ᠤᠯᠠᠭᠠᠨᠴᠠᠪ ᠬᠤᠲᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠦᠨᠳᠦᠰᠦᠨ ᠳᠠᠭᠠᠳᠬᠠᠯ ᠪᠣᠯᠣᠨ ᠬᠦᠨᠳᠦ ᠣᠨᠴᠠ ᠡᠪᠡᠳᠴᠢᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠬᠠᠮᠢᠶᠠᠷᠤᠯᠲᠠ ᠶᠢᠨ ᠠᠷᠭ᠎ᠠ ᠶᠢ ᠵᠢᠩᠬᠢᠨᠢ ᠪᠠᠷ ᠨᠡᠶᠢᠲᠡᠯᠡᠪᠡ
ᠨᠡᠶᠢᠲᠡᠯᠡᠭᠰᠡᠨ ᠴᠠᠭ᠄
2017/4/13
     ᠣᠷᠴᠢᠮᠬᠠᠨ᠂ ︽ᠤᠯᠠᠭᠠᠨᠴᠠᠪ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠪᠣᠯᠤᠨ ︽ᠤᠯᠠᠭᠠᠨᠴᠠᠪ ᠬᠤᠲᠠ ᠶᠢᠨ ᠬᠦᠨᠳᠦ ᠣᠨᠴᠠ ᠡᠪᠡᠳᠴᠢᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶᠎ ᠶᠢ ᠵᠢᠩᠬᠢᠨᠢ ᠪᠠᠷ ᠳᠠᠷᠤᠮᠠᠯᠯᠠᠨ ᠲᠠᠷᠬᠠᠭᠠᠪᠠ᠂ ᠬᠤᠶᠠᠷ ︽ᠠᠷᠭ᠎ᠠ︾᠎ ᠨᠢ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠬᠤᠳᠠᠯᠳᠤᠭᠠᠨ ᠤ ᠳᠠᠭᠠᠳᠬᠠᠯ᠂ ᠠᠷᠠᠳ ᠤᠨ ᠶᠠᠪᠤᠳᠠᠯ ᠤᠨ ᠡᠮᠨᠡᠯᠭᠡ ᠶᠢᠨ ᠠᠪᠤᠷᠠᠨ ᠲᠤᠰᠠᠯᠠᠯᠲᠠ᠂ ᠬᠦᠨᠳᠦ ᠣᠨᠴᠠ ᠶᠡᠭᠡ ᠡᠪᠡᠳᠴᠢᠨ ᠤ ᠪᠠᠲᠤᠯᠠᠭ᠎ᠠ ᠵᠡᠷᠭᠡ ᠳᠥᠷᠪᠡᠨ ᠳᠡᠰ ᠳᠠᠪᠬᠤᠷᠭ᠎ᠠ ᠠᠴᠠ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠬᠠᠷᠠᠭᠠᠯᠵᠠᠯ ᠬᠦᠷᠲᠡᠬᠦ ᠶᠢ ᠦᠨᠡᠨ ᠬᠦ ᠪᠠᠲᠤᠯᠠᠵᠤ᠂ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠤᠨ ︽ᠡᠪᠡᠳᠴᠢᠨ ᠠᠴᠠ ᠪᠤᠯᠵᠤ ᠶᠠᠳᠠᠭᠤᠷᠠᠬᠤ︾᠂ ︽ᠡᠪᠡᠳᠴᠢᠨ ᠠᠴᠠ ᠪᠣᠯᠵᠤ ᠳᠠᠭᠢᠨ ᠶᠠᠳᠠᠭᠤᠷᠠᠬᠤ︾ ᠬᠦᠴᠢᠷᠲᠡᠢ ᠠᠰᠠᠭᠤᠳᠠᠯ ᠢ ᠲᠦᠢᠯᠪᠤᠷᠢᠲᠠᠶ ᠰᠢᠶᠳᠪᠦᠷᠢᠯᠡᠪᠡ᠃ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠮᠠᠲ᠋ᠧᠷᠢᠶᠠᠯ ᠢᠶᠠᠨ ᠵᠥᠪᠬᠡᠨ ᠨᠢᠭᠡ ᠯᠡ ᠤᠳᠠᠭ᠎ᠠ ᠲᠤᠰᠢᠶᠠᠭᠠᠳ᠂ ᠭᠠᠷᠳᠠᠨ ᠭᠦᠢᠴᠡᠳᠬᠡᠭᠴᠢ ᠳᠣᠲᠣᠭᠠᠳᠤ ᠳᠠᠭᠠᠨ ᠳᠠᠮᠵᠢᠭᠤᠯᠤᠭᠰᠠᠭᠠᠷ ᠡᠮ ᠡᠮᠨᠡᠯᠭᠡ ᠶᠢᠨ ᠳᠠᠭᠠᠳᠬᠠᠯ ᠤᠨ ᠳᠠᠩᠰᠠ ᠲᠠᠶᠢᠯᠠᠯᠲᠠ᠂ ᠠᠷᠠᠳ ᠤᠨ ᠶᠠᠪᠤᠳᠠᠯ ᠤᠨ ᠡᠮ ᠡᠮᠨᠡᠯᠭᠡ ᠶᠢᠨ ᠠᠪᠤᠷᠠᠨ ᠲᠤᠰᠠᠯᠠᠯᠲᠠ ᠵᠢᠴᠢ ᠬᠦᠨᠳᠦ ᠣᠨᠴᠠ ᠡᠪᠡᠳᠴᠢᠨ ᠤ ᠨᠥᠬᠦᠪᠥᠷᠢ ᠵᠡᠷᠭᠡ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠢ ᠭᠦᠢᠴᠡᠳᠬᠡᠬᠦ ᠪᠣᠯᠭᠠᠭᠠᠳ᠂ ᠬᠦᠯᠢᠶᠡᠬᠦ ᠴᠠᠭ ᠢ ᠶᠡᠭᠡ ᠪᠠᠷ ᠪᠣᠭᠤᠨᠢᠰᠬᠠᠵᠤ᠂ ᠭᠠᠷᠳᠠᠨ ᠭᠦᠢᠴᠡᠳᠬᠡᠬᠦ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠪᠡ᠃      ᠬᠤᠶᠠᠷ ︽ᠠᠷᠭ᠎ᠠ︾᠎ ᠶᠢᠨ ᠬᠡᠷᠡᠭᠵᠢᠭᠦᠯᠦᠯᠲᠡ ᠨᠢ᠂ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠪᠦᠬᠦᠨ ᠬᠤᠲᠠ ᠪᠠᠯᠭᠠᠰᠣᠨ ᠤ ᠭᠡᠰᠡᠨ ᠴᠦ ᠲᠡᠷᠡ ᠬᠥᠳᠡᠭᠡ ᠲᠣᠰᠬᠤᠨ ᠤ ᠭᠡᠰᠡᠨ ᠴᠦ ᠲᠡᠷᠡ ᠴᠥᠮ ᠡᠮ ᠡᠮᠨᠡᠯᠭᠡ ᠶᠢᠨ ᠬᠠᠷᠠᠭᠠᠯᠵᠠᠯ ᠤᠨ ᠪᠠᠲᠤᠯᠠᠭ᠎ᠠ ᠶᠢ ᠡᠷᠬᠡ ᠲᠡᠭᠰᠢ ᠪᠠᠷ ᠬᠦᠷᠲᠡᠬᠦ ᠶᠢᠨ ᠬᠠᠮᠲᠤ ᠬᠠᠷᠠᠭᠠᠯᠵᠠᠯ ᠬᠦᠷᠳᠡᠬᠦ ᠬᠢᠷᠢ ᠬᠡᠮᠵᠢᠶ᠎ᠡ ᠶᠢ ᠴᠤ ᠠᠳᠠᠯᠢ ᠪᠤᠰᠤ ᠳᠡᠭᠡᠭᠰᠢᠯᠡᠭᠦᠯᠦᠭᠰᠡᠨ ᠢ ᠬᠠᠷᠠᠭᠤᠯᠵᠤ ᠪᠤᠢ᠃ ᠢᠯᠠᠩᠭᠤᠶ᠎ᠠ ᠣᠨᠴᠠ ᠬᠦᠴᠢᠷᠳᠡᠯᠲᠡᠶ ᠬᠥᠮᠦᠰ ᠤᠨ ᠳᠠᠭᠠᠳᠬᠠᠯ ᠳᠤ ᠣᠷᠣᠬᠤ ᠰᠦᠢᠳᠬᠡᠯ ᠲᠤᠰᠢᠶᠠᠬᠤ᠂ ᠬᠠᠷᠠᠭᠠᠯᠵᠠᠯ ᠬᠦᠷᠲᠡᠬᠦ ᠲᠠᠯ᠎ᠠ ᠪᠠᠷ ᠴᠥᠮ ᠵᠣᠬᠢᠬᠤ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠲᠠᠢ ᠪᠠᠶᠢᠵᠤ᠂ ᠳᠥᠷᠪᠡᠨ ᠳᠡᠰ ᠳᠠᠪᠬᠤᠷᠭ᠎ᠠ ᠶᠢᠨ ᠪᠠᠲᠤᠯᠠᠭ᠎ᠠ ᠶᠢᠨ ᠳᠠᠷᠠᠭᠠᠬᠢ ᠶᠡᠷᠦᠩᠬᠡᠢ ᠳᠠᠩᠰᠠ ᠲᠠᠶᠢᠯᠬᠤ ᠬᠢᠷᠢ ᠬᠡᠮᠵᠢᠶ᠎ᠡ ᠨᠢ 90%᠎ ᠠᠴᠠ ᠳᠡᠭᠡᠭᠰᠢ ᠳᠤ ᠬᠦᠷᠴᠦ᠂ ᠳᠠᠭᠠᠳᠬᠠᠯ ᠳᠤ ᠣᠷᠣᠯᠴᠠᠭᠰᠠᠨ ᠡᠪᠡᠳᠴᠢᠲᠡᠨ ᠤ ᠠᠵᠤ ᠠᠬᠤᠶ ᠶᠢᠨ ᠳᠠᠷᠤᠭᠠᠰᠤ ᠶᠢ ᠨᠢ ᠶᠡᠭᠡ ᠪᠠᠷ ᠬᠥᠩᠭᠡᠷᠡᠭᠦᠯᠵᠦ᠂ ᠨᠢᠭᠡᠨ ᠦᠨᠡᠨ ᠪᠣᠳᠠᠲᠠᠶ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠪᠣᠯᠣᠭᠰᠠᠨ ᠪᠠᠶᠢᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号