ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ 2017 ᠤᠨ ᠤ 6 ᠳ᠋ᠤᠭᠠᠷ ᠤᠳᠠᠭ᠎ᠠ ᠶᠢᠨ ᠪᠠᠶᠢᠡᠭᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2017/4/12
     4 ᠳ᠋ᠦ᠋ᠭᠡᠷ ᠰᠠᠷ᠎ᠠ ᠶᠢᠨ 11 ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠦᠪᠡᠷᠳᠡᠭᠡᠨ ᠵᠠᠰᠬᠠᠤ ᠤᠷᠤᠨ ᠤ ᠵᠠᠰᠠᠭ ᠤᠨ ᠤᠷᠳᠤᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠦᠪᠡᠷᠳᠡᠭᠡᠨ ᠵᠠᠰᠬᠠᠤ ᠤᠷᠤᠨ ᠤ ︽13·5︾ ᠶᠢᠨ ᠬᠤᠭᠤᠴᠠᠭᠠᠨ ᠳᠠᠬᠢ ᠲᠤᠯᠤᠭᠠᠨ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠮᠠᠨᠳᠤᠵᠤ ᠪᠠᠶᠢᠭ᠎ᠠ ᠠᠵᠤ ᠦᠢᠯᠡᠰ ᠤᠨ ᠬᠦᠭᠵᠢᠯᠳᠡ ᠶᠢᠨ ᠲᠦᠯᠦᠪᠵᠢᠭᠦᠯᠭᠡ᠂ ᠦᠪᠡᠷᠳᠡᠭᠡᠨ ᠵᠠᠰᠠᠬᠤ ᠤᠷᠤᠨ ᠤ ︽ᠬᠤᠵᠢᠷᠯᠢᠭ ᠭᠠᠵᠠᠷ ᠢ ᠰᠠᠶᠢᠵᠢᠷᠠᠭᠤᠯᠣᠨ ᠡᠪᠡᠰᠦ ︵ᠪᠤᠷᠳᠤᠭ᠎ᠠ︶ ᠶᠢ ᠨᠡᠮᠡᠭᠳᠡᠭᠦᠯᠦᠨ ᠮᠠᠯ ᠠᠵᠤ ᠠᠬᠤᠢ ᠶᠢ ᠬᠦᠭᠵᠢᠭᠦᠯᠬᠦ︾ ᠵᠢᠱᠢᠶ᠎ᠠ ᠦᠵᠡᠭᠦᠯᠭᠦ ᠢᠨᠵᠧᠨᠧᠷᠢᠩ ᠢ ᠬᠡᠷᠡᠭᠵᠢᠭᠦᠯᠭᠦ ᠲᠦᠰᠦᠯ᠂ ︽ᠡᠷᠡᠭᠦᠯ ᠮᠡᠨᠳᠦ ᠦᠪᠦᠷ ᠮᠤᠩᠭᠤᠯ 2030︾ ᠶᠢᠨ ᠬᠡᠷᠡᠭᠵᠢᠭᠦᠯᠭᠦ ᠲᠦᠰᠦᠯ ᠪᠠ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠬᠢᠨᠠᠨ ᠵᠦᠪᠰᠢᠶᠡᠷᠡᠭᠰᠡᠨ ᠪᠡᠯᠡ ᠤᠷᠤᠭᠤᠯᠬᠤ ᠲᠦᠷᠦᠯ ᠵᠦᠢᠯ ᠤᠨ ᠭᠠᠷᠴᠠᠭ ᠵᠡᠷᠭᠡ ᠵᠦᠢᠯᠡᠰ ᠢ ᠰᠤᠳᠤᠯᠪᠠ᠃        ᠬᠤᠷᠠᠯ ᠠᠴᠠ ᠦᠵᠡᠭᠰᠡᠨ ᠨᠢ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠮᠠᠨᠳᠤᠵᠤ ᠪᠠᠶᠢᠭ᠎ᠠ ᠠᠵᠤ ᠦᠢᠯᠡᠰ ᠢ ᠪᠤᠶᠢᠵᠢᠭᠤᠯᠤᠨ ᠬᠦᠭᠵᠢᠭᠦᠯᠭᠦ ᠨᠢ᠂ ᠦᠪᠡᠷᠳᠡᠭᠡᠨ ᠵᠠᠰᠬᠠᠤ ᠤᠷᠤᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠭᠦ ᠶᠢ ᠠᠬᠢᠭᠤᠯᠬᠤ ᠴᠢᠬᠤᠯᠠ ᠡᠭᠦᠷᠭᠡ ᠪᠤᠯᠤᠨ᠎ᠠ᠂ ᠳᠡᠷᠡ ᠨᠢ ᠤᠳᠤ ᠦᠶ᠎ᠠ ᠶᠢᠨ ᠠᠵᠤ ᠦᠢᠯᠡᠰ ᠤᠨ ᠰᠢᠨ᠎ᠠ ᠰᠢᠰᠲ᠋ᠧᠮᠵᠢ ᠶᠢ ᠴᠣᠭᠴᠠᠯᠠᠬᠤ᠂ ᠠᠵᠤ ᠠᠬᠤᠢ ᠶᠢᠨ ᠬᠦᠭᠵᠢᠯᠳᠡ ᠶᠢᠨ ᠰᠢᠨ᠎ᠠ ᠬᠦᠳᠡᠯᠭᠡᠭᠴᠢ ᠡᠨᠧᠷᠬᠢ ᠶᠢ ᠪᠤᠶᠢᠵᠢᠭᠤᠯᠬᠤ ᠳᠤ ᠴᠢᠬᠤᠯᠠ ᠠᠴᠢ ᠬᠤᠯᠪᠤᠬᠳᠠᠯ ᠲᠠᠢ᠃ ᠡᠯ᠎ᠠ ᠭᠠᠵᠠᠷ ᠤᠷᠤᠨ᠂ ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠠᠬᠢᠭᠤᠯᠬᠤ ᠡᠨᠡᠭᠦ ᠭᠤᠣᠯ ᠰᠢᠵᠢᠮ ᠢ ᠪᠠᠷᠢᠮᠳᠠᠯᠠᠵᠤ᠂ ᠰᠢᠨ᠎ᠡ ᠶᠢ ᠡᠭᠦᠳᠭᠦ᠂ ᠵᠤᠬᠢᠴᠠᠩᠭᠤᠢ᠂ ᠪᠤᠬᠢᠷᠳᠦᠯ ᠦᠭᠡᠢ᠂ ᠨᠡᠭᠡᠭᠡᠯᠳᠡᠳᠦ᠂ ᠬᠠᠮᠳᠤᠪᠡᠷ ᠡᠳ᠋ᠯᠡᠭᠦ ᠬᠦᠭᠵᠢᠯᠳᠡ ᠶᠢᠨ ᠣᠨᠣᠯᠵᠢᠬᠤᠨ ᠢ ᠪᠠᠳᠤ ᠪᠤᠢ ᠪᠤᠯᠭᠠᠵᠣ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠮᠠᠨᠳᠤᠵᠤ ᠪᠠᠶᠢᠭ᠎ᠠ ᠠᠵᠤ ᠦᠢᠯᠡᠰ ᠤᠨ ᠲᠤᠰ ᠪᠡᠶ᠎ᠠ ᠶᠢᠨ ᠬᠦᠭᠵᠢᠯᠳᠡ ᠶᠢᠨ ᠵᠢᠮ᠎ᠠ ᠶᠤᠰᠤ ᠲᠠᠢ ᠨᠡᠶᠢᠴᠡᠭᠦ ᠡᠯ᠎ᠠ ᠵᠦᠢᠯ ᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠠ ᠶᠢ ᠲᠤᠬᠳᠠᠭᠠᠨ ᠨᠡᠶᠢᠳᠡᠯᠡᠵᠦ᠂ ᠰᠠᠶᠢᠨ ᠰᠠᠶᠢᠬᠠᠨ ᠲᠦᠷᠦ ᠶᠢᠨ ᠪᠣᠳᠣᠯᠭ᠎ᠠ ᠶᠢᠨ ᠤᠷᠴᠢᠨ ᠲᠤᠭᠤᠷᠢᠨ ᠪᠠ ᠵᠠᠬ᠎ᠠ ᠲᠡᠯᠬᠡᠭᠦᠷ ᠤᠨ ᠤᠷᠴᠢᠨ ᠲᠤᠭᠤᠷᠢᠨ ᠢ ᠴᠢᠷᠮᠠᠶᠢᠨ ᠡᠭᠦᠳᠴᠦ᠂ ᠦᠨᠳᠦᠷ ᠭᠠᠷᠤᠭ᠎ᠠ ᠠᠴᠠ ᠲᠦᠯᠦᠪᠵᠢᠭᠦᠯᠦᠨ᠂ ᠦᠨᠳᠦᠷ ᠪᠠᠷᠢᠮᠵᠢᠶ᠎ᠠ ᠪᠠᠷ ᠪᠦᠳᠦᠭᠡᠨ ᠪᠠᠶᠢᠭᠤᠯᠬᠤ ᠪᠦᠭᠡᠳ ᠦᠨᠳᠦᠷ ᠶᠠᠰᠣ ᠴᠢᠨᠠᠷ ᠢᠶᠠᠷ ᠱᠠᠭᠠᠷᠳᠠᠵᠣ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠮᠠᠨᠳᠤᠵᠤ ᠪᠠᠶᠢᠭ᠎ᠠ ᠠᠵᠤ ᠦᠢᠯᠡᠰ ᠢ ᠮᠠᠨ ᠤ ᠤᠷᠤᠨ ᠤ ᠠᠵᠤ ᠠᠬᠤᠢ ᠶᠢᠨ ᠬᠦᠭᠵᠢᠯᠳᠡ ᠶᠢᠨ ᠰᠢᠨ᠎ᠠ ᠬᠦᠳᠡᠯᠭᠡᠭᠦᠷ ᠪᠤᠯᠭᠠᠨ ᠪᠤᠶᠢᠵᠢᠭᠤᠯᠬᠤ ᠬᠡᠷᠡᠭᠳᠡᠢ ᠬᠡᠪᠡ᠃        ᠬᠤᠷᠠᠯ ᠠᠴᠠ ᠵᠢᠭᠠᠵᠤ ᠭᠠᠷᠭᠠᠬᠰᠠᠨ ᠨᠢ᠂ ᠬᠤᠵᠢᠷᠯᠢᠭ ᠭᠠᠵᠠᠷ ᠢ ᠦᠭᠡᠷᠡᠴᠢᠯᠡᠨ ᠰᠠᠶᠢᠵᠢᠷᠠᠭᠤᠯᠬᠤ ᠨᠢ ᠮᠠᠯ ᠠᠵᠤ ᠠᠬᠤᠢ ᠲᠠᠷᠢᠶᠠᠯᠠᠩ ᠤᠨ ᠶᠡᠷᠦᠩᠬᠡᠶᠢᠯᠡᠭᠰᠡᠨ ᠦᠷ᠎ᠠ ᠠᠰᠢᠭ ᠢ ᠲᠡᠭᠡᠭᠰᠢᠯᠡᠭᠦᠯᠭᠦ᠂ ᠮᠠᠯ ᠠᠵᠤ ᠠᠬᠤᠢ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠠᠬᠢᠭᠤᠯᠬᠤ᠂ ᠮᠠᠯᠴᠢᠨ ᠲᠠᠷᠢᠶᠠᠴᠢᠨ ᠤ ᠤᠷᠤᠯᠭ᠎ᠠ ᠶᠢᠨ ᠨᠡᠮᠡᠭᠳᠡᠯ ᠢ ᠠᠬᠢᠭᠤᠯᠬᠤ ᠳᠤ ᠠᠰᠢᠬ ᠲᠠᠢ᠃ ᠡᠯ᠎ᠠ ᠬᠠᠮᠢᠶ᠎ᠠ ᠪᠦᠬᠦᠢ ᠭᠠᠵᠠᠷ ᠤᠷᠤᠨ ᠪᠠ ᠰᠠᠯᠠᠭ᠎ᠠ ᠮᠦᠴᠢᠷ ᠤᠨ ᠬᠢᠨ ᠤᠯᠤᠰ ᠤᠨ ᠳᠡᠮᠵᠢᠯᠭᠡ ᠲᠦᠷᠦ ᠶᠢᠨ ᠪᠤᠳᠤᠯᠭ᠎ᠠ ᠶᠢ ᠠᠮᠢᠳᠤᠯᠢᠭ ᠪᠦᠭᠡᠳ ᠰᠠᠶᠢᠳᠤᠷ ᠬᠡᠷᠡᠭᠯᠡᠵᠤ᠂ ︽ᠬᠤᠵᠢᠷᠯᠢᠭ ᠭᠠᠵᠠᠷ ᠢ ᠦᠭᠡᠷᠡᠴᠢᠯᠡᠨ ᠰᠠᠶᠢᠵᠢᠷᠠᠭᠤᠯᠵᠤ ᠡᠪᠡᠰᠦ ︵ᠪᠤᠷᠳᠤᠭ᠎ᠠ︶ ᠶᠢ ᠨᠡᠮᠡᠭᠳᠡᠭᠦᠯᠦᠨ ᠮᠠᠯ ᠠᠵᠤ ᠠᠬᠤᠢ ᠶᠢ ᠬᠦᠭᠵᠢᠬᠦᠯᠬᠦ︾ ᠲᠤᠷᠰᠢᠯᠳᠠ ᠶᠢᠨ ᠴᠢᠭ᠋ ᠤᠨ ᠵᠢᠱᠢᠶ᠎ᠡ ᠦᠵᠡᠭᠦᠯᠭᠦ ᠢᠨᠵᠧᠨᠧᠷᠢᠩ ᠢ ᠲᠦᠷᠭᠡᠨ ᠡᠬᠢᠯᠡᠭᠦᠯᠬᠦ ᠬᠡᠷᠡᠭᠳᠡᠢ᠃ ᠬᠤᠵᠢᠷᠯᠢᠭ ᠭᠠᠵᠠᠷ ᠤᠨ ᠲᠦᠷᠦᠯ ᠬᠡᠯᠪᠡᠷᠢ ᠪᠠ ᠪᠦᠷᠢᠯᠳᠦᠭᠰᠡᠨ ᠰᠢᠯᠳᠠᠭᠠᠨ ᠢ ᠦᠨᠳᠦᠰᠦᠯᠡᠵᠤ᠂ ᠵᠣᠬᠢᠴᠠᠩᠭᠤᠢ ᠦᠭᠡᠷᠡᠴᠢᠯᠡᠨ ᠰᠠᠶᠢᠵᠢᠷᠠᠭᠤᠯᠬᠤ ᠮᠡᠷᠭᠡᠵᠢᠯ ᠢ ᠴᠢᠭᠯᠡᠭᠦᠯᠦᠯᠳᠦ ᠴᠢᠨᠠᠷᠳᠠᠢ ᠪᠠᠷ ᠲᠡᠯᠭᠡᠷᠡᠭᠦᠯᠦᠨ ᠬᠡᠷᠡᠭᠯᠡᠵᠦ᠂ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ᠂ ᠰᠢᠨᠵᠢᠯᠡᠭᠦ ᠤᠬᠠᠭᠠᠨᠴᠢ ᠪᠠᠷ ᠠᠷᠭ᠎ᠠ ᠪᠤᠳᠤᠯᠭ᠎ᠠ ᠠᠪᠴᠣ᠂ ᠠᠯᠬᠤᠮ ᠬᠤᠪᠢᠶᠠᠨ ᠬᠡᠷᠡᠭᠵᠢᠭᠦᠯᠵᠦ᠂ ᠬᠡᠪᠴᠢᠶᠡᠵᠢᠭᠦᠯᠦᠨ ᠠᠬᠢᠭᠤᠯᠵᠤ᠂ ︽ᠬᠤᠵᠢᠷᠯᠢᠭ ᠭᠠᠵᠠᠷ ᠢ ᠦᠭᠡᠷᠡᠴᠢᠯᠡᠨ ᠰᠠᠶᠢᠵᠢᠷᠠᠭᠤᠯᠵᠤ ᠡᠪᠡᠰᠦ ︵ᠪᠤᠷᠳᠤᠭ᠎ᠠ︶ ᠶᠢ ᠨᠡᠮᠡᠭᠳᠡᠭᠦᠯᠦᠨ ᠮᠠᠯ ᠠᠵᠤ ᠠᠬᠤᠢ ᠶᠢ ᠬᠦᠭᠵᠢᠭᠦᠯᠬᠦ︾ ᠢᠨᠵᠧᠨᠧᠷᠢᠩ ᠤᠨ ᠪᠤᠳᠠᠳᠤ ᠦᠷ᠎ᠡ ᠪᠦᠳᠦᠮᠵᠢ ᠤᠯᠬᠤ ᠶᠢ ᠴᠢᠷᠮᠠᠶᠢᠨ ᠠᠬᠢᠭᠤᠯᠬᠤ ᠬᠡᠷᠡᠭᠳᠡᠢ ᠬᠡᠵᠡᠢ᠃        ᠬᠤᠷᠠᠯ ᠠᠴᠠ ᠴᠢᠬᠤᠯᠠᠴᠢᠯᠠᠬᠰᠠᠨ ᠨᠢ᠂ ᠡᠷᠡᠭᠦᠯ ᠬᠠᠮᠠᠭᠠᠯᠠᠯ ᠪᠣᠯᠣᠨ ᠡᠷᠡᠭᠦᠯ ᠮᠡᠨᠳᠦ ᠶᠢᠨ ᠦᠢᠯᠡᠰ ᠢ ᠬᠦᠭᠵᠢᠭᠦᠯᠭᠦ ᠪᠣᠯ᠂ ᠠᠷᠠᠳ ᠤᠨ ᠠᠮᠢᠳᠤᠷᠠᠯ ᠤᠨ ᠬᠠᠮᠤᠭ ᠤᠨ ᠦᠨᠳᠦᠰᠦᠨ ᠠᠰᠠᠭᠤᠳᠠᠯ ᠪᠤᠯᠤᠨ᠎ᠠ᠂ ᠮᠦᠨ ᠴᠤ ᠤᠳᠤᠬᠢᠴᠢᠯᠠᠬᠤ ᠪᠦᠳᠦᠭᠡᠨ ᠪᠠᠶᠢᠭᠤᠯᠤᠯᠳᠠ ᠶᠢᠨ ᠪᠦᠬᠦ ᠲᠠᠯ᠎ᠠ ᠲᠠᠢ ᠬᠤᠯᠪᠤᠬᠳᠠᠬᠤ ᠪᠠᠶᠢᠯᠳᠤᠬᠤ ᠪᠤᠳᠤᠯᠭ᠎ᠠ ᠶᠢᠨ ᠡᠭᠦᠷᠭᠡ ᠪᠤᠯᠤᠨ᠎ᠠ᠃ ᠡᠯ᠎ᠠ ᠭᠠᠵᠠᠷ ᠤᠷᠤᠨ᠂ ᠡᠯ᠎ᠠ ᠰᠠᠯᠠᠭ᠎ᠠ ᠮᠦᠴᠢᠷ ᠤᠨ ᠬᠢᠨ ᠠᠷᠠᠳ ᠲᠦᠮᠡᠨ ᠢᠶᠠᠷ ᠭᠤᠣᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠪᠠᠳᠤ ᠪᠠᠬᠢ ᠪᠤᠢ ᠪᠤᠯᠭᠠᠨ᠂ ᠠᠷᠠᠳ ᠲᠦᠮᠡᠨ ᠤ ᠡᠷᠡᠭᠦᠯ ᠮᠡᠨᠳᠦ ᠶᠢᠨ ᠤᠢᠢᠯᠡᠰ ᠢ ᠦᠨᠡᠨᠬᠦ ᠣᠷᠢᠳᠠᠪᠠᠷ ᠬᠦᠭᠵᠢᠭᠦᠯᠭᠦ ᠪᠠᠶᠢᠯᠳᠤᠬᠤ ᠪᠤᠳᠤᠯᠭ᠎ᠠ ᠶᠢᠨ ᠪᠠᠶᠢᠷᠢᠨ ᠳᠤ ᠲᠠᠯᠪᠢᠵᠤ᠂ ᠲᠦᠪ ᠤᠨ ᠡᠷᠡᠭᠦᠯ ᠬᠠᠮᠠᠭᠠᠯᠠᠯ ᠪᠣᠯᠣᠨ ᠡᠷᠡᠭᠦᠯ ᠮᠡᠨᠳᠦ ᠶᠢᠨ ᠠᠵᠢᠯ ᠤᠨ ᠲᠤᠬᠠᠢ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠪᠤᠳᠠᠳᠠᠢ ᠳᠤ ᠨᠡᠶᠢᠳᠡᠪᠦᠷᠢᠵᠢᠭᠤᠯᠬᠤ ᠬᠡᠷᠡᠭᠳᠡᠢ᠃ ︽ᠬᠠᠮᠳᠤᠪᠡᠷ ᠪᠠᠶᠢᠭᠤᠯᠤᠨ ᠬᠠᠮᠳᠤᠪᠡᠷ ᠡᠳ᠋ᠯᠡᠭᠦ᠂ ᠪᠦᠬᠦ ᠠᠷᠠᠳ ᠢᠶᠠᠷ ᠢᠶᠠᠨ ᠡᠷᠡᠭᠦᠯ ᠮᠡᠨᠳᠦ ᠪᠠᠶᠢᠬᠤ︾ ᠭᠡᠰᠡᠨ ᠡᠨᠡᠭᠦ ᠭᠤᠤᠯ ᠰᠡᠳᠦᠪ ᠢ ᠪᠠᠷᠢᠮᠳᠠᠯᠠᠵᠤ᠂ ︽ᠳᠣᠮᠣ ᠡᠷᠡᠭᠦᠯ ᠮᠡᠨᠳᠦ︾ ᠶᠢᠨ ᠣᠨᠣᠯᠵᠢᠬᠤᠨ ᠢ ᠪᠤᠢ ᠪᠤᠯᠭᠠᠨ ᠨᠡᠶᠢᠳᠡᠪᠦᠷᠢᠵᠢᠭᠤᠯᠵᠤ᠂ ᠡᠷᠡᠭᠦᠯ ᠮᠡᠨᠳᠦ ᠶᠢᠨ ᠬᠦᠭᠵᠢᠯᠳᠡ ᠶᠢ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠡᠯ᠎ᠠ ᠵᠦᠢᠯ ᠤᠨ ᠲᠦᠷᠦ ᠶᠢᠨ ᠪᠤᠳᠤᠯᠭ᠎ᠠ ᠳᠤ ᠠᠭᠤᠰᠬᠠᠵᠤ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠲᠦᠭᠡᠮᠡᠯᠵᠢᠭᠦᠯᠦᠨ᠂ ᠡᠷᠡᠭᠦᠯ ᠮᠡᠨᠳᠦ ᠶᠢᠨ ᠦᠢᠯᠡᠴᠢᠯᠡᠭᠡ ᠶᠢ ᠰᠢᠯᠢᠳᠡᠭᠵᠢᠭᠦᠯᠦᠨ᠂ ᠡᠷᠡᠭᠦᠯ ᠮᠡᠨᠳᠦ ᠶᠢᠨ ᠪᠠᠳᠤᠯᠠᠭ᠎ᠠ ᠶᠢ ᠲᠡᠭᠦᠯᠳᠡᠷᠵᠢᠭᠦᠯᠵᠤ᠂ ᠡᠷᠡᠭᠦᠯ ᠮᠡᠨᠳᠦ ᠪᠠᠶᠢᠬᠤ ᠤᠷᠴᠢᠨ ᠲᠤᠭᠤᠷᠢᠨ ᠢ ᠪᠦᠳᠦᠭᠡᠨ ᠪᠠᠶᠢᠭᠤᠯᠵᠤ᠂ ᠡᠷᠡᠭᠦᠯ ᠮᠡᠨᠳᠦ ᠶᠢᠨ ᠠᠵᠤ ᠦᠢᠯᠡᠰ ᠢ ᠬᠦᠭᠵᠢᠭᠦᠯᠵᠦ᠂ ᠤᠯᠠᠨ ᠲᠦᠮᠡᠨ ᠤ ᠡᠷᠡᠭᠦᠯ ᠮᠡᠨᠳᠦ ᠶᠢᠨ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠭᠦᠯᠭᠦ ᠬᠡᠷᠡᠭᠳᠡᠢ ᠬᠡᠪᠡ᠃        ᠬᠤᠷᠠᠯ ᠠᠴᠠ ᠵᠢᠭᠠᠵᠤ ᠭᠠᠷᠭᠠᠬᠰᠠᠨ ᠨᠢ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠬᠢᠨᠠᠨ ᠵᠦᠪᠰᠢᠶᠡᠷᠡᠭᠰᠡᠨ ᠪᠡᠯᠡ ᠤᠷᠤᠭᠤᠯᠬᠤ ᠲᠦᠷᠦᠯ ᠵᠦᠢᠯ ᠤᠨ ᠭᠠᠷᠴᠠᠭ ᠲᠤ ᠵᠠᠰᠠᠪᠤᠷᠢ ᠤᠷᠤᠭᠤᠯᠬᠤ ᠨᠢ᠂ ᠪᠡᠯᠡ ᠤᠷᠤᠭᠤᠯᠬᠤ ᠪᠡᠯᠡ ᠴᠣᠭᠯᠠᠭᠤᠯᠬᠤ ᠬᠠᠮᠢᠶᠠᠷᠤᠯᠳᠠ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠬᠦᠨᠵᠡᠭᠡᠶᠢᠷᠡᠭᠦᠯᠭᠦ᠂ ︽ᠲᠤᠷᠤᠬᠰᠢ ᠪᠠᠭᠤᠯᠭᠠᠬᠤ ᠬᠠᠮᠢᠶᠠᠷᠬᠤ ᠦᠢᠯᠡᠴᠢᠯᠡᠭᠦ︾ ᠦᠭᠡᠷᠡᠴᠢᠯᠡᠯᠳᠡ ᠶᠢ ᠠᠬᠢᠭᠤᠯᠬᠤ ᠶᠢᠨ ᠴᠢᠬᠤᠯᠠ ᠠᠷᠭ᠎ᠠ ᠬᠡᠮᠵᠢᠶ᠎ᠠ ᠪᠤᠯᠤᠨ᠎ᠠ᠂ ᠳᠡᠷᠡ ᠨᠢ ᠵᠠᠰᠠᠭ ᠤᠨ ᠤᠷᠳᠤᠨ ᠤ ᠡᠭᠦᠷᠭᠡ ᠴᠢᠳᠠᠪᠬᠢ ᠶᠢ ᠬᠤᠪᠢᠷᠠᠭᠤᠯᠬᠤ᠂ ᠵᠠᠬ᠎ᠠ ᠲᠡᠯᠭᠡᠭᠦᠷ ᠤᠨ ᠠᠮᠢᠵᠢᠷᠠᠯ ᠤᠨ ᠬᠦᠴᠦᠨ ᠢ ᠬᠦᠭᠵᠢᠭᠡᠭᠦ ᠳᠤ ᠴᠢᠬᠤᠯᠠ ᠦᠢᠯᠡᠳᠦᠯ ᠲᠠᠢ᠃ ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠭᠠᠷᠴᠠᠭ ᠢ ᠬᠡᠷᠡᠭᠵᠢᠭᠦᠯᠭᠦ ᠬᠠᠮᠢᠶ᠎ᠠ ᠪᠦᠬᠦᠢ ᠠᠵᠢᠯ ᠢ ᠬᠢᠨᠠᠮᠠᠭᠠᠢ ᠰᠠᠶᠢᠳᠤᠷ ᠬᠢᠵᠤ᠂ ᠬᠡᠷᠡᠭᠵᠢᠭᠦᠯᠭᠦ ᠠᠬᠢᠴᠠ ᠲᠤᠮᠳᠠ ᠤᠷᠤᠰᠢᠵᠤ ᠪᠦᠬᠦᠢ ᠠᠰᠠᠭᠤᠳᠠᠯ ᠢ ᠮᠦᠷᠳᠡᠨ ᠵᠠᠳᠠᠯᠵᠤ᠂ ᠠᠵᠢᠯ ᠢᠶᠠᠨ ᠴᠠᠭ ᠲᠤᠬᠠᠢ ᠳᠤᠨᠢ ᠰᠠᠶᠢᠵᠢᠷᠠᠭᠤᠯᠵᠤ᠂ ᠦᠪᠡᠷᠳᠡᠭᠡᠨ ᠵᠠᠰᠬᠠᠤ ᠤᠷᠤᠨ ᠤ ᠪᠡᠯᠡ ᠤᠷᠤᠭᠤᠯᠬᠤ ᠤᠷᠴᠢᠨ ᠲᠤᠭᠤᠷᠢᠨ ᠢ ᠲᠠᠰᠤᠷᠠᠯᠳᠠ ᠦᠭᠡᠢ ᠰᠢᠯᠢᠳᠡᠭᠵᠢᠭᠦᠯᠭᠦ ᠬᠡᠷᠡᠭᠳᠡᠢ ᠬᠡᠵᠡᠢ᠃        ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠠ᠃  
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号