2017 ᠣᠨ ᠤ ᠳᠡᠭᠡᠳᠦ ᠬᠠᠭᠠᠰ ᠵᠢᠯ ᠤᠨ ᠦᠪᠡᠷᠰᠡᠳ ᠢᠶᠠᠨ ᠰᠣᠷᠣᠭᠰᠠᠳ ᠤᠨ ᠰᠢᠯᠭᠠᠯᠲᠠ 4 ᠳ᠋ᠦ᠋ᠭᠡᠷ ᠰᠠᠷ᠎ᠠ ᠶᠢᠨ 15᠎ ᠤ ᠡᠳᠦᠷ ᠡᠬᠢᠯᠡᠨ᠎ᠡ
ᠨᠡᠶᠢᠲᠡᠯᠡᠭᠰᠡᠨ ᠴᠠᠭ᠄
2017/4/14
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2017 ᠣᠨ ᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠦᠪᠡᠷᠰᠡᠳ ᠢᠶᠠᠨ ᠰᠣᠷᠣᠭᠰᠠᠳ ᠤᠨ ᠰᠢᠯᠭᠠᠯᠲᠠ 4 ᠳ᠋ᠦ᠋ᠭᠡᠷ ᠰᠠᠷ᠎ᠠ ᠶᠢᠨ 15 ~ 16᠎ ᠤ ᠡᠳᠦᠷ ᠶᠠᠪᠤᠭᠳᠠᠨ᠎ᠠ᠂ ᠮᠠᠨ ᠤ ᠣᠷᠣᠨ ᠨᠡᠶᠢᠲᠡ 3 ᠰᠢᠯᠭᠠᠯᠲᠠ ᠶᠢᠨ ᠲᠣᠭᠤᠷᠢᠭ ᠲᠤᠬᠢᠷᠠᠭᠤᠯᠪᠠ᠂ ᠡᠨᠡ ᠨᠢ ᠲᠤᠰ ᠲᠤᠰ ᠬᠥᠬᠡᠬᠤᠲᠠ᠂ ᠪᠤᠭᠤᠲᠤ ᠬᠤᠲᠠ ᠪᠠ ᠲᠦᠩᠯᠢᠶᠣᠤ ᠬᠤᠲᠠ ᠪᠤᠯᠤᠨ᠎ᠠ᠃ 4 ᠳ᠋ᠦ᠋ᠭᠡᠷ ᠰᠠᠷ᠎ᠠ ᠶᠢᠨ 10 ~ 16᠎ ᠤ ᠡᠳᠦᠷ ᠪᠤᠯᠲᠠᠯ᠎ᠠ ᠰᠢᠯᠭᠠᠭᠤᠯᠤᠭᠰᠠᠳ ᠰᠢᠯᠭᠠᠭᠤᠯᠬᠤ ᠵᠦᠪᠰᠢᠶᠡᠷᠡᠯ ᠤᠨ ᠦᠨᠡᠮᠯᠡᠯ ᠢᠶᠠᠨ ᠳᠠᠷᠤᠮᠠᠯᠯᠠᠨ ᠠᠪᠬᠤ ᠴᠢᠬᠤᠯᠠᠲᠠᠶ᠃      ᠥᠷᠭᠡᠨ ᠣᠯᠠᠨ ᠰᠢᠯᠭᠠᠭᠤᠯᠤᠭᠰᠠᠳ ᠡᠷᠬᠡᠪᠰᠢ ᠰᠢᠯᠭᠠᠭᠤᠯᠬᠤ ᠵᠦᠪᠰᠢᠶᠡᠷᠡᠯ ᠤᠨ ᠦᠨᠡᠮᠯᠡᠯ ᠳᠡᠭᠡᠷᠡᠬᠢ ︽ᠰᠢᠯᠭᠠᠭᠤᠯᠤᠭᠰᠠᠳ ᠤᠨ ᠰᠢᠯᠭᠠᠭᠤᠯᠬᠤ ᠳᠦᠷᠢᠮ︾᠎ ᠢ ᠨᠠᠷᠢᠨ ᠬᠢᠨᠠᠮᠠᠭᠠᠢ ᠤᠩᠰᠢᠬᠤ ᠬᠡᠷᠡᠭᠲᠡᠢ︔ ᠰᠢᠯᠭᠠᠯᠲᠠ ᠶᠢᠨ ᠪᠣᠳᠠᠲᠠᠶ ᠣᠷᠣᠨ ᠪᠠᠶᠢᠷᠢ᠂ ᠲᠡᠷᠭᠡᠨ ᠳᠤ ᠰᠠᠭᠤᠬᠤ ᠱᠤᠭᠤᠮ᠂ ᠲᠡᠷᠭᠡᠨ ᠳᠤ ᠰᠠᠭᠤᠬᠤ ᠴᠠᠭ ᠵᠡᠷᠭᠡ ᠶᠢ ᠤᠷᠢᠳᠴᠢᠯᠠᠨ ᠰᠠᠶᠢᠨ ᠤᠶᠢᠯᠠᠭᠠᠬᠤ ᠬᠡᠷᠡᠭᠲᠡᠢ︔ ᠪᠡᠶ᠎ᠡ ᠶᠢᠨ ᠦᠨᠡᠮᠯᠡᠯ᠂ ᠰᠢᠯᠭᠠᠭᠤᠯᠬᠤ ᠵᠦᠪᠰᠢᠶᠡᠷᠡᠯ ᠤᠨ ᠦᠨᠡᠮᠯᠡᠯ ᠵᠡᠷᠭᠡ ᠬᠦᠴᠦᠨ ᠪᠦᠬᠦᠢ ᠦᠨᠡᠮᠯᠡᠯ ᠢᠶᠠᠨ ᠤᠷᠢᠳᠴᠢᠯᠠᠨ ᠪᠡᠯᠡᠳᠬᠡᠬᠦ ᠬᠡᠷᠡᠭᠲᠡᠢ︔ ᠰᠢᠯᠭᠠᠯᠲᠠ ᠡᠬᠢᠯᠡᠬᠦ ᠠᠴᠠ 30 ᠮᠢᠨᠦ᠋ᠲ ᠤᠨ ᠡᠮᠦᠨ᠎ᠡ᠂ ᠰᠢᠯᠭᠠᠭᠤᠯᠤᠭᠴᠢ ᠡᠷᠬᠡᠪᠰᠢ ᠰᠢᠯᠭᠠᠯᠲᠠ ᠶᠢᠨ ᠲᠠᠯᠠᠪᠠᠢ ᠳᠤ ᠬᠦᠷᠴᠦ᠂ ᠮᠦᠷᠯᠡᠵᠦ ᠪᠠᠶᠢᠭᠠᠳ ᠬᠤᠷᠤᠭᠤᠨ ᠤ ᠬᠤᠷᠢᠶᠠᠬᠤ ᠰᠤᠳᠠᠯ ᠤᠨ ᠰᠢᠯᠭᠠᠯᠲᠠ ᠬᠢᠯᠭᠡᠬᠦ ᠪᠠ ᠦᠨᠡᠮᠯᠡᠯ ᠢᠶᠠᠨ ᠪᠠᠶᠢᠴᠠᠭᠠᠯᠭᠠᠨ᠎ᠠ᠃ ᠰᠢᠯᠭᠠᠨ ᠪᠠᠲᠤᠯᠠᠭᠰᠠᠨ ᠤ ᠳᠠᠷᠠᠭ᠎ᠠ᠂ ᠰᠢᠯᠭᠠᠭᠤᠯᠬᠤ ᠵᠦᠪᠰᠢᠶᠡᠷᠡᠯ ᠤᠨ ᠦᠨᠡᠮᠯᠡᠯ ᠪᠣᠯᠤᠨ ᠬᠤᠶᠠᠳᠤᠭᠠᠷ ᠦᠶ᠎ᠡ ᠶᠢᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢᠶᠠᠷ ᠢᠶᠠᠨ ᠰᠢᠯᠭᠠᠯᠲᠠ ᠶᠢᠨ ᠲᠠᠯᠠᠪᠠᠢ ᠳᠤ ᠣᠷᠣᠵᠤ᠂ ᠰᠢᠯᠭᠠᠯᠲᠠ ᠶᠢᠨ ᠪᠤᠰᠤ ᠡᠳ᠋ ᠪᠣᠳᠠᠰ ᠢᠶᠠᠨ ︽ᠰᠢᠯᠭᠠᠯᠲᠠ ᠶᠢᠨ ᠪᠤᠰᠤ ᠡᠳ᠋ ᠪᠣᠳᠠᠰ ᠢ ᠲᠦᠷ ᠲᠠᠯᠪᠢᠬᠤ ᠭᠠᠵᠠᠷ︾᠎ ᠲᠤ ᠲᠠᠯᠪᠢᠭᠰᠠᠨ ᠤ ᠳᠠᠷᠠᠭ᠎ᠠ᠂ ᠰᠢᠯᠭᠠᠯᠲᠠ ᠬᠢᠨᠠᠭᠴᠢ ᠪᠠᠷ ᠪᠡᠶ᠎ᠡ ᠶᠢᠨ ᠭᠡᠷᠡᠴᠢᠯᠡᠭᠡ ᠪᠠ ᠲᠡᠮᠦᠷᠯᠢᠭ ᠬᠠᠶᠢᠬᠤ ᠪᠠᠭᠠᠵᠢ ᠪᠠᠷ ᠪᠠᠶᠢᠴᠠᠭᠠᠯᠲᠠ ᠬᠢᠯᠭᠡᠨ᠎ᠡ᠃      ᠰᠢᠯᠭᠠᠯᠲᠠ ᠡᠬᠢᠯᠡᠭᠡᠳ 15 ᠮᠢᠨᠦ᠋ᠲ ᠪᠤᠯᠪᠠᠯ᠂ ᠬᠤᠵᠢᠮᠳᠠᠭᠰᠠᠨ ᠰᠢᠯᠭᠠᠭᠤᠯᠤᠭᠴᠢ ᠰᠢᠯᠭᠠᠯᠲᠠ ᠶᠢᠨ ᠲᠠᠯᠠᠪᠠᠢ ᠳᠤ ᠣᠷᠣᠵᠤ ᠪᠣᠯᠬᠤ ᠦᠭᠡᠢ᠃ ᠰᠢᠯᠭᠠᠭᠤᠯᠤᠭᠴᠢ ᠬᠡᠷᠪᠡ ᠰᠠᠬᠢᠯᠭ᠎ᠠ ᠪᠠᠲᠤ ᠶᠢ ᠵᠥᠷᠢᠴᠡᠭᠰᠡᠨ᠂ ᠬᠡᠮ ᠦᠶᠯᠡᠳᠬᠦ ᠵᠡᠷᠭᠡ ᠦᠢᠯᠡ ᠠᠵᠢᠯᠯᠠᠭ᠎ᠠ ᠲᠠᠢ ᠪᠠᠶᠢᠪᠠᠯ᠂ ᠰᠤᠷᠭᠠᠨ ᠬᠥᠮᠦᠵᠢᠯ ᠤᠨ ᠰᠢᠯᠭᠠᠯᠲᠠ ᠶᠢᠨ ᠪᠠᠶᠢᠭᠤᠯᠤᠮᠵᠢ ᠠᠴᠠ ᠬᠤᠯᠪᠣᠭᠳᠠᠯ ᠪᠦᠭᠦᠢ ᠲᠣᠭᠲᠠᠭᠠᠯ ᠶᠣᠰᠣᠭᠠᠷ ᠰᠢᠶᠳᠪᠦᠷᠢᠯᠡᠬᠦ ᠪᠥᠭᠡᠳ ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠶᠢᠨ ᠦᠨᠡᠨᠴᠢ ᠢᠲᠡᠭᠡᠮᠵᠢ ᠶᠢᠨ ᠳᠠᠩᠰᠠ ᠡᠪᠬᠡᠮᠡᠯ ᠳᠤ ᠲᠡᠮᠳᠡᠭᠯᠡᠵᠦ ᠤᠷᠤᠭᠤᠯᠤᠨ᠎ᠠ︔ ᠬᠠᠤᠯᠢ ᠠᠴᠠ ᠵᠥᠷᠢᠴᠡᠭᠰᠡᠨ ᠪᠤᠯ᠂ ᠰᠢᠯᠭᠠᠯᠲᠠ ᠶᠢᠨ ᠲᠠᠯᠠᠪᠠᠢ ᠪᠤᠶᠤ ᠰᠤᠷᠭᠠᠨ ᠬᠥᠮᠦᠵᠢᠯ ᠤᠨ ᠰᠢᠯᠭᠠᠯᠲᠠ ᠶᠢᠨ ᠪᠠᠶᠢᠭᠤᠯᠤᠮᠵᠢ ᠠᠴᠠ ᠲᠤᠬᠠᠶ ᠶᠢᠨ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ᠂ ᠬᠤᠯᠪᠣᠭᠳᠠᠯ ᠪᠦᠬᠦᠢ ᠬᠠᠤᠯᠢ ᠲᠣᠭᠲᠠᠭᠠᠯ ᠢᠶᠠᠷ ᠰᠢᠢᠳᠪᠦᠷᠢᠯᠡᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号