ᠤᠯᠠᠭᠠᠨᠬᠠᠳᠠ ᠬᠤᠲᠠ ᠡᠯ᠎ᠡ ᠲᠦᠷᠦᠯ ᠤᠨ ᠰᠤᠷᠭᠠᠨ ᠬᠥᠮᠦᠵᠢᠯ ᠢ ᠨᠢᠭᠡᠳᠦᠯᠲᠡᠶ ᠲᠥᠯᠥᠪᠯᠡᠨ ᠬᠥᠭᠵᠢᠭᠦᠯᠬᠦ ᠶᠢ ᠠᠬᠢᠭᠤᠯᠬᠤ ᠪᠠᠷ ᠪᠤᠢ
ᠨᠡᠶᠢᠲᠡᠯᠡᠭᠰᠡᠨ ᠴᠠᠭ᠄
2017/4/18
      2017 ᠣᠨ ᠳᠤ᠂ ᠤᠯᠠᠭᠠᠨᠬᠠᠳᠠ ᠬᠤᠲᠠ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠦᠬᠡᠳ ᠤᠨ ᠴᠡᠴᠡᠷᠯᠢᠭ ᠢ ᠶᠡᠬᠡᠪᠡᠷ ᠬᠥᠭᠵᠢᠭᠦᠯᠵᠦ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠥᠷᠭᠡᠳᠬᠡᠬᠦ ᠪᠠᠷ ᠪᠠᠶᠢᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢ ᠠᠬᠢᠭᠤᠯᠵᠤ᠂ 5 ᠬᠤᠰᠢᠭᠤ ᠰᠢᠶᠠᠨ ᠲᠣᠭᠤᠷᠢᠭ ᠢ ᠤᠯᠤᠰ ᠤᠨ ᠦᠨᠡᠯᠡᠯᠲᠡ ᠳᠤ ᠪᠠᠲᠤᠯᠠᠭᠤᠯᠬᠤ ᠎ ᠪᠠᠷ ᠴᠢᠷᠮᠠᠶᠢᠨ᠎ᠠ᠃ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠴᠢᠨᠠᠷ ᠰᠠᠶᠢᠲᠠᠶ ᠥᠪᠡᠷᠮᠢᠴᠡ ᠤᠨᠴᠠᠯᠢᠭᠳᠠᠢ ᠣᠯᠠᠨ ᠶᠠᠩᠵᠤᠴᠢᠯᠠᠭᠰᠠᠨ ᠰᠤᠷᠭᠠᠭᠤᠯᠢ ᠪᠤᠯᠭᠠᠨ ᠪᠦᠳᠦᠭᠡᠨ ᠪᠠᠶᠢᠭᠤᠯᠬᠤ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠥᠬᠦ ᠬᠤᠲᠠ ᠶᠢᠨ ᠰᠠᠭᠤᠷᠢ ᠰᠤᠷᠭᠠᠨ ᠬᠥᠮᠦᠵᠢᠯ ᠢ ᠦᠰᠦᠷᠦᠯᠲᠡ ᠶᠢᠨ ᠴᠢᠨᠠᠷᠲᠠᠢ ᠳᠡᠰ ᠳᠡᠪᠰᠢᠬᠦᠯᠬᠦ ᠶᠢ ᠲᠦᠯᠬᠢᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠲᠤᠭᠤᠷᠢᠭ ᠤᠨ ᠪᠦᠳᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠤᠨ ᠪᠥᠳᠥᠭᠡᠨ ᠪᠠᠶᠢᠭᠤᠯᠤᠯᠲᠠ ᠶᠢ ᠲᠥᠯᠬᠢᠨ ᠠᠬᠢᠭᠤᠯᠵᠤ᠂ ᠤᠳᠤ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮᠵᠢ ᠶᠢ ᠲᠦᠷᠭᠡᠳᠭᠡᠨ ᠪᠠᠶᠢᠭᠤᠯᠤᠨ᠎ᠠ᠃ ᠤᠯᠠᠭᠠᠨᠬᠠᠳᠠ ᠳᠡᠭᠡᠳᠦ ᠰᠤᠷᠭᠠᠭᠤᠯᠢ ᠶᠢᠨ ᠬᠡᠷᠡᠭᠯᠡᠭᠡᠨ ᠤ ᠬᠡᠯᠪᠡᠷᠢ ᠶᠢᠨ ᠵᠢᠩᠬᠢᠨᠢ ᠠᠩᠭᠢ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠨᠢ ᠠᠬᠢᠭᠤᠯᠵᠤ᠂ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ᠦᠨᠳᠦᠰᠦᠲᠡᠨ ᠤ ᠰᠤᠷᠭᠠᠨ ᠬᠥᠮᠦᠵᠢᠯ ᠢ ᠡᠩ ᠲᠡᠷᠢᠭᠦᠨ ᠳᠤ ᠭᠤᠣᠯᠳᠠᠯᠭ᠎ᠠ ᠲᠠᠢ ᠬᠥᠭᠵᠢᠭᠦᠯᠵᠦ᠂ ᠦᠨᠳᠦᠰᠦᠲᠡᠨ ᠤ ᠰᠤᠷᠭᠠᠭᠤᠯᠢ ᠶᠢ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠢᠨᠵᠧᠨᠧᠷᠢᠩ ᠢ ᠪᠦᠬᠦ ᠬᠦᠴᠦ ᠪᠠᠷ ᠢᠶᠠᠨ ᠰᠠᠶᠢᠲᠤᠷ ᠬᠡᠷᠡᠭᠵᠢᠬᠦᠯᠦᠨ᠎ᠡ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ︽ᠰᠢᠯᠭᠠᠷᠠᠭᠰᠠᠨ ᠵᠠᠬᠢᠷᠤᠯ᠂ ᠨᠡᠷᠡᠲᠦ ᠰᠤᠷᠭᠠᠭᠤᠯᠢ︾᠎ ᠶᠢᠨ ᠠᠵᠢᠯᠯᠠᠭ᠎ᠠ ᠶᠢ ᠬᠡᠷᠡᠭᠵᠢᠬᠦᠯᠵᠤ᠂ ᠬᠤᠲᠠ ᠬᠥᠳᠡᠭᠡ ᠶᠢᠨ ᠰᠤᠷᠭᠠᠭᠤᠯᠢ ᠶᠢᠨ ᠵᠠᠬᠢᠷᠤᠯ ᠪᠤᠯᠤᠨ ᠪᠠᠭᠰᠢ ᠶᠢᠨ ᠠᠵᠢᠯ ᠤᠨ ᠪᠠᠶᠢᠷᠢ ᠶᠢ ᠡᠭᠡᠯᠵᠢᠯᠡᠭᠦᠯᠦᠨ ᠰᠤᠯᠢᠯᠴᠠᠭᠤᠯᠬᠤ ᠶᠢ ᠠᠬᠢᠭᠤᠯᠵᠤ᠂ ᠰᠤᠷᠭᠠᠨ ᠬᠥᠮᠦᠵᠢᠯ ᠤᠨ ᠡᠭᠦᠯᠡᠨ ᠲᠠᠪᠴᠠᠩ ᠢ ᠪᠠᠶᠢᠭᠤᠯᠵᠤ᠂ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠪᠠᠲᠤᠯᠠᠬᠤ ᠴᠢᠳᠠᠪᠤᠷᠢ ᠶᠢ ᠳᠡᠭᠡᠭᠰᠢᠯᠡᠬᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号