ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ 2017 ᠤᠨ ᠤ 7 ᠳ᠋ᠤᠭᠠᠷ ᠤᠳᠠᠭ᠎ᠠ ᠶᠢᠨ ᠪᠠᠶᠢᠡᠭᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2017/4/17
     4 ᠳ᠋ᠦ᠋ᠭᠡᠷ ᠰᠠᠷ᠎ᠠ ᠶᠢᠨ 14᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠬᠠᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠦᠷᠦᠭᠦᠦ ᠤᠯᠠᠷᠢᠯ ᠤᠨ ᠪᠦᠬᠦ ᠤᠷᠤᠨ ᠤ ᠠᠵᠤ ᠠᠬᠤᠢ ᠶᠢᠨ ᠪᠠᠶᠢᠳᠠᠯ ᠢ ᠵᠠᠳᠠᠯᠵᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠰᠤᠳᠤᠯᠵᠠᠢ᠃      ᠬᠤᠷᠠᠯ ᠠᠴᠠ ᠵᠢᠭᠠᠵᠤ ᠭᠠᠷᠭᠠᠬᠰᠠᠨ ᠨᠢ᠂ ᠲᠦᠷᠦᠭᠦᠦ ᠤᠯᠠᠷᠢᠯ ᠳᠤ ᠪᠦᠬᠦ ᠤᠷᠤᠨ ᠤ ᠠᠵᠤ ᠠᠬᠤᠢ ᠶᠢᠨ ᠡᠷᠬᠢᠯᠳᠡ ᠶᠢᠨ ᠡᠬᠢᠯᠡᠯᠳᠡ ᠨᠡᠯᠢᠶᠡᠳ ᠰᠠᠶᠢᠨ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠯᠠᠪᠳᠠᠭᠤᠨ ᠢᠶᠠᠷ ᠠᠬᠢᠵᠤ᠂ ᠪᠡᠯᠡ ᠤᠷᠤᠭᠤᠯᠤᠯᠳᠠ᠂ ᠬᠡᠷᠡᠭᠯᠡᠭᠡᠨ ᠤ ᠬᠡᠷᠡᠭᠴᠡᠭᠡ ᠲᠤᠬᠳᠠᠭᠤᠨ ᠢᠶᠠᠷ ᠨᠡᠮᠡᠭᠳᠡᠵᠦ᠂ ᠦᠭᠡᠷᠡᠴᠢᠯᠡᠯᠳᠡ ᠨᠡᠭᠡᠭᠡᠯᠳᠡ ᠲᠠᠰᠤᠷᠠᠯᠳᠠ ᠦᠭᠡᠢ ᠬᠦᠨᠵᠡᠭᠡᠶᠢᠷᠡᠵᠤ᠂ ᠡᠳ᠋ ᠤᠨ ᠵᠠᠰᠠᠭ ᠮᠦ᠋ᠩᠭᠦᠨ ᠬᠦᠢᠯᠭᠡᠭᠡ ᠲᠤᠬᠳᠠᠭᠤᠨ ᠤ ᠲᠤᠮᠳᠠ ᠰᠠᠶᠢᠵᠢᠷᠠᠵᠤ᠂ ᠠᠵᠤ ᠠᠬᠤᠶᠢᠯᠠᠯ ᠤᠨ ᠠᠰᠢᠭ ᠤᠯᠵᠠᠪᠤᠷᠢ ᠨᠡᠯᠢᠶᠡᠳ ᠲᠦᠷᠭᠡᠨ ᠨᠡᠮᠡᠭᠳᠡᠵᠤ᠂ ᠠᠮᠢ ᠠᠬᠤᠢ ᠶᠢᠨ ᠤᠷᠴᠢᠨ ᠲᠤᠭᠤᠷᠢᠨ ᠦᠷᠭᠦᠯᠵᠢᠯᠡᠨ ᠰᠠᠶᠢᠵᠢᠷᠠᠨ᠂ ᠠᠷᠠᠳ ᠤᠨ ᠠᠮᠢᠳᠤᠷᠠᠯ ᠤᠨ ᠠᠵᠢᠯ ᠦᠷᠭᠦᠯᠵᠢᠯᠡᠨ ᠴᠢᠩᠭᠠᠷᠠᠵᠣ᠂ ᠪᠦᠬᠦ ᠵᠢᠯ ᠤᠨ ᠡᠯ᠎ᠠ ᠵᠦᠢᠯ ᠤᠨ ᠬᠠᠷᠠᠯᠳᠠ ᠡᠭᠦᠷᠭᠡ ᠶᠢ ᠪᠡᠶᠡᠯᠡᠭᠦᠯᠭᠦ ᠳᠤ ᠰᠠᠶᠢᠨ ᠰᠠᠶᠢᠬᠠᠨ ᠨᠦᠬᠦᠴᠡᠯ ᠡᠭᠦᠳᠦᠨ ᠦᠭᠴᠡᠢ ᠬᠡᠪᠡ᠃      ᠬᠤᠷᠠᠯ ᠠᠴᠠ ᠴᠢᠬᠤᠯᠠᠴᠢᠯᠠᠬᠰᠠᠨ ᠨᠢ᠂ ᠲᠤᠬᠳᠠᠭᠤᠨ ᠤ ᠲᠤᠮᠳᠠ ᠤᠷᠤᠬᠰᠢᠯᠠᠨ ᠳᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠳᠤ ᠡᠵᠡᠮᠰᠢᠵᠤ᠂ ᠰᠢᠨ᠎ᠠ ᠬᠦᠭᠵᠢᠯᠳᠡ ᠶᠢᠨ ᠣᠨᠣᠯᠵᠢᠬᠤᠨ ᠪᠠ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢᠨ ᠱᠠᠭᠠᠷᠳᠠᠯᠭ᠎ᠠ ᠶᠤᠰᠤᠭᠠᠷ᠂ ᠦᠪᠡᠷᠳᠡᠭᠡᠨ ᠵᠠᠰᠠᠬᠤ ᠤᠷᠤᠨ ᠤ ᠪᠤᠳᠠᠲᠠᠢ ᠲᠠᠢ ᠪᠠᠨ ᠤᠶᠠᠯᠳᠤᠭᠤᠯᠤᠨ᠂ ᠤᠨᠤᠯ ᠢᠶᠠᠷ ᠵᠡᠪᠰᠡᠭᠯᠡᠭᠦ ᠶᠠᠪᠤᠳᠠᠯ ᠢ ᠴᠢᠨᠠᠭᠰᠢᠳᠠ ᠴᠢᠩᠭᠠᠷᠠᠭᠤᠯᠣᠨ ᠂ ᠠᠰᠠᠭᠤᠳᠠᠯ ᠤᠨ ᠤᠳᠤᠷᠢᠳᠤᠮᠵᠢ ᠶᠢ ᠴᠢᠨᠠᠭᠰᠢᠳᠠ ᠴᠢᠩᠭᠠᠷᠠᠭᠤᠯᠣᠨ᠂ ᠠᠵᠢᠯ ᠤᠨ ᠨᠡᠶᠢᠳᠡᠪᠦᠷᠢᠵᠢᠭᠤᠯᠤᠯᠳᠠ ᠶᠢ ᠴᠢᠨᠠᠬᠰᠢᠳᠠ ᠴᠢᠩᠭᠠᠷᠠᠭᠤᠯᠵᠤ᠂ ᠠᠵᠢᠯ ᠤᠨ ᠰᠠᠨᠠᠭᠠᠴᠢᠯᠠᠭᠠᠳᠦ ᠡᠷᠭᠡ ᠶᠢ ᠡᠵᠡᠮᠰᠢᠭᠦ ᠬᠡᠷᠡᠭᠳᠡᠢ᠃ ︽ᠭᠤᠷᠪᠠ ᠶᠢ ᠪᠠᠭᠠᠰᠬᠠᠵᠤ ᠨᠢᠭᠡ ᠶᠢ ᠪᠠᠭᠤᠷᠠᠭᠤᠯᠵᠤ ᠨᠢᠭᠡ ᠶᠢ ᠨᠦᠬᠦᠪᠦᠷᠢᠯᠡᠭᠦ︾ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠤ᠂ ᠵᠠᠬ᠎ᠠ ᠲᠡᠯᠭᠡᠭᠦᠷᠵᠢᠭᠰᠡᠨ᠂ ᠬᠠᠤᠯᠢᠵᠢᠬᠰᠠᠨ ᠠᠷᠭ᠎ᠠ ᠪᠠᠷᠢᠯ ᠢ ᠨᠡᠩ ᠢᠯᠡᠭᠦᠦ ᠬᠡᠷᠡᠭᠯᠡᠨ ᠦᠯᠡᠭᠦᠳᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠪᠠᠭᠠᠰᠬᠠᠵᠤ᠂ ᠤᠯᠤᠰ ᠠᠴᠠ ᠪᠠᠭᠤᠯᠭᠠᠬᠰᠠᠨ ᠡᠭᠦᠷᠭᠡ ᠶᠢ ᠪᠡᠶᠡᠯᠡᠭᠦᠯᠭᠦ ᠶᠢ ᠦᠨᠡᠨᠬᠦ ᠪᠠᠳᠤᠯᠠᠬᠤ ᠬᠡᠷᠡᠭᠳᠡᠢ᠃ ᠮᠠᠯ ᠠᠵᠤ ᠠᠬᠤᠢ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠯᠠᠪᠳᠠᠭᠤᠨ ᠪᠠᠳᠤᠳᠠᠢ ᠰᠠᠶᠢᠳᠤᠷ ᠬᠢᠵᠤ᠂ ᠬᠠᠪᠤᠷ ᠤᠨ ᠲᠠᠷᠢᠶᠠᠯᠠᠭ᠎ᠠ᠂ ᠲᠦᠯ ᠲᠤᠰᠬᠤ ᠂ ᠲᠡᠷᠢᠮᠠᠯ ᠲᠡᠵᠢᠭᠡᠪᠦᠷᠢ ᠶᠢᠨ ᠪᠦᠳᠦᠴᠡ ᠶᠢ ᠳᠣᠬᠢᠷᠠᠭᠤᠯᠬᠤ ᠵᠢᠴᠢ ᠭᠡᠮ ᠬᠢᠵᠢᠭ ᠢ ᠰᠡᠷᠬᠡᠶᠢᠯᠡᠨ ᠡᠵᠡᠮᠳᠡᠬᠦ᠂ ᠨᠤᠳᠤᠭ ᠪᠡᠯᠴᠢᠭᠡᠷ ᠤᠢ ᠰᠢᠭᠤᠢ ᠶᠢᠨ ᠲᠦᠢᠮᠡᠷ ᠢ ᠰᠡᠷᠭᠡᠶᠢᠯᠡᠬᠦ ᠵᠡᠷᠭᠡ ᠠᠵᠢᠯ ᠢ ᠰᠠᠶᠢᠳᠤᠷ ᠬᠢᠭᠦ ᠬᠡᠷᠡᠭᠳᠡᠢ᠃ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢᠨ ᠰᠢᠵᠢᠷ ᠠᠯᠳᠠᠨ ᠴᠠᠭ ᠬᠤᠭᠤᠴᠠᠭ᠎ᠠ ᠶᠢ ᠠᠮᠵᠢᠵᠣ᠂ ᠮᠦᠷᠳᠡᠨ ᠲᠤᠬᠢᠷᠠᠭᠤᠯᠬᠤ ᠠᠵᠢᠯ ᠢ ᠴᠢᠩᠭᠠᠳᠬᠠᠨ᠂ ᠦᠢᠯᠡᠴᠢᠯᠡᠭᠡ ᠪᠤᠯᠤᠨ ᠬᠦᠴᠦᠨ ᠵᠦᠢᠯ ᠤᠨ ᠪᠠᠳᠤᠯᠠᠭ᠎ᠠ ᠶᠢ ᠴᠢᠩᠭᠠᠷᠠᠭᠤᠯᠵᠤ᠂ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠬᠤ ᠬᠡᠷᠡᠭᠳᠡᠢ᠃ ᠭᠤᠤᠯᠳᠠᠯᠭ᠎ᠠ ᠲᠠᠢ ᠬᠦᠷᠢᠶᠡᠨ ᠳᠠᠬᠢ ᠦᠭᠡᠷᠡᠴᠢᠯᠡᠯᠳᠡ ᠶᠢ ᠪᠦᠬᠦ ᠬᠦᠴᠦᠨ ᠢᠶᠠᠷ ᠰᠠᠶᠢᠳᠤᠷ ᠠᠳᠬᠤᠵᠤ᠂ ᠡᠯ᠎ᠠ ᠵᠦᠢᠯ ᠤᠨ ᠦᠭᠡᠷᠡᠴᠢᠯᠡᠯᠳᠡ ᠶᠢᠨ ᠤᠨᠤᠪᠴᠢᠳᠠᠢ ᠨᠡᠶᠢᠳᠡᠪᠦᠷᠢᠵᠢᠭᠤᠯᠤᠬᠳᠠᠨ᠂ ᠪᠤᠳᠠᠳᠤ ᠦᠷ᠎ᠠ ᠪᠦᠳᠦᠮᠵᠢ ᠤᠯᠬᠤ ᠶᠢ ᠠᠬᠢᠭᠤᠯᠬᠤ ᠬᠡᠷᠡᠭᠳᠡᠢ᠃ ︽ᠪᠠᠭᠤᠯᠭᠠᠬᠤ ᠬᠠᠮᠢᠶᠠᠷᠬᠤ ᠦᠢᠯᠡᠴᠢᠯᠡᠭᠦ︾ ᠦᠭᠡᠷᠡᠴᠢᠯᠡᠯᠳᠡ ᠶᠢ ᠲᠤᠪᠤᠶᠢᠯᠭᠠᠨ ᠰᠠᠶᠢᠳᠤᠷ ᠠᠳᠬᠤᠵᠤ᠂ ᠨᠠᠷᠢᠨ ᠲᠠᠩᠰᠨ ᠶᠢᠨ ᠬᠠᠮᠢᠶᠠᠷᠤᠯᠳᠠ ᠶᠢ ᠲᠦᠷᠭᠡᠳᠭᠡᠨ ᠠᠬᠢᠭᠤᠯᠵᠤ᠂ ᠨᠠᠷᠢᠯᠢᠬᠵᠢᠭᠤᠯᠬᠤ᠂ ᠵᠢᠷᠤᠮᠵᠢᠭᠤᠯᠬᠤ᠂ ᠠᠷᠠᠳ ᠲᠤ ᠲᠦᠭᠦᠮ ᠪᠤᠯᠭᠠᠬᠤ ᠲᠠᠯ᠎ᠠ ᠪᠠᠷ ᠬᠦᠴᠦ ᠤᠷᠤᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪᠰᠢᠨ ᠢ ᠲᠡᠭᠡᠭᠰᠢᠯᠡᠭᠦᠯᠭᠦ ᠬᠡᠷᠡᠭᠳᠡᠢ ᠬᠡᠪᠡ᠃      ᠬᠤᠷᠠᠯ ᠠᠴᠠ ᠱᠠᠭᠠᠷᠳᠠᠬᠰᠠᠨ ᠨᠢ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠨᠡᠶᠢᠭᠡᠮ ᠤᠨ ᠡᠶ᠎ᠡ ᠵᠤᠬᠢᠴᠠᠩᠭᠤᠢ ᠲᠤᠬᠳᠠᠭᠤᠨ ᠢ ᠬᠠᠮᠠᠭᠠᠯᠠᠬᠤ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠭᠦ ᠬᠡᠷᠡᠭᠳᠡᠢ᠃ ᠭᠤᠤᠯᠳᠠᠯᠭ᠎ᠠ ᠲᠠᠢ ᠠᠷᠠᠳ ᠤᠨ ᠠᠮᠢᠳᠤᠷᠠᠯ ᠤᠨ ᠢᠨᠵᠧᠨᠧᠷᠢᠩ ᠪᠠ ᠡᠯ᠎ᠠ ᠵᠦᠢᠯ ᠤᠨ ᠠᠷᠠᠳ ᠤᠨ ᠠᠮᠢᠳᠤᠷᠠᠯ ᠤᠨ ᠪᠤᠳᠠᠳᠦ ᠶᠠᠪᠤᠳᠠᠯ ᠢ ᠰᠠᠶᠢᠳᠤᠷ ᠠᠳᠬᠤᠵᠤ᠂ ᠤᠯᠠᠨ ᠨᠡᠶᠢᠳᠡ ᠶᠢᠨ ᠦᠢᠯᠡᠴᠢᠯᠡᠭᠡᠨ ᠤ ᠲᠦᠪᠰᠢᠨ ᠢ ᠴᠢᠷᠮᠠᠶᠢᠨ ᠲᠡᠭᠡᠭᠰᠢᠯᠡᠭᠦᠯᠭᠦ ᠬᠡᠷᠡᠭᠳᠡᠢ᠃ ᠲᠤᠶᠢᠯ ᠶᠢᠨ ᠣᠨᠣᠪᠴᠢᠲᠠᠢ ᠪᠠᠷ ᠶᠠᠳᠠᠭᠤ ᠶᠢ ᠲᠡᠳᠭᠦᠭᠦ᠂ ᠲᠤᠶᠢᠯ ᠶᠢᠨ ᠣᠨᠣᠪᠴᠢᠲᠠᠢ ᠎ ᠪᠠᠷ ᠶᠠᠳᠠᠭᠤ ᠠᠴᠠ ᠠᠩᠬᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠵᠢᠯ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠳᠤᠯᠠᠬᠤ ᠬᠡᠷᠡᠭᠳᠡᠢ᠃ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠬᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠡᠶᠢᠳᠡᠪᠦᠷᠢᠵᠢᠭᠤᠯᠬᠤ ᠠᠵᠢᠯ ᠢ ᠰᠠᠶᠢᠳᠤᠷ ᠠᠳᠬᠤᠵᠤ᠂ ᠠᠶᠤᠯ ᠦᠭᠡᠢ ᠦᠢᠯᠡᠳᠪᠦᠷᠢᠯᠡᠯ ᠢ ᠬᠢᠨᠠᠨ ᠬᠠᠮᠢᠶᠠᠷᠬᠤ ᠡᠷᠴᠢᠮ ᠢᠶᠠᠨ ᠴᠢᠨᠠᠬᠰᠢᠳᠠ ᠴᠢᠩᠭᠠᠷᠠᠭᠤᠯᠵᠣ᠂ ᠨᠡᠶᠢᠭᠡᠮ ᠤᠨ ᠵᠦᠷᠢᠴᠡᠯ ᠲᠠᠷᠤᠭᠳᠠᠮᠠᠯ ᠬᠡᠷᠡᠭ ᠢ ᠠᠷᠢᠯᠭᠠᠬᠤ ᠠᠵᠢᠯ ᠢ ᠲᠦᠪᠯᠡᠷᠡᠭᠦᠯᠦᠨ ᠦᠷᠨᠢᠭᠦᠯᠵᠤ᠂ ᠨᠡᠶᠢᠭᠡᠮ ᠤᠨ ᠲᠤᠬᠳᠠᠭᠤᠨ ᠢ ᠦᠨᠡᠨᠭᠦ ᠬᠠᠮᠠᠭᠠᠯᠠᠬᠤ ᠬᠡᠷᠡᠭᠳᠡᠢ᠃ ᠡᠨᠡ ᠵᠢᠯ ᠦᠪᠡᠷᠳᠡᠭᠡᠨ ᠵᠠᠰᠠᠬᠤ ᠤᠷᠤᠨ ᠣᠯᠠᠨ ᠠᠷᠪᠢᠨ ᠴᠢᠬᠤᠯᠠ ᠠᠵᠢᠯᠯᠠᠭ᠎ᠠ ᠦᠷᠨᠢᠭᠦᠯᠭᠦ ᠪᠤᠯᠤᠨ᠎ᠠ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠢᠨ ᠲᠡᠭᠡᠳᠦ ᠬᠡᠮᠵᠢᠶᠠᠨ ᠤ ᠤᠯᠤᠰ ᠲᠦᠷᠦ ᠶᠢᠨ ᠬᠠᠷᠢᠭᠤᠴᠠᠯᠭᠠᠳᠦ ᠰᠡᠳᠬᠢᠯᠭᠡ ᠪᠠᠷ᠂ ᠨᠠᠷᠢᠯᠢᠭ ᠵᠤᠬᠢᠶᠠᠨ ᠪᠠᠶᠢᠭᠤᠯᠤᠨ᠂ ᠨᠢᠮᠪᠠᠢ ᠲᠤᠬᠢᠷᠠᠭᠤᠯᠵᠤ᠂ ᠦᠪᠦᠷ ᠮᠤᠩᠭᠤᠯ ᠤᠨ ᠰᠠᠶᠢᠨ ᠰᠠᠶᠢᠬᠠᠨ ᠲᠦᠷᠢ ᠲᠦᠷᠭᠦ ᠶᠢ ᠭᠠᠶᠢᠬᠠᠭᠤᠯᠵᠣ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠳᠡ ᠲᠠᠢ ᠬᠤᠷᠠᠯᠳᠤᠬᠤ ᠶᠢ ᠤᠬᠳᠤᠵᠤ᠂ ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠬᠰᠨᠨ 70 ᠵᠢᠯ ᠤᠨ ᠤᠢ ᠶᠢ ᠪᠡᠯᠭᠡᠯᠡᠭᠦ ᠬᠡᠷᠡᠭᠳᠡᠢ ᠬᠡᠵᠡᠢ᠃  
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号