭᠤᠨ ᠰᠤᠳᠠᠯ ᠤᠨ ᠮᠡᠳᠡᠭᠡ ᠵᠠᠩᠭᠢ ᠪᠠᠨ ᠠᠪᠤᠭᠤᠯᠬᠤ ᠵᠡᠷᠭᠡ ᠬᠡᠪ ᠤᠨ ᠨᠡᠷ᠎ᠡ ᠮᠡᠳᠡᠭᠦᠯᠬᠦ ᠭᠠᠷᠳᠠᠮ ᠢᠶᠠᠨ ᠭᠦᠢᠴᠡᠳᠬᠡᠬᠦ ᠬᠡᠷᠡᠭᠲᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号