2017 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠮᠡᠷᠭᠡᠵᠢᠯ ᠤᠨ ᠠᠰ  ᠢᠶᠠᠷ ᠢᠶᠠᠨ ᠰᠣᠷᠣᠭᠴᠢ ᠡᠯᠰᠡᠬᠦ ᠰᠣᠶᠣᠯ ᠤᠨ ᠰᠢᠯᠭᠠᠯᠲᠠ ᠤᠳᠠᠯ ᠦᠭᠡᠢ ᠡᠬᠢᠯᠡᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2017/4/12
     2017 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠪᠣᠯᠪᠠᠰᠤᠷᠠᠯ᠂ ᠵᠡᠪᠰᠡᠭ ᠤᠨ ᠡᠷᠳᠡᠮ ᠪᠣᠯᠤᠨ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠤᠰᠬᠠᠶ ᠮᠡᠷᠭᠡᠵᠢᠯ ᠳᠤ ᠰᠣᠷᠣᠭᠴᠢ ᠡᠯᠰᠡᠬᠦ ︵︽ᠪᠡᠶ᠎ᠡ ᠶᠢᠨ ᠲᠠᠮᠢᠷ ᠤᠨ ᠮᠡᠷᠭᠡᠵᠢᠯ ᠳᠤ ᠠᠰ ᠢᠶᠠᠷ ᠢᠶᠠᠨ ᠰᠣᠷᠣᠭᠴᠢ ᠡᠯᠰᠡᠬᠦ ᠲᠤᠰᠬᠠᠶ ᠰᠢᠯᠭᠠᠯᠲᠠ︾︶ ᠰᠣᠶᠣᠯ ᠤᠨ ᠬᠢᠴᠢᠶᠡᠯ ᠤᠨ ᠰᠢᠯᠭᠠᠯᠲᠠ ᠨᠢ 4 ᠳ᠋ᠦ᠋ᠭᠡᠷ ᠰᠠᠷ᠎ᠠ ᠶᠢᠨ 22 ᠤᠨ ᠡᠳᠦᠷ ᠪᠠ 23 ᠤ ᠡᠳᠦᠷ ᠲᠤ ᠶᠠᠪᠤᠭᠳᠠᠬᠤ ᠪᠣᠯᠣᠨ᠎ᠠ᠃      ᠲᠤᠰ ᠤᠳᠠᠭᠠᠨ ᠤ ᠲᠠᠮᠢᠷ ᠤᠨ ᠮᠡᠷᠭᠡᠵᠢᠯ ᠳᠤ ᠰᠣᠷᠣᠭᠴᠢ ᠡᠯᠰᠡᠬᠦ ᠲᠤᠰᠬᠠᠢ ᠰᠢᠯᠭᠠᠯᠲᠠ ᠳᠤ ᠨᠡᠶᠢᠲᠡ ᠬᠤᠶᠠᠷ ᠰᠢᠯᠭᠠᠯᠲᠠ ᠶᠢᠨ ᠴᠢᠭ᠋ ᠲᠣᠬᠢᠷᠠᠭᠤᠯᠤᠨ᠎ᠠ᠄ ᠬᠥᠬᠡᠬᠤᠲᠠ᠂ ᠪᠤᠭᠤᠲᠤ ᠬᠤᠳᠠ᠂ ᠤᠷᠳᠤᠰ ᠬᠤᠳᠠ᠂ ᠪᠠᠶᠠᠨᠨᠠᠭᠤᠷ ᠬᠤᠳᠠ᠂ ᠦᠬᠠᠶ ᠬᠤᠲᠠ᠂ ᠠᠯᠠᠱᠠ ᠠᠶᠢᠮᠠᠭ᠂ ᠤᠯᠠᠭᠠᠨᠴᠠᠪ ᠬᠤᠲᠠ ᠪᠣᠯᠤᠨ ᠰᠢᠯᠢ ᠶᠢᠨ ᠭᠤᠤᠯ ᠠᠶᠢᠮᠠᠭ ᠤᠨ ᠰᠢᠯᠭᠠᠭᠤᠯᠤᠭᠴᠢᠳ ᠪᠤᠭᠤᠲᠤ ᠬᠤᠳᠠ ᠶᠢᠨ ᠳᠥᠴᠢᠨ ᠲᠠᠪᠤᠳᠤᠭᠠᠷ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠴᠢᠭ᠋ ᠲᠤ ᠰᠢᠯᠭᠠᠭᠤᠯᠤᠨ᠎ᠠ︔ ᠲᠦᠩᠯᠢᠶᠣᠤ ᠬᠤᠳᠠ᠂ ᠤᠯᠠᠭᠠᠨᠬᠠᠳᠠ ᠬᠤᠳᠠ᠂ ᠬᠥᠯᠥᠨ ᠪᠤᠶᠢᠷ ᠬᠤᠳᠠ᠂ ᠬᠢᠩᠭᠠᠨ ᠠᠶᠢᠮᠠᠭ ᠤᠨ ᠰᠢᠯᠭᠠᠭᠤᠯᠤᠭᠴᠢᠳ ᠤᠯᠠᠭᠠᠨᠬᠠᠳᠠ ᠳᠤ ᠭᠤᠷᠪᠠᠳᠤᠭᠠᠷ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠰᠢᠯᠭᠠᠯᠲᠠ ᠶᠢᠨ ᠴᠢᠭ᠋ ᠲᠤ ᠰᠢᠯᠭᠠᠭᠤᠯᠤᠨ᠎ᠠ᠃      ᠰᠢᠯᠭᠠᠭᠤᠯᠬᠤ ᠳᠤ᠂ ᠰᠢᠯᠭᠠᠭᠤᠯᠤᠭᠴᠢ ᠥᠪᠡᠷ ᠤᠨ ᠬᠤᠶᠠᠳᠤᠭᠠᠷ ᠦᠶ᠎ᠡ ᠶᠢᠨ ᠪᠡᠶ᠎ᠡ ᠶᠢᠨ ᠦᠨᠡᠮᠯᠡᠯ᠂ ︽2017 ᠣᠨ ᠤ ᠲᠠᠮᠢᠷ ᠤᠨ ᠪᠣᠯᠪᠠᠰᠤᠷᠠᠯ᠂ ᠵᠡᠪᠰᠡᠭ ᠤᠨ ᠡᠷᠳᠡᠮ ᠪᠣᠯᠤᠨ ᠦᠨᠳᠦᠰᠦᠲᠡᠨ ᠤ ᠤᠯᠠᠮᠵᠢᠯᠠᠯᠲᠤ ᠲᠠᠮᠢᠷ ᠤᠨ ᠲᠤᠰᠬᠠᠶ ᠮᠡᠷᠭᠡᠵᠢᠯ ᠳᠤ ᠰᠣᠷᠣᠭᠴᠢ ᠡᠯᠰᠡᠬᠦ ᠰᠢᠯᠭᠠᠯᠲᠠ ᠶᠢᠨ ᠰᠢᠯᠭᠠᠭᠤᠯᠬᠤ ᠵᠥᠪᠰᠢᠶᠡᠷᠡᠯ ᠤᠨ ᠦᠨᠡᠮᠯᠡᠯ ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2017 ᠣᠨ ᠤ ᠡᠩ ᠤᠨ  ᠶᠡᠭᠡ ᠳᠡᠭᠡᠳᠦ ᠰᠤᠷᠭᠠᠭᠤᠯᠢ ᠶᠢᠨ ᠲᠠᠮᠢᠷ ᠤᠨ ᠪᠣᠯᠪᠠᠰᠤᠷᠠᠯ᠂ ᠵᠡᠪᠰᠡᠭ ᠤᠨ ᠡᠷᠳᠡᠮ ᠪᠣᠯᠤᠨ ᠦᠨᠳᠦᠰᠦᠲᠡᠨ ᠤ ᠤᠯᠠᠮᠵᠢᠯᠠᠯᠲᠤ ᠲᠠᠮᠢᠷ ᠤᠨ ᠲᠤᠰᠬᠠᠶ ᠮᠡᠷᠭᠡᠵᠢᠯ ᠳᠤ ᠰᠣᠷᠣᠭᠴᠢ ᠡᠯᠰᠡᠬᠦ ᠰᠣᠶᠣᠯ ᠤᠨ ᠰᠢᠯᠭᠠᠯᠲᠠ ᠶᠢᠨ ᠮᠡᠳᠡᠭᠳᠡᠯ ᠤᠨ ᠪᠢᠴᠢᠭ︾ ᠢᠶᠠᠨ ᠠᠪᠴᠤ ᠰᠢᠯᠭᠠᠯᠲᠠ ᠶᠢᠨ ᠲᠠᠯᠠᠪᠠᠶ ᠳᠤ ᠣᠷᠣᠨ᠎ᠠ᠃ ᠡᠭᠦᠨ ᠳᠤ᠄ ︽2017 ᠣᠨ ᠤ ᠪᠡᠶ᠎ᠡ ᠶᠢᠨ ᠲᠠᠮᠢᠷ ᠤᠨ ᠪᠣᠯᠪᠠᠰᠤᠷᠠᠯ᠂ ᠵᠡᠪᠰᠡᠭ ᠤᠨ ᠡᠷᠳᠡᠮ ᠪᠣᠯᠤᠨ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠤᠰᠬᠠᠶ ᠮᠡᠷᠭᠡᠵᠢᠯ ᠳᠤ ᠰᠣᠷᠣᠭᠴᠢ ᠡᠯᠰᠡᠬᠦ ᠰᠢᠯᠭᠠᠯᠲᠠ ᠶᠢᠨ ᠰᠢᠯᠭᠠᠭᠤᠯᠬᠤ ᠵᠥᠪᠰᠢᠶᠡᠷᠡᠯ ᠤᠨ ᠦᠨᠡᠮᠯᠡᠯ︾ ᠢ ᠰᠢᠯᠭᠠᠭᠤᠯᠤᠭᠴᠢ 4 ᠳ᠋ᠦ᠋ᠭᠡᠷ ᠰᠠᠷ᠎ᠠ ᠶᠢᠨ 15 - 22 ᠤ ᠡᠳᠦᠷ ᠪᠣᠯᠲᠠᠯ᠎ᠠ ᠳᠤᠮᠳᠠᠳᠤ ᠤᠯᠤᠰ ᠤᠨ ᠲᠠᠮᠢᠷᠴᠢᠨ ᠤ ᠰᠣᠶᠣᠯ ᠰᠤᠷᠭᠠᠨ ᠬᠥᠮᠦᠵᠢᠯ ᠤᠨ ᠰᠦᠯᠵᠢᠶᠡᠨ ︵www.ydyeducation.com︶ ᠤ ᠪᠡᠶ᠎ᠡ ᠶᠢᠨ ᠲᠠᠮᠢᠷ ᠤᠨ ᠮᠡᠷᠭᠡᠵᠢᠯ ᠳᠤ ᠰᠣᠷᠣᠭᠴᠢ ᠡᠯᠰᠡᠬᠦ ᠰᠢᠯᠭᠠᠯᠲᠠ ᠶᠢᠨ ᠬᠠᠮᠢᠶᠠᠷᠤᠯᠲᠠ ᠶᠢᠨ ᠰᠢᠰᠲ᠋ᠧᠮ ᠠᠴᠠ ᠥᠪᠡᠰᠦᠪᠡᠨ ᠪᠠᠭᠤᠯᠭᠠᠵᠤ ᠠᠪᠣᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2017 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠪᠣᠯᠪᠠᠰᠤᠷᠠᠯ᠂ ᠵᠡᠪᠰᠡᠭ ᠤᠨ ᠡᠷᠳᠡᠮ ᠪᠣᠯᠤᠨ ᠦᠨᠳᠦᠰᠦᠲᠡᠨ ᠤ ᠤᠯᠠᠮᠵᠢᠯᠠᠯᠲᠤ ᠲᠠᠮᠢᠷ ᠤᠨ ᠲᠤᠰᠬᠠᠶ ᠮᠡᠷᠭᠡᠵᠢᠯ ᠳᠤ ᠰᠣᠷᠣᠭᠴᠢ ᠡᠯᠰᠡᠬᠦ ᠰᠣᠶᠣᠯ ᠤᠨ ᠰᠢᠯᠭᠠᠯᠲᠠ ᠶᠢᠨ ᠮᠡᠳᠡᠭᠳᠡᠯ ᠤᠨ ᠪᠢᠴᠢᠭ︾ ᠢ ᠪᠤᠭᠤᠲᠤ ᠬᠤᠳᠠ ᠪᠣᠯᠣᠨ ᠤᠯᠠᠭᠠᠨᠬᠠᠳᠠ ᠬᠤᠲᠠ ᠶᠢᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠲᠤᠰ ᠲᠤᠰ ᠳᠠᠷᠤᠮᠠᠯᠯᠠᠬᠤ ᠶᠢᠨ ᠬᠠᠮᠲᠤ ᠠᠯᠪᠠᠨ ᠲᠠᠮᠠᠭ᠎ᠠ ᠳᠠᠷᠤᠵᠤ᠂ ᠰᠢᠯᠭᠠᠭᠤᠯᠤᠭᠴᠢ ᠵᠢᠭᠠᠨ ᠲᠣᠭᠲᠠᠭᠠᠭᠰᠠᠨ ᠭᠠᠵᠠᠷ ᠲᠤ ᠬᠦᠷᠴᠤ ᠠᠪᠤᠨ᠎ᠠ᠂ ᠪᠤᠭᠤᠲᠤ ᠬᠤᠳᠠ ᠶᠢᠨ ᠳᠥᠴᠢᠨ ᠲᠠᠪᠤᠳᠤᠭᠠᠷ ᠳᠤᠮᠳᠠᠳᠤ ᠰᠤᠷᠭᠠᠭᠤᠯᠢ ᠳᠤ ᠰᠢᠯᠭᠠᠭᠤᠯᠤᠭᠴᠢᠳ 4 ᠳ᠋ᠦ᠋ᠭᠡᠷ ᠰᠠᠷ᠎ᠠ ᠶᠢᠨ 20 - 22 ᠤ ᠡᠳᠦᠷ ᠪᠣᠯᠲᠠᠯ᠎ᠠ ᠪᠤᠭᠤᠲᠤ ᠬᠤᠲᠠ ᠶᠢᠨ ᠰᠤᠷᠭᠠᠨ ᠬᠥᠮᠦᠵᠢᠯ ᠤᠨ ᠰᠢᠯᠭᠠᠯᠲᠠ ᠶᠢᠨ ᠲᠥᠪ ᠲᠤ ᠣᠴᠢᠵᠤ ᠠᠪᠤᠨ᠎ᠠ︔ ᠤᠯᠠᠭᠠᠨᠬᠠᠳᠠ ᠶᠢᠨ ᠭᠤᠷᠪᠠᠳᠤᠭᠠᠷ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠰᠢᠯᠭᠠᠯᠲᠠ ᠶᠢᠨ ᠴᠢᠭ᠋ ᠲᠤ ᠰᠢᠯᠭᠠᠭᠤᠯᠤᠭᠴᠢᠳ 4 ᠳ᠋ᠦ᠋ᠭᠡᠷ ᠰᠠᠷ᠎ᠠ ᠶᠢᠨ 21 - 22 ᠤ ᠡᠳᠦᠷ ᠪᠣᠯᠲᠠᠯ᠎ᠠ ᠤᠯᠠᠭᠠᠨᠬᠠᠳᠠ ᠬᠤᠲᠠ ᠶᠢᠨ ᠰᠢᠨ᠎ᠡ ᠬᠤᠲᠠ ᠲᠣᠭᠤᠷᠢᠭ ᠤᠨ ᠳ᠋ᠠ ᠮᠢᠩ ᠵᠡᠭᠡᠯᠢ  ᠶᠢᠨ ᠬᠤᠶᠢᠲᠤ ᠬᠤᠶᠠᠳᠣᠭᠠᠷ ᠰᠠᠯᠠᠭ᠎ᠠ ᠵᠠᠮ ᠤᠨ ᠪᠠᠷᠠᠭᠤᠨ ᠲᠠᠯ᠎ᠠ ᠳᠤ ᠪᠠᠶᠢᠭ᠎ᠠ ᠬᠤᠳᠠ ᠶᠢᠨ ᠰᠤᠷᠭᠠᠨ ᠬᠥᠮᠦᠵᠢᠯ ᠤᠨ ᠲᠣᠪᠴᠢᠶᠠᠨ ᠤ ᠡᠩ ᠤᠨ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠠᠯᠠᠭ᠎ᠠ ᠶᠢᠨ 306 ᠲᠠᠰᠤᠭ ᠲᠤ ᠣᠴᠢᠵᠤ ᠠᠪᠤᠨ᠎ᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号