ᠪᠦᠭᠦ ᠤᠷᠤᠨ ᠤ ᠠᠷᠠᠳ ᠤᠨ ᠠᠭᠠᠷ ᠤᠨ ᠰᠡᠷᠭᠡᠶᠢᠯᠡᠯᠳᠡ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2017/4/17
     4 ᠳ᠋ᠦ᠋ᠭᠡᠷ ᠰᠠᠷ᠎ᠠ ᠶᠢᠨ 13 ᠤ ᠦᠳᠡ ᠶᠢᠨ ᠡᠮᠦᠨ᠎ᠠ᠂ ᠪᠦᠭᠦ ᠤᠷᠤᠨ ᠤ ᠠᠷᠠᠳ ᠤᠨ ᠠᠭᠠᠷ ᠤᠨ ᠰᠡᠷᠭᠡᠶᠢᠯᠡᠯᠳᠡ ᠶᠢᠨ ᠬᠤᠷᠠᠯ ᠬᠦᠬᠡᠬᠤᠳᠠ ᠳᠤ ᠬᠤᠷᠠᠯᠳᠤᠪᠠ᠃ ᠬᠤᠷᠠᠯ ᠠᠴᠠ ᠡᠮᠦᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠸᠡᠭ ᠬᠤᠷᠠᠯ ᠳᠤ ᠤᠷᠤᠯᠴᠠᠬᠰᠠᠨ ᠲᠦᠯᠦᠭᠡᠯᠡᠭᠴᠢᠳ ᠲᠠᠢ ᠠᠭᠤᠯᠵᠠᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ᠂ ᠦᠪᠤᠷ ᠮᠤᠩᠭᠤᠯ ᠤᠨ ᠴᠡᠷᠢᠭ ᠤᠨ ᠲᠤᠭᠤᠷᠢᠭ ᠤᠨ ᠺᠣᠮᠠᠨᠳᠠᠯᠠᠭᠴᠢ ᠯᠸᠡᠭ ᠵᠢᠶᠧ ᠰᠦᠡᠭ ᠠᠭᠤᠯᠵᠠᠯᠳᠠ ᠳᠤ ᠤᠷᠤᠯᠴᠠᠬᠰᠠᠨ ᠪᠦᠭᠡᠳ ᠬᠤᠷᠠᠯ ᠳᠤ ᠤᠷᠤᠯᠴᠠᠵᠠᠢ᠃        ᠯᠢ ᠵᠢᠢ ᠾᠸᠡᠭ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠢ ᠲᠦᠯᠦᠭᠡᠯᠡᠨ ᠬᠤᠷᠠᠯ ᠳᠤ ᠤᠷᠤᠯᠴᠠᠬᠰᠠᠨ ᠲᠦᠯᠦᠭᠡᠯᠡᠭᠴᠢᠳ ᠪᠠ ᠪᠦᠭᠦ ᠤᠷᠤᠨ ᠤ ᠠᠷᠠᠳ ᠤᠨ ᠠᠭᠠᠷ ᠤᠨ ᠰᠡᠷᠭᠡᠶᠢᠯᠡᠯᠳᠡ ᠶᠢᠨ ᠹᠷᠤᠨᠲ ᠤᠨ ᠦᠷᠭᠡᠨ ᠤᠯᠠᠨ ᠺᠠᠳ᠋ᠷ ᠠᠵᠢᠯᠳᠠᠨ ᠢ ᠴᠢᠩ ᠰᠡᠳᠭᠢᠯ ᠠᠴᠠ ᠪᠠᠨ ᠬᠠᠯᠠᠮᠵᠢᠯᠠᠵᠦ ᠪᠠᠶᠢᠬᠤ ᠪᠠᠨ ᠢᠯᠡᠷᠭᠡᠶᠢᠯᠡᠵᠦ᠂ ᠱᠠᠩᠨᠠᠯ ᠬᠦᠷᠳᠡᠭᠰᠡᠨ ᠲᠡᠷᠢᠭᠦᠨ ᠤ ᠬᠠᠮᠳᠤ ᠪᠠ ᠬᠤᠪᠢ ᠬᠦᠮᠦᠨ ᠳᠤ ᠬᠠᠯᠠᠭᠤᠨ ᠪᠠᠶᠠᠷ ᠬᠦᠷᠭᠡᠪᠡ᠃ ᠲᠡᠷᠡ ᠵᠢᠭᠠᠵᠦ ᠭᠠᠷᠭᠠᠬᠰᠠᠨ ᠨᠢ᠂ ᠤᠢᠢᠷ᠎ᠠ ᠶᠢᠨ ᠵᠢᠯ ᠳᠤ᠂ ᠮᠠᠨ ᠤ ᠤᠷᠤᠨ ᠤ ᠠᠷᠠᠳ ᠤᠨ ᠠᠭᠠᠷ ᠤᠨ ᠰᠡᠷᠭᠡᠶᠢᠯᠡᠯᠳᠡ ᠶᠢᠨ ᠦᠢᠯᠡᠰ ᠢᠯᠡᠷᠭᠡᠢ ᠠᠮᠵᠢᠯᠳᠠ ᠪᠦᠲᠦᠮᠵᠢ ᠣᠯᠵᠣ᠂ ᠪᠦᠭᠦ ᠤᠷᠤᠨ ᠤ ᠠᠵᠦ ᠠᠬᠤᠢ ᠨᠡᠶᠢᠭᠡᠮ ᠤᠨ ᠬᠦᠭᠵᠢᠯᠳᠠ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠡᠯ᠎ᠠ ᠱᠠᠳᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠪᠠ ᠴᠡᠷᠢᠭ ᠤᠨ ᠶᠠᠪᠤᠳᠠᠯ ᠤᠨ ᠪᠠᠶᠢᠭᠤᠯᠭ᠎ᠠ ᠶᠡᠷᠦᠩᠭᠡᠢ ᠱᠦᠵᠢ ᠰᠢ ᠶᠢᠨ ᠫᠢᠡᠭ ᠤᠨ ᠠᠷᠠᠳ ᠤᠨ ᠠᠭᠠᠷ ᠤᠨ ᠰᠡᠷᠭᠡᠶᠢᠯᠡᠯᠳᠡ ᠶᠢᠨ ᠠᠵᠢᠯ ᠤᠨ ᠲᠤᠬᠠᠢ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠪᠠ ᠲᠤᠯᠤᠳᠤᠭᠠᠷ ᠣᠳᠠᠭ᠎ᠠ ᠶᠢᠨ ᠪᠦᠭᠦ ᠤᠯᠤᠰ ᠤᠨ ᠠᠷᠠᠳ ᠤᠨ ᠠᠭᠠᠷ ᠤᠨ ᠰᠡᠷᠭᠡᠶᠢᠯᠡᠯᠳᠡ ᠶᠢᠨ ᠬᠤᠷᠠᠯ ᠤᠨ ᠵᠤᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠤᠱᠯᠠᠭᠤᠯᠵᠦ᠂ ᠠᠷᠠᠳ ᠤᠨ ᠠᠭᠠᠷ ᠤᠨ ᠰᠡᠷᠭᠡᠶᠢᠯᠡᠯᠳᠡ ᠠᠷᠠᠳ ᠲᠦᠮᠡᠨ ᠤ ᠲᠦᠯᠦᠭᠡ ᠪᠠᠶᠢᠬᠤ ᠶᠢ ᠪᠠᠷᠢᠮᠳᠠᠯᠠᠵᠦ᠂ ᠪᠦᠬᠦᠯᠢ ᠴᠤᠬᠴᠠ ᠶᠢᠨ ᠤᠯᠤᠰ ᠤᠨ ᠠᠮᠤᠷ ᠲᠦᠪᠰᠢᠨ ᠤ ᠦᠵᠡᠯᠳᠡ ᠶᠢ ᠬᠢᠨᠠᠮᠠᠭᠠᠢ ᠲᠤᠤᠱᠯᠠᠭᠤᠯᠵᠦ᠂ ᠲᠠᠶᠢᠨ ᠤ ᠦᠶ᠎ᠠ ᠳᠤ ᠠᠭᠠᠷ ᠤᠨ ᠰᠡᠷᠭᠡᠶᠢᠯᠡᠯᠳᠡ ᠬᠢᠵᠦ᠂ ᠡᠩ ᠤᠨ ᠦᠶ᠎ᠠ ᠳᠤ ᠦᠢᠯᠡᠴᠢᠯᠡᠭᠡ ᠬᠢᠵᠦ᠂ ᠪᠠᠴᠢᠮ ᠪᠠᠶᠢᠳᠠᠯ ᠢ ᠠᠷᠭᠠᠴᠠᠬᠤ ᠳᠤ ᠲᠤᠰᠠᠯᠠᠮᠵᠢ ᠦᠵᠡᠭᠦᠯᠭᠦ ᠲᠤᠰᠢᠶᠠᠯ ᠬᠠᠷᠢᠭᠤᠴᠠᠯᠭ᠎ᠠ ᠲᠡᠤᠭᠡᠳᠤ ᠡᠭᠦᠷᠭᠡ ᠪᠠᠨ ᠪᠦᠲᠦᠮᠵᠢᠳᠠᠢ ᠭᠦᠢᠴᠡᠳᠭᠡᠵᠦ᠂ ᠡᠭᠡ ᠤᠯᠤᠰ ᠤᠨ ᠤᠮᠠᠷᠠᠳᠤ ᠬᠢᠵᠠᠭᠠᠷ ᠤᠨ ᠠᠷᠠᠳ ᠢᠶᠠᠨ ᠬᠠᠮᠠᠭᠠᠯᠠᠬᠤ ᠡᠪᠳᠡᠷᠡᠰᠢ ᠦᠭᠡᠢ ᠪᠡᠳᠤ ᠪᠠᠭᠢ ᠪᠠᠮᠪᠠᠢ ᠶᠢ ᠴᠤᠬᠴᠠᠯᠠᠬᠤ ᠬᠡᠷᠡᠭᠳᠡᠢ᠃ ᠨᠢᠭᠡᠲᠦᠯᠳᠡᠢ ᠲᠦᠯᠦᠪᠵᠢᠭᠦᠯᠦᠨ ᠲᠦᠯᠦᠪᠯᠡᠭᠦ ᠶᠢ ᠰᠠᠶᠢᠳᠤᠷ ᠠᠳᠬᠤᠵᠦ᠂ ᠠᠷᠠᠳ ᠤᠨ ᠠᠭᠠᠷ ᠤᠨ ᠰᠡᠷᠭᠡᠶᠢᠯᠡᠯᠳᠡ ᠶᠢᠨ ᠲᠦᠯᠦᠪᠵᠢᠭᠦᠯᠭᠡ ᠪᠠ ᠠᠵᠦ ᠠᠬᠤᠢ ᠨᠡᠶᠢᠭᠡᠮ ᠤᠨ ᠬᠦᠭᠵᠢᠯᠳᠠ ᠶᠢᠨ ᠲᠦᠯᠦᠪᠵᠢᠭᠦᠯᠭᠡ ᠶᠢ ᠬᠠᠷᠢᠯᠴᠠᠨ ᠨᠢᠭᠡᠲᠦᠯᠳᠡᠢ ᠪᠠᠶᠢᠯᠭᠠᠵᠣ᠂ ᠠᠷᠠᠳ ᠤᠨ ᠠᠭᠠᠷ ᠤᠨ ᠰᠡᠷᠭᠡᠶᠢᠯᠡᠯᠳᠡ ᠶᠢᠨ ᠪᠦᠲᠦᠭᠡᠨ ᠪᠠᠶᠢᠭᠤᠯᠤᠯᠳᠠ ᠪᠠ ᠬᠤᠳᠠ ᠶᠢᠨ ᠪᠦᠲᠦᠭᠡᠨ ᠪᠠᠶᠢᠭᠤᠯᠤᠯᠳᠠ ᠶᠢ ᠢᠵᠢᠯ ᠠᠯᠬᠤᠮ ᠪᠠᠶᠢᠯᠭᠠᠵᠦ᠂ ᠲᠠᠶᠢᠨ ᠤ ᠦᠶ᠎ᠠ ᠶᠢᠨ ᠠᠭᠠᠷ ᠤᠨ ᠰᠡᠷᠭᠡᠶᠢᠯᠡᠯᠳᠡ ᠶᠢᠨ ᠴᠢᠳᠠᠪᠬᠢ ᠪᠠ ᠤᠯᠠᠨ ᠨᠡᠶᠢᠳᠡ ᠶᠢᠨ ᠦᠢᠯᠡᠴᠢᠯᠡᠭᠡ ᠶᠢᠨ ᠦᠢᠯᠡᠳᠤᠯ᠂ ᠪᠠᠴᠢᠮ ᠪᠠᠶᠢᠳᠠᠯ ᠢ ᠠᠷᠭᠠᠴᠠᠵᠦ ᠠᠪᠤᠷᠠᠨ ᠲᠤᠰᠠᠯᠠᠵᠦ ᠲᠤᠯᠭᠠᠭᠤᠷᠢᠯᠠᠬᠤ ᠦᠢᠯᠡᠳᠤᠯ ᠢ ᠤᠶᠠᠯᠳᠤᠭᠤᠯᠵᠦ᠂ ᠠᠷᠠᠳ ᠤᠨ ᠠᠭᠠᠷ ᠤᠨ ᠰᠡᠷᠭᠡᠶᠢᠯᠡᠯᠳᠡ ᠶᠢᠨ ᠪᠦᠲᠦᠭᠡᠨ ᠪᠠᠶᠢᠭᠤᠯᠤᠯᠳᠠ ᠶᠢᠨ ᠲᠠᠶᠢᠨ ᠳᠤ ᠪᠡᠯᠡᠳᠭᠡᠭᠦ ᠦᠷ᠎ᠠ ᠠᠰᠢᠭ᠂ ᠠᠵᠦ ᠠᠬᠤᠢ ᠶᠢᠨ ᠦᠷ᠎ᠠ ᠠᠰᠢᠭ ᠪᠠ ᠨᠡᠶᠢᠭᠡᠮ ᠤᠨ ᠦᠷ᠎ᠠ ᠠᠰᠢᠭ ᠢ ᠲᠡᠭᠡᠭᠰᠢᠯᠡᠭᠦᠯᠭᠦ ᠬᠡᠷᠡᠭᠳᠡᠢ᠃ ᠦᠭᠡᠷᠡᠴᠢᠯᠠᠯᠳᠠ ᠬᠢᠵᠦ ᠰᠢᠨ᠎ᠠ ᠶᠢ ᠡᠭᠦᠳᠭᠦ ᠶᠢ ᠬᠦᠨᠵᠡᠭᠡᠶᠢᠷᠡᠭᠦᠯᠵᠦ᠂ ᠰᠢᠨ᠎ᠠ ᠬᠦᠭᠵᠢᠯᠳᠠ ᠶᠢᠨ ᠣᠨᠣᠯᠵᠢᠬᠤᠨ ᠢ ᠪᠤᠢ ᠪᠤᠯᠭᠠᠨ ᠨᠠᠶᠢᠳᠠᠪᠤᠷᠢᠵᠢᠭᠤᠯᠵᠦ᠂ ᠠᠷᠠᠳ ᠤᠨ ᠠᠭᠠᠷ ᠤᠨ ᠰᠡᠷᠭᠡᠶᠢᠯᠡᠯᠳᠡ ᠶᠢᠨ ᠪᠦᠲᠦᠭᠡᠨ ᠪᠠᠶᠢᠭᠤᠯᠤᠯᠳᠠ ᠶᠢᠨ ᠬᠦᠭᠵᠢᠯᠳᠠ ᠶᠢᠨ ᠠᠷᠭ᠎ᠠ ᠬᠡᠯᠪᠡᠷᠢ ᠶᠢ ᠲᠦᠷᠭᠡᠳᠭᠡᠨ ᠬᠤᠪᠢᠷᠠᠭᠤᠯᠵᠦ᠂ ᠴᠡᠷᠢᠭ ᠤᠨ ᠬᠡᠷᠡᠭᠯᠡᠭᠡ ᠪᠠ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠣᠨ ᠬᠦᠭᠵᠢᠭᠦᠯᠬᠦ ᠪᠠᠶᠢᠯᠳᠤᠬᠤ ᠪᠤᠳᠤᠯᠭ᠎ᠠ ᠶᠢ ᠬᠦᠨᠵᠡᠭᠡᠢ ᠬᠡᠷᠡᠭᠵᠢᠭᠦᠯᠵᠦ᠂ ᠠᠷᠠᠳ ᠤᠨ ᠠᠭᠠᠷ ᠤᠨ ᠰᠡᠷᠭᠡᠶᠢᠯᠡᠯᠳᠡ ᠶᠢᠨ ᠵᠠᠬ᠎ᠠ ᠲᠡᠯᠭᠡᠭᠦᠷᠵᠢᠬᠦ ᠦᠭᠡᠷᠡᠴᠢᠯᠠᠯᠳᠠ ᠶᠢ ᠠᠬᠢᠭᠤᠯᠵᠦ᠂ ᠠᠷᠠᠳ ᠤᠨ ᠠᠭᠠᠷ ᠤᠨ ᠰᠡᠷᠭᠡᠶᠢᠯᠡᠯᠳᠡ ᠶᠢᠨ ᠦᠢᠯᠡᠰ ᠤᠨ ᠨᠡᠩ ᠴᠢᠨᠠᠷᠯᠢᠭ᠂ ᠨᠡᠩ ᠦᠷ᠎ᠡ ᠪᠦᠲᠦᠮᠵᠢᠳᠠᠢ᠂ ᠨᠡᠩ ᠦᠷᠭᠦᠯᠵᠢᠯᠡᠭᠦ ᠬᠦᠭᠵᠢᠯᠳᠠ ᠶᠢ ᠪᠡᠶᠡᠯᠡᠭᠦᠯᠭᠦ ᠶᠢ ᠠᠬᠢᠭᠤᠯᠬᠤ ᠬᠡᠷᠡᠭᠳᠡᠢ᠃ ᠵᠤᠬᠢᠶᠠᠨ ᠪᠠᠶᠢᠭᠤᠯᠣᠯᠳᠠ ᠶᠢᠨ ᠤᠳᠤᠷᠢᠳᠣᠯᠭ᠎ᠠ ᠪᠠᠨ ᠴᠢᠩᠭᠠᠳᠬᠠᠵᠦ᠂ ᠴᠡᠷᠢᠭ ᠵᠠᠰᠠᠬ ᠬᠠᠮᠳᠤᠪᠠᠷ ᠤᠳᠤᠷᠢᠳᠬᠤ ᠲᠠᠪᠠᠭᠤᠯᠢᠭ ᠢ ᠭᠦᠢᠴᠡᠳ ᠪᠠᠳᠠᠷᠠᠭᠤᠯᠵᠦ᠂ ᠮᠠᠨ ᠤ ᠤᠷᠤᠨ ᠤ ᠠᠷᠠᠳ ᠤᠨ ᠠᠭᠠᠷ ᠤᠨ ᠰᠡᠷᠭᠡᠶᠢᠯᠡᠯᠳᠡ ᠶᠢᠨ ᠦᠢᠯᠡᠰ ᠤᠨ ᠰᠢᠨ᠎ᠠ ᠪᠠᠶᠢᠳᠠᠯ ᠢ ᠲᠠᠰᠤᠷᠠᠯᠳᠠ ᠦᠭᠡᠢ ᠨᠡᠭᠡᠭᠡᠭᠦ ᠬᠡᠷᠡᠭᠳᠡᠢ ᠬᠡᠪᠡ᠃      ᠪᠦ᠋ ᠰᠢᠶᠤᠤ ᠯᠢᠨ ᠶᠠᠷᠢᠶᠠᠨ ᠳᠠᠭᠠᠨ ᠵᠢᠭᠠᠵᠦ ᠭᠠᠷᠭᠠᠬᠰᠠᠨ ᠨᠢ᠂ ︽ᠲᠦᠷᠪᠡᠨ ᠤᠬᠠᠮᠰᠠᠷ︾ ᠢ ᠪᠠᠳᠤ ᠪᠠᠭᠢ ᠪᠣᠢ ᠪᠣᠯᠭᠠᠵᠣ᠂ ᠰᠢᠨ᠎ᠠ ᠬᠦᠭᠵᠢᠯᠳᠠ ᠶᠢᠨ ᠣᠨᠣᠯᠵᠢᠬᠤᠨ ᠪᠠ ︽ᠲᠠᠶᠢᠨ ᠤ ᠦᠶ᠎ᠠ ᠳᠤ ᠠᠭᠠᠷ ᠤᠨ ᠰᠡᠷᠭᠡᠶᠢᠯᠡᠯᠳᠡ ᠬᠢᠵᠦ᠂ ᠡᠩ ᠤᠨ ᠦᠶ᠎ᠠ ᠳᠤ ᠦᠢᠯᠡᠴᠢᠯᠡᠭᠡ ᠬᠢᠵᠦ᠂ ᠪᠠᠴᠢᠮ ᠪᠠᠶᠢᠳᠠᠯ ᠢ ᠠᠷᠭᠠᠴᠠᠬᠤ ᠳᠤ ᠲᠤᠰᠠᠯᠠᠮᠵᠢ ᠦᠵᠡᠭᠦᠯᠭᠦ︾ ᠱᠠᠭᠠᠷᠳᠠᠯᠭ᠎ᠠ ᠶᠤᠰᠤᠭᠠᠷ᠂ ᠠᠷᠠᠳ ᠤᠨ ᠠᠭᠠᠷ ᠤᠨ ᠰᠡᠷᠭᠡᠶᠢᠯᠡᠯᠳᠡ ᠶᠢᠨ ᠬᠦᠭᠵᠢᠯᠳᠠ ᠶᠢᠨ ᠠᠷᠭ᠎ᠠ ᠬᠡᠯᠪᠡᠷᠢ ᠶᠢ ᠲᠦᠷᠭᠡᠳᠭᠡᠨ ᠬᠤᠪᠢᠷᠠᠭᠤᠯᠵᠦ᠂ ᠠᠵᠦ ᠠᠬᠤᠢ ᠨᠡᠶᠢᠭᠡᠮ ᠲᠠᠢ ᠬᠦᠨᠵᠡᠭᠡᠢ ᠠᠭᠤᠰᠤᠯᠴᠠᠭᠤᠯᠤᠨ ᠬᠦᠭᠵᠢᠭᠦᠯᠭᠦ ᠬᠡᠷᠡᠭᠳᠡᠢ᠃ ᠠᠷᠠᠳ ᠤᠨ ᠠᠭᠠᠷ ᠤᠨ ᠰᠡᠷᠭᠡᠶᠢᠯᠡᠯᠳᠡ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠳᠠ ᠶᠢᠨ ᠲᠦᠯᠦᠪᠵᠢᠭᠦᠯᠭᠡ ᠶᠢ ᠰᠠᠶᠢᠳᠤᠷ ᠨᠠᠶᠢᠷᠠᠭᠤᠯᠬᠤ ᠪᠦᠭᠡᠳ ᠬᠤᠳᠠ ᠶᠢᠨ ᠶᠡᠷᠦᠩᠭᠡᠢ ᠲᠦᠯᠦᠪᠵᠢᠭᠦᠯᠭᠡ ᠪᠠ ᠭᠠᠵᠠᠷ ᠲᠤᠤᠷᠠᠬᠢ ᠤᠷᠤᠨ ᠵᠠᠢ ᠶᠢ ᠨᠡᠭᠡᠭᠡᠨ ᠠᠰᠢᠬᠯᠠᠬᠤ ᠲᠤᠰᠬᠠᠢ ᠲᠦᠯᠦᠪᠵᠢᠭᠦᠯᠭᠡ ᠳᠤ ᠤᠷᠤᠭᠤᠯᠵᠦ᠂ ᠠᠷᠠᠳ ᠤᠨ ᠠᠭᠠᠷ ᠤᠨ ᠰᠡᠷᠭᠡᠶᠢᠯᠡᠯᠳᠡ ᠪᠠ ᠬᠤᠳᠠ ᠶᠢᠨ ᠪᠦᠲᠦᠭᠡᠨ ᠪᠠᠶᠢᠭᠤᠯᠤᠯᠳᠠ ᠶᠢ ᠵᠤᠬᠢᠴᠠᠩᠭᠤᠢ ᠪᠠᠷ ᠬᠦᠭᠵᠢᠬᠦᠯᠬᠦ ᠶᠢ ᠠᠬᠢᠭᠤᠯᠬᠤ ᠬᠡᠷᠡᠭᠳᠡᠢ᠃ ᠴᠢᠬᠤᠯᠠ ᠠᠵᠦ ᠠᠬᠤᠢ ᠶᠢᠨ ᠬᠠᠷᠠᠯᠳᠠ ᠶᠢ ᠰᠡᠷᠭᠡᠶᠢᠯᠡᠨ ᠬᠠᠮᠠᠭᠠᠯᠠᠬᠤ ᠪᠦᠲᠦᠭᠡᠨ ᠪᠠᠶᠢᠭᠤᠯᠤᠯᠳᠠ ᠶᠢ ᠴᠢᠩᠭᠠᠳᠬᠠᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠳᠠ ᠪᠠ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠢᠵᠢᠯ ᠠᠯᠬᠤᠮ ᠢᠶᠠᠷ ᠨᠠᠶᠢᠳᠠᠪᠤᠷᠢᠵᠢᠭᠤᠯᠬᠤ ᠶᠢ ᠪᠠᠳᠤᠯᠠᠬᠤ ᠬᠡᠷᠡᠭᠳᠡᠢ᠃ ᠠᠷᠠᠳ ᠤᠨ ᠠᠭᠠᠷ ᠤᠨ ᠰᠡᠷᠭᠡᠶᠢᠯᠡᠯᠳᠡ ᠶᠢᠨ ᠡᠭᠢ ᠪᠠᠶᠠᠯᠢᠭ ᠤᠨ ᠤᠯᠠᠨ ᠨᠡᠶᠢᠳᠡ ᠶᠢᠨ ᠦᠢᠯᠡᠴᠢᠯᠡᠭᠡ ᠶᠢᠨ ᠦᠢᠯᠡᠳᠤᠯ ᠪᠠ ᠪᠠᠴᠢᠮ ᠪᠠᠶᠢᠳᠠᠯ ᠢ ᠠᠷᠭᠠᠴᠠᠬᠤ ᠳᠤ ᠲᠤᠰᠠᠯᠠᠮᠵᠢ ᠦᠵᠡᠭᠦᠯᠭᠦ ᠦᠢᠯᠡᠳᠤᠯ ᠢ ᠰᠠᠶᠢᠳᠤᠷ ᠪᠠᠳᠠᠷᠠᠭᠤᠯᠬᠤ ᠶᠢ ᠬᠦᠨᠳᠦᠳᠭᠡᠵᠦ᠂ ᠨᠡᠶᠢᠭᠡᠮ ᠤᠨ ᠬᠦᠴᠦᠨ ᠤ ᠠᠷᠠᠳ ᠤᠨ ᠠᠭᠠᠷ ᠤᠨ ᠰᠡᠷᠭᠡᠶᠢᠯᠡᠯᠳᠡ ᠶᠢᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠳᠠ ᠡᠵᠡᠩᠨᠡᠯᠳᠡ ᠬᠠᠮᠢᠶᠠᠷᠤᠯᠳᠠ ᠳᠤ ᠤᠷᠤᠯᠴᠠᠬᠤ ᠶᠢ ᠵᠤᠷᠢᠬᠵᠢᠭᠤᠯᠣᠨ ᠬᠦᠳᠦᠯᠦᠨ ᠵᠢᠯᠣᠭᠤᠳᠬᠤ ᠬᠡᠷᠡᠭᠳᠡᠢ᠃ ᠴᠡᠷᠢᠭ ᠵᠠᠰᠠᠬ ᠤᠨ ᠬᠠᠮᠳᠤ ᠶᠢᠨ ᠤᠳᠤᠷᠢᠳᠤᠯᠭ᠎ᠠ ᠶᠢ ᠪᠠᠷᠢᠮᠳᠠᠯᠠᠵᠦ᠂ ᠪᠠᠳᠤᠯᠠᠪᠤᠷᠢ ᠲᠡᠮᠵᠢᠯᠭᠡ ᠪᠠ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠣ᠂ ᠴᠤᠬᠭᠠᠷ ᠠᠳᠬᠤᠨ ᠬᠠᠮᠳᠤᠪᠠᠷ ᠬᠠᠮᠢᠶᠠᠷᠬᠤ ᠰᠠᠶᠢᠨ ᠰᠠᠶᠢᠬᠠᠨ ᠪᠠᠶᠢᠳᠠᠯ ᠢ ᠪᠦᠷᠢᠯᠳᠦᠭᠦᠯᠭᠦ ᠬᠡᠷᠡᠭᠳᠡᠢ ᠬᠡᠪᠡ᠃        ᠯᠸᠡᠭ ᠵᠢᠶᠧ ᠰᠦᠡᠭ ᠵᠢᠭᠠᠵᠦ ᠭᠠᠷᠭᠠᠬᠰᠠᠨ ᠨᠢ᠂ ᠨᠠᠮ ᠤᠨ ᠲᠦᠪ ᠬᠤᠷᠢᠶ᠎ᠠ᠂ ᠶᠡᠷᠦᠩᠭᠡᠢ ᠱᠦᠵᠢ ᠰᠢ ᠶᠢᠨ ᠫᠢᠡᠭ ᠤᠨ ᠪᠠᠶᠢᠯᠳᠤᠬᠤ ᠪᠤᠳᠤᠯᠭ᠎ᠠ ᠶᠢᠨ ᠰᠠᠨᠠᠭ᠎ᠠ ᠵᠤᠷᠢᠯᠭ᠎ᠠ ᠶᠢ ᠬᠦᠨᠵᠡᠭᠡᠢ ᠤᠢᠢᠯᠠᠭᠠᠵᠦ᠂ ᠠᠷᠠᠳ ᠤᠨ ᠠᠭᠠᠷ ᠤᠨ ᠰᠡᠷᠭᠡᠶᠢᠯᠡᠯᠳᠡ ᠶᠢᠨ ᠴᠡᠷᠢᠭ ᠤᠨ ᠶᠠᠪᠤᠳᠠᠯ ᠤᠨ ᠲᠡᠮᠡᠴᠡᠯ ᠤᠨ ᠪᠡᠯᠡᠳᠭᠡᠯ ᠢ ᠦᠷᠭᠦᠯᠵᠢᠯᠠᠨ ᠬᠦᠨᠵᠡᠭᠡᠶᠢᠷᠡᠭᠦᠯᠵᠦ᠂ ᠵᠢᠯᠤᠭᠤᠳᠬᠤ ᠰᠢᠰᠲ᠋ᠧᠮᠵᠢ᠂ ᠬᠦᠴᠦᠨ ᠤ ᠰᠢᠰᠲ᠋ᠧᠮᠵᠢ᠂ ᠪᠠᠷᠢᠯᠭ᠎ᠠ ᠶᠢᠨ ᠰᠢᠰᠲ᠋ᠧᠮᠵᠢ ᠢ ᠬᠦᠴᠦᠷᠭᠡᠭᠵᠢᠭᠦᠯᠦᠨ ᠪᠠᠶᠢᠭᠤᠯᠬᠤ ᠬᠡᠷᠡᠭᠳᠡᠢ᠃ ᠴᠡᠷᠢᠭ ᠤᠨ ᠬᠡᠷᠡᠭᠯᠡᠭᠡ ᠪᠠ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠣᠨ ᠬᠦᠭᠵᠢᠭᠦᠯᠬᠦ ᠪᠠᠶᠢᠯᠳᠤᠬᠤ ᠪᠤᠳᠤᠯᠭ᠎ᠠ ᠶᠢ ᠬᠦᠨᠵᠡᠭᠡᠢ ᠲᠤᠤᠱᠯᠠᠭᠤᠯᠵᠦ᠂ ᠠᠷᠠᠳ ᠤᠨ ᠠᠭᠠᠷ ᠤᠨ ᠰᠡᠷᠭᠡᠶᠢᠯᠡᠯᠳᠡ ᠶᠢᠨ ᠤᠳᠤᠭᠢᠴᠢᠯᠠᠬᠤ ᠪᠦᠲᠦᠭᠡᠨ ᠪᠠᠶᠢᠭᠤᠯᠤᠯᠳᠠ ᠶᠢᠨ ᠠᠬᠢᠴᠠ ᠶᠢ ᠰᠢᠨ᠎ᠠ ᠶᠢ ᠡᠭᠦᠳᠤᠨ ᠠᠬᠢᠭᠤᠯᠵᠦ᠂ ᠠᠷᠠᠳ ᠤᠨ ᠠᠮᠢᠳᠤᠷᠠᠯ ᠠᠵᠦ ᠠᠬᠤᠢ ᠳᠤ ᠦᠢᠯᠡᠴᠢᠯᠡᠭᠦ ᠶᠢ ᠬᠦᠨᠳᠦᠳᠭᠡᠵᠦ᠂ ᠤᠬᠠᠭᠤᠯᠭ᠎ᠠ ᠬᠦᠮᠦᠵᠢᠯ ᠢ ᠯᠠᠪᠳᠠᠭᠤᠨ ᠪᠠᠳᠣᠳᠠᠢ ᠰᠠᠶᠢᠳᠤᠷ ᠬᠢᠵᠦ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠲᠠᠰᠤᠷᠠᠯᠳᠠ ᠦᠭᠡᠢ ᠴᠢᠩᠭᠠᠳᠬᠠᠬᠤ ᠬᠡᠷᠡᠭᠳᠡᠢ ᠬᠡᠪᠡ᠃        ᠬᠤᠷᠠᠯ ᠲᠡᠭᠡᠷ᠎ᠠ ᠪᠦᠭᠦ ᠤᠷᠤᠨ ᠤ ᠠᠷᠠᠳ ᠤᠨ ᠠᠭᠠᠷ ᠤᠨ ᠰᠡᠷᠭᠡᠶᠢᠯᠡᠯᠳᠡ ᠶᠢᠨ ᠲᠡᠷᠢᠭᠦᠨ ᠤ ᠪᠠᠶᠢᠭᠤᠯᠭ᠎ᠠ ᠨᠢᠭᠡᠴᠡ᠂ ᠲᠡᠷᠢᠭᠦᠨ ᠤ ᠬᠤᠪᠢ ᠬᠦᠮᠦᠨ ᠪᠠ ᠲᠡᠷᠢᠭᠦᠨ ᠤ ᠠᠵᠢᠯᠳᠠᠨ ᠢ ᠬᠦᠭᠢᠬᠦᠯᠦᠨ ᠰᠠᠶᠢᠰᠢᠶᠠᠪᠠ᠃        ᠯᠦᠸᠧ ᠶᠦᠡᠭ ᠭᠠᠨᠭ᠌ ᠠᠭᠤᠯᠵᠠᠯᠳᠠ ᠳᠤ ᠤᠷᠤᠯᠴᠠᠵᠦ᠂ ᠮᠠ ᠮᠢᠩ ᠠᠵᠢᠯ ᠤᠨ ᠮᠡᠳᠡᠭᠦᠯᠦᠯᠳᠡ ᠭᠢᠵᠦ᠂ ᠽᠠᠩ ᠶᠦᠡᠭ ᠺᠠᠢ ᠠᠭᠤᠯᠵᠠᠯᠳᠠ ᠳᠤ ᠤᠷᠤᠯᠴᠠᠬᠰᠠᠨ ᠪᠦᠭᠡᠳ ᠬᠤᠷᠠᠯ ᠳᠤ ᠤᠷᠤᠯᠴᠠᠵᠠᠢ᠃  
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号