ᠪᠦᠬᠦ ᠤᠯᠤᠰ ᠤᠨ ᠠᠩᠬᠠᠳᠤᠭᠠᠷ ᠤᠳᠠᠭᠠᠨ ᠤ ᠰᠢᠯᠵᠢᠭᠦᠯᠵᠦ ᠪᠣᠯᠬᠤ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ᠄ ᠮᠠᠨ ᠤ ᠣᠷᠣᠨ ᠳᠤ 110 ᠲᠦᠮᠡᠨ ᠢᠵᠢ ᠡᠷᠳᠡᠨᠢ ᠪᠠᠶᠢᠨ᠎ᠠ
ᠨᠡᠶᠢᠲᠡᠯᠡᠭᠰᠡᠨ ᠴᠠᠭ᠄
2017/4/12
     4 ᠳ᠋ᠦ᠋ᠭᠡᠷ ᠰᠠᠷ᠎ᠠ ᠶᠢᠨ 7᠎ ᠤ ᠡᠳᠦᠷ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠲᠣᠪᠴᠢᠶ᠎ᠠ ᠠᠩᠬᠠᠳᠤᠭᠠᠷ ᠤᠳᠠᠭᠠᠨ ᠤ ᠪᠦᠬᠦ ᠤᠯᠤᠰ ᠤᠨ ᠰᠢᠯᠵᠢᠭᠦᠯᠵᠦ ᠪᠣᠯᠬᠤ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢᠨ ᠦᠷ᠎ᠡ ᠳ᠋ᠦᠩ ᠢ ᠢᠯᠡ ᠨᠡᠶᠢᠲᠡᠯᠡᠪᠡ᠃ 2012 ᠤᠨ ᠤ 10 ᠳ᠋ᠤᠭᠠᠷ ᠰᠠᠷ᠎ᠠ ᠠᠴᠠ 2016 ᠤᠨ ᠤ 12 ᠳ᠋ᠤᠭᠠᠷ ᠰᠠᠷ᠎ᠠ ᠪᠤᠯᠲᠠᠯ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠩᠬᠠᠳᠤᠭᠠᠷ ᠤᠳᠠᠭᠠᠨ ᠤ ᠪᠦᠬᠦ ᠤᠯᠤᠰ ᠤᠨ ᠰᠢᠯᠵᠢᠭᠦᠯᠵᠦ ᠪᠣᠯᠬᠤ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠦᠷᠨᠢᠭᠦᠯᠪᠡ᠃ ᠮᠠᠨ ᠤ ᠣᠷᠣᠨ ᠳᠤ ᠲᠡᠦᠬᠡ ᠶᠢᠨ ᠳᠤᠷᠠᠰᠬᠠᠯᠲᠤ ᠵᠦᠢᠯ ᠢ ᠬᠤᠷᠢᠶᠠᠨ ᠬᠠᠳᠠᠭᠠᠯᠠᠵᠤ ᠪᠠᠶᠢᠭ᠎ᠠ ᠨᠢᠭᠡᠴᠡ 430 ᠪᠠᠶᠢᠵᠤ᠂ ᠡᠨᠡ ᠤᠳᠠᠭᠠᠨ ᠤ ᠨᠡᠶᠢᠳᠡᠮ ᠪᠠᠶᠢᠴᠠᠭᠠᠯᠲᠠ ᠶᠢᠨ ᠬᠡᠪᠴᠢᠶᠡᠨ ᠳᠤ 341 ᠨᠢᠭᠡᠴᠡ ᠤᠷᠤᠪᠠ᠃ ᠤᠯᠠᠮᠵᠢᠯᠠᠬᠤ ᠲᠡᠦᠬᠡ ᠶᠢᠨ ᠳᠤᠷᠠᠰᠬᠠᠯᠲᠤ ᠵᠦᠢᠯ ᠤᠨ ᠲᠤᠭ᠎ᠠ ᠬᠡᠮᠵᠢᠶ᠎ᠡ ᠨᠢ 110 ᠲᠦᠮᠡᠨ ᠢᠵᠢ ᠶᠢ ᠳᠠᠪᠠᠵᠤ᠂ ᠪᠦᠬᠦ ᠤᠯᠤᠰ ᠤᠨ ᠡᠯ᠎ᠡ ᠮᠤᠵᠢ ᠶᠢᠨ ᠲᠡᠦᠬᠡ ᠶᠢᠨ ᠳᠤᠷᠠᠰᠬᠠᠯᠲᠤ ᠵᠦᠢᠯ ᠤᠨ ᠶᠡᠷᠦᠩᠬᠡᠶ ᠬᠡᠮᠵᠢᠶ᠎ᠡ ᠶᠢᠨ ᠡᠮᠦᠨ᠎ᠡ ᠡᠩᠨᠡᠭᠡᠨ ᠳᠤ ᠵᠢᠭᠰᠠᠭᠠᠭᠳᠠᠵᠤ᠂ ᠲᠡᠦᠬᠡ ᠶᠢᠨ ᠳᠤᠷᠠᠰᠬᠠᠯᠲᠤ ᠵᠦᠢᠯ ᠤᠨ ᠲᠤᠭ᠎ᠠ ᠬᠡᠮᠵᠢᠶ᠎ᠡ ᠨᠢ ᠨᠡᠶᠢᠳᠡᠮ ᠪᠠᠶᠢᠴᠠᠭᠠᠯᠲᠠ ᠠᠴᠠ ᠡᠮᠦᠨ᠎ᠡ 50 ᠲᠦᠮᠡᠨ ᠢᠵᠢ ᠠᠴᠠ ᠪᠠᠨ ᠳᠠᠬᠢᠨ ᠢᠶᠠᠷ ᠨᠡᠮᠡᠭᠳᠡᠵᠦ᠂ ᠨᠡᠷ᠎ᠡ ᠨᠢᠳᠡᠷ ᠲᠡᠭᠡᠨ ᠨᠡᠶᠢᠴᠡᠭᠰᠡᠨ ᠲᠡᠦᠬᠡ ᠶᠢᠨ ᠳᠤᠷᠠᠰᠬᠠᠯᠲᠤ ᠵᠦᠢᠯ ᠤᠨ ᠲᠤᠮᠤ ᠣᠷᠣᠨ ᠪᠤᠯᠪᠠ᠃ ᠠᠩᠬᠠᠳᠤᠭᠠᠷ ᠤᠳᠠᠭ᠎ᠠ ᠶᠢᠨ ᠪᠦᠬᠦ ᠤᠯᠤᠰ ᠤᠨ ᠰᠢᠯᠵᠢᠭᠦᠯᠵᠦ ᠪᠣᠯᠬᠤ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠳᠠᠭᠤᠰᠤᠭᠰᠠᠨ ᠤ ᠳᠠᠷᠠᠭ᠎ᠠ᠂ ᠮᠠᠨ ᠤ ᠣᠷᠣᠨ ᠨᠡᠶᠢᠳᠡᠮ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ ᠪᠠᠶᠢᠭᠤᠯᠤᠭᠰᠠᠨ ᠨᠡᠶᠢᠳᠡᠮ ᠪᠠᠶᠢᠴᠠᠭᠠᠯᠲᠠ ᠶᠢᠨ ᠳᠠᠩᠰᠠ ᠡᠪᠬᠡᠮᠡᠯ ᠪᠣᠯᠤᠨ ᠳᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠤᠯᠤᠰ ᠤᠨ ᠥᠮᠴᠢᠯᠡᠯ ᠤᠨ ᠰᠢᠯᠵᠢᠭᠦᠯᠵᠦ ᠪᠣᠯᠬᠤ ᠲᠡᠦᠬᠡ ᠶᠢᠨ ᠳᠤᠷᠠᠰᠬᠠᠯᠲᠤ ᠵᠦᠢᠯ ᠤᠨ ᠨᠡᠷᠡᠰ ᠤᠨ ᠭᠠᠷᠴᠠᠭ ᠢ ᠰᠢᠷᠬᠡᠭ ᠪᠦᠷᠢ ᠪᠠᠷ ᠨᠢ ᠳ᠋ᠠᠶᠢᠲ᠋ᠠ ᠬᠥᠮᠥᠷᠭᠡ ᠳᠤ ᠤᠷᠤᠭᠤᠯᠤᠨ᠎ᠠ᠃ ᠲᠤᠰ ᠤᠳᠠᠭᠠᠨ ᠤ ᠰᠢᠯᠵᠢᠭᠦᠯᠵᠦ ᠪᠣᠯᠬᠤ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠨᠢ ᠦᠷᠭᠡᠨ ᠬᠡᠪᠴᠢᠶ᠎ᠡ ᠶᠢ ᠥᠷᠭᠡᠨ᠂ ᠡᠷᠲᠡᠨ ᠤ ᠠᠮᠢᠳᠤ ᠪᠣᠳᠠᠰ᠂ ᠲᠡᠦᠬᠡ ᠶᠢᠨ ᠳᠤᠷᠠᠰᠬᠠᠯᠲᠤ ᠡᠳ᠋᠂ ᠣᠷᠴᠢᠨ ᠣᠲᠣ ᠦᠶ᠎ᠡ ᠶᠢᠨ ᠲᠡᠦᠬᠡ ᠶᠢᠨ ᠳᠤᠷᠠᠰᠬᠠᠯᠲᠤ ᠵᠦᠢᠯ᠂ ᠠᠵᠤ ᠦᠢᠯᠡᠳᠪᠦᠷᠢ ᠶᠢᠨ ᠥᠪ ᠬᠥᠷᠥᠩᠭᠡ ᠵᠡᠷᠭᠡ ᠶᠢ ᠪᠠᠭᠲᠠᠭᠠᠭᠰᠠᠨ ᠪᠥᠭᠡᠳ ᠨᠢᠭᠡ ᠪᠦᠯᠦᠭ ᠴᠢᠬᠤᠯᠠ ᠲᠡᠦᠬᠡ ᠶᠢᠨ ᠳᠤᠷᠠᠰᠬᠠᠯᠲᠤ ᠵᠦᠢᠯ ᠢ ᠢᠯᠡᠷᠡᠭᠦᠯᠪᠡ᠃ ᠵᠢᠱᠢᠶᠡᠯᠡᠪᠡᠯ᠂ ᠤᠯᠠᠭᠠᠨᠬᠠᠳᠠ ᠬᠤᠲᠠ ᠳᠤ ᠬᠤᠩᠱᠠᠨ ᠤ ᠦᠶ᠎ᠡ ᠶᠢᠨ ᠸᠠᠭᠠᠷᠤᠨ ᠰᠤᠭᠤᠮᠠᠯ ᠬᠦᠮᠦᠨ ᠢ ᠢᠯᠡᠷᠡᠭᠦᠯᠵᠦ᠂ ᠠᠯᠠᠱᠠ ᠠᠶᠢᠮᠠᠭ ᠲᠤ ᠵᠡᠭᠦᠨ ᠬᠠᠨ ᠤᠯᠤᠰ ᠤᠨ ᠠᠨ ᠳ᠋ᠢ ᠶᠦᠩ ᠤᠨ ᠡᠬᠢᠨ ᠤ ᠵᠢᠯ ᠤᠨ ᠴᠢᠯᠠᠭᠤᠨ ᠰᠡᠶᠢᠯᠦᠮᠡᠯ ᠪᠠ ᠳᠠᠷᠤᠮᠠᠯ ᠵᠦᠢᠯ ᠵᠡᠷᠭᠡ ᠶᠢ ᠢᠯᠡᠷᠡᠭᠦᠯᠪᠡ᠃      ᠠᠩᠬᠠᠳᠤᠭᠠᠷ ᠤᠳᠠᠭ᠎ᠠ ᠶᠢᠨ ᠪᠦᠬᠦ ᠤᠯᠤᠰ ᠤᠨ ᠰᠢᠯᠵᠢᠭᠦᠯᠵᠦ ᠪᠣᠯᠬᠤ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠪᠠᠷ ᠳᠠᠮᠵᠢᠭᠤᠯᠤᠨ᠂ ᠮᠠᠨ ᠤ ᠣᠷᠣᠨ ᠠᠩᠬ᠎ᠠ ᠤᠳᠠᠭ᠎ᠠ ᠤᠯᠤᠰ ᠤᠨ ᠥᠮᠴᠢᠯᠡᠯ ᠤᠨ ᠰᠢᠯᠵᠢᠭᠦᠯᠵᠦ ᠪᠣᠯᠬᠤ ᠲᠡᠦᠬᠡ ᠶᠢᠨ ᠳᠤᠷᠠᠰᠬᠠᠯᠲᠤ ᠵᠦᠢᠯ ᠤᠨ ᠲᠤᠭ᠎ᠠ ᠲᠠᠷᠬᠠᠭᠠᠯᠲᠠ᠂ ᠬᠠᠳᠠᠭᠠᠯᠠᠵᠤ ᠪᠠᠶᠢᠭ᠎ᠠ ᠪᠠᠶᠢᠳᠠᠯ᠂ ᠬᠠᠳᠠᠭᠠᠯᠠᠨ ᠬᠠᠮᠢᠶᠠᠷᠬᠤ ᠡᠷᠬᠡ ᠶᠢᠨ ᠬᠠᠷᠢᠶᠠᠯᠠᠯ ᠪᠠ ᠬᠡᠷᠡᠭᠯᠡᠯᠲᠡ ᠬᠠᠮᠢᠶᠠᠷᠤᠯᠲᠠ ᠵᠡᠷᠭᠡ ᠪᠠᠶᠢᠳᠠᠯ ᠢ ᠪᠦᠬᠦ ᠲᠠᠯ᠎ᠠ ᠪᠠᠷ ᠡᠵᠡᠮᠰᠢᠵᠦ᠂ ᠬᠤᠵᠢᠮ ᠰᠢᠯᠵᠢᠭᠦᠯᠵᠦ ᠪᠣᠯᠬᠤ ᠲᠡᠦᠬᠡ ᠶᠢᠨ ᠳᠤᠷᠠᠰᠬᠠᠯᠲᠤ ᠵᠦᠢᠯ ᠳᠤ ᠰᠢᠨᠵᠢᠯᠡᠬᠦ ᠤᠬᠠᠭᠠᠨᠴᠢ ᠬᠠᠮᠠᠭᠠᠯᠠᠯᠲᠠ ᠶᠢᠨ ᠲᠦᠷᠦ ᠶᠢᠨ ᠪᠤᠳᠤᠯᠭ᠎ᠠ ᠪᠠ ᠲᠥᠯᠥᠪᠵᠢᠭᠦᠯᠭᠡ ᠲᠣᠭᠲᠠᠭᠠᠬᠤ ᠳᠤ ᠦᠨᠳᠦᠰᠦ ᠪᠠᠷᠢᠮᠲᠠ ᠤᠯᠭᠤᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号