ᠬᠥᠬᠡᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ 8 ᠵᠦᠢᠯ ᠤᠨ ᠲᠠᠷᠢᠶᠠᠯᠠᠩ ᠮᠠᠯ ᠠᠵᠤ ᠠᠬᠤᠶ ᠶᠢᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠭᠦᠢᠴᠡᠳᠬᠡᠬᠦ ᠪᠣᠯᠣᠨ᠎ᠠ
ᠨᠡᠶᠢᠲᠡᠯᠡᠭᠰᠡᠨ ᠴᠠᠭ᠄
2017/4/12
      ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢ ᠲᠥᠯᠬᠢᠨ ᠠᠬᠢᠭᠤᠯᠬᠤ ᠶᠢᠨ ᠲᠤᠰᠠᠳᠠ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠨᠢ ᠥᠪᠡᠷᠲᠡᠭᠡᠨ ᠵᠠᠰᠠᠬᠤ ᠣᠷᠣᠨ ᠠᠴᠠ ᠬᠡᠷᠡᠭᠵᠢᠭᠦᠯᠬᠦ ᠪᠠᠷ ᠲᠣᠭᠲᠠᠭᠠᠭᠰᠠᠨ ᠱᠠᠳᠤ ᠬᠤᠪᠢᠶᠠᠨ ᠬᠢᠨᠠᠨ ᠵᠥᠪᠰᠢᠶᠡᠷᠡᠬᠦ ᠵᠢᠴᠢ ᠬᠤᠲᠠ ᠶᠢᠨ ᠱᠠᠲᠤᠨ ᠳᠤ ᠪᠠᠭᠤᠯᠭᠠᠭᠰᠠᠨ 7 ᠵᠦᠶᠯ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠳᠠᠭᠠᠭᠠᠨ ᠠᠪᠤᠪᠠ︔ 11 ᠵᠦᠢᠯ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠬᠦᠴᠦᠨ ᠦᠭᠡᠢ ᠪᠣᠯᠭᠠᠭᠰᠠᠨ ᠪᠤᠶᠤ ᠡᠷᠬᠡ ᠶᠢ ᠳᠣᠷᠣᠭᠰᠢ    ᠪᠠᠭᠤᠯᠭᠠᠪᠠ᠃      ᠣᠳᠣᠬᠠᠨ ᠳᠤ᠂ ᠬᠥᠬᠡᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ 8 ᠵᠦᠢᠯ ᠤᠨ ᠲᠠᠷᠢᠶᠠᠯᠠᠩ ᠮᠠᠯ ᠠᠵᠤ ᠠᠬᠤᠶ ᠶᠢᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠭᠦᠢᠴᠡᠳᠬᠡᠵᠦ ᠪᠣᠯᠣᠨ᠎ᠠ᠂ ᠲᠤᠬᠠᠶᠢᠯᠠᠪᠠᠯ ᠲᠠᠷᠢᠮᠠᠯ ᠤᠨ ᠦᠷ᠎ᠡ ᠶᠢᠨ ᠦᠢᠯᠡᠳᠪᠦᠷᠢᠯᠡᠯ ᠡᠵᠡᠩᠨᠡᠯᠲᠡ ᠶᠢᠨ ᠵᠥᠪᠰᠢᠶᠡᠷᠡᠯ᠂ ᠤᠰᠤᠨ ᠭᠠᠷᠤᠯᠲᠠ ᠶᠢᠨ ᠵᠢᠷᠠᠭᠠᠬᠠᠶ ᠦᠷ᠎ᠡ ᠶᠢᠨ ᠦᠢᠯᠡᠳᠪᠦᠷᠢᠯᠡᠯ ᠡᠵᠡᠩᠨᠡᠯᠲᠡ ᠶᠢᠨ ᠵᠥᠪᠰᠢᠶᠡᠷᠡᠯ᠂ ᠵᠢᠭᠠᠰᠤᠨ ᠠᠵᠤ ᠠᠬᠤᠶ ᠶᠢᠨ ᠣᠩᠭᠤᠴᠠ ᠰᠠᠯ ᠢ ᠬᠢᠨᠠᠨ ᠪᠠᠶᠢᠴᠠᠭᠠᠵᠤ ᠦᠨᠡᠮᠯᠡᠯ ᠣᠯᠭᠤᠬᠤ ᠵᠥᠪᠰᠢᠶᠡᠷᠡᠯ᠂ ᠮᠤᠵᠢ ᠶᠢᠨ ᠳᠣᠲᠣᠭᠠᠳᠤ ᠮᠤᠵᠢ ᠶᠢᠨ ᠬᠤᠭᠤᠷᠣᠨᠳᠤ ᠤᠷᠭᠤᠮᠠᠯ ᠢ ᠰᠢᠯᠵᠢᠭᠦᠯᠦᠨ ᠵᠥᠭᠡᠭᠡᠪᠦᠷᠢᠯᠡᠬᠦ ᠬᠢᠵᠢᠭ ᠪᠠᠶᠢᠴᠠᠭᠠᠯᠲᠠ ᠶᠢᠨ ᠵᠥᠪᠰᠢᠶᠡᠷᠡᠯ᠂ ᠤᠯᠤᠰ ᠤᠨ ᠳᠣᠲᠣᠭᠠᠳᠤ ᠶᠢᠨ ᠲᠠᠷᠢᠶᠠᠯᠠᠩ ᠤᠨ ᠭᠧᠨ ᠬᠤᠪᠢᠷᠠᠭᠤᠯᠤᠭᠰᠠᠨ ᠠᠮᠢᠳᠤ ᠪᠣᠳᠠᠰ ᠤᠨ ᠢᠯᠡᠳᠬᠡᠭᠴᠢ ᠳᠡᠮᠳᠡᠭ ᠢ ᠬᠢᠨᠠᠨ ᠪᠠᠶᠢᠴᠠᠭᠠᠬᠤ ᠵᠦᠪᠰᠢᠶᠡᠷᠡᠯ᠂ ᠲᠠᠷᠢᠶᠠᠨ ᠡᠮ ᠮᠠᠯ ᠤᠨ ᠡᠮ ᠤᠨ ᠵᠠᠷ ᠤᠨ ᠬᠢᠨᠠᠨ ᠵᠥᠪᠰᠢᠶᠡᠷᠡᠯ᠂ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠲᠠᠢ ᠪᠠ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠬᠠᠮᠠᠭᠠᠯᠠᠬᠤ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠬᠤᠳᠠᠯᠳᠤᠨ ᠠᠪᠬᠤ ᠬᠢᠨᠠᠨ ᠵᠥᠪᠰᠢᠶᠡᠷᠡᠯ᠂ ᠨᠤᠲᠤᠭ ᠪᠡᠯᠴᠢᠭᠡᠷ ᠳᠡᠭᠡᠷ᠎ᠡ ᠨᠤᠲᠤᠭ ᠪᠡᠯᠴᠢᠭᠡᠷ ᠤᠨ ᠬᠠᠮᠠᠭᠠᠯᠠᠯᠲᠠ ᠪᠣᠯᠣᠨ ᠮᠡᠯ ᠠᠵᠤ ᠠᠬᠤᠶ ᠶᠢᠨ ᠦᠢᠯᠡᠳᠪᠦᠷᠢᠯᠡᠯ ᠳᠤ ᠰᠢᠭᠤᠳ ᠦᠢᠯᠡᠴᠢᠯᠡᠬᠦ ᠪᠠᠷᠢᠯᠭ᠎ᠠ ᠶᠢᠨ ᠪᠡᠯᠡᠳᠬᠡᠮᠵᠢ ᠪᠠᠶᠢᠭᠤᠯᠬᠤ ᠳᠤ 10 ᠮᠦ ᠠᠴᠠ 1050 ᠮᠥ ᠨᠤᠲᠤᠭ ᠪᠡᠯᠴᠢᠭᠡᠷ ᠢ ᠬᠡᠷᠡᠭᠯᠡᠬᠦ ᠵᠦᠪᠰᠢᠶᠡᠷᠡᠯ ᠵᠡᠷᠭᠡ ᠪᠠᠭᠲᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号