ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠬᠠᠪᠤᠷ ᠤᠨ ᠤᠯᠠᠷᠢᠯ ᠤᠨ ᠮᠠᠯ ᠠᠵᠤ ᠠᠬᠤᠢ ᠲᠠᠷᠢᠶᠠᠯᠠᠩ ᠤᠨ ᠦᠢᠯᠡᠳᠪᠦᠷᠢᠯᠡᠯ ᠵᠢᠴᠢ ᠨᠢᠭᠡᠳᠦᠭᠡᠷ ᠤᠯᠠᠷᠢᠯ ᠤᠨ ᠮᠠᠯ ᠠᠵᠤ ᠠᠬᠤᠢ ᠲᠠᠷᠢᠶᠠᠯᠠᠩ ᠤᠨ ᠠᠵᠢᠯ ᠢ ᠲᠤᠬᠢᠷᠠᠭᠤᠯᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2017/4/18
     4 ᠳ᠋ᠦ᠋ᠭᠡᠷ ᠰᠠᠷ᠎ᠠ ᠶᠢᠨ 16 ᠤ ᠡᠳᠦᠷ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠬᠠᠪᠤᠷ ᠤᠨ ᠤᠯᠠᠷᠢᠯ ᠤᠨ ᠮᠠᠯ ᠠᠵᠤ ᠠᠬᠤᠢ ᠲᠠᠷᠢᠶᠠᠯᠠᠩ ᠤᠨ ᠦᠢᠯᠡᠳᠪᠦᠷᠢᠯᠡᠯ ᠵᠢᠴᠢ ᠨᠢᠭᠡᠳᠦᠭᠡᠷ ᠤᠯᠠᠷᠢᠯ ᠤᠨ ᠮᠠᠯ ᠠᠵᠤ ᠠᠬᠤᠢ ᠲᠠᠷᠢᠶᠠᠯᠠᠩ ᠤᠨ ᠠᠵᠢᠯ ᠢ ᠲᠤᠬᠢᠷᠠᠭᠤᠯᠬᠤ ᠬᠤᠷᠠᠯ ᠢ ᠬᠤᠷᠠᠯᠳᠤᠭᠤᠯᠪᠠ᠃ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠵᠠᠩ ᠬᠤᠸᠠ ᠬᠤᠷᠠᠯ ᠳᠤ ᠤᠷᠤᠯᠴᠠᠨ ᠶᠠᠷᠢᠶ᠎ᠠ ᠲᠠᠯᠪᠢᠵᠠᠢ᠃      ᠵᠠᠩ ᠬᠤᠸᠠ᠂ ᠤᠳᠤᠬᠠᠨ ᠳᠤ ᠪᠦᠬᠦ ᠤᠷᠤᠨ ᠤ ᠬᠠᠪᠤᠷ ᠤᠨ ᠤᠯᠠᠷᠢᠯ ᠤᠨ ᠮᠠᠯ ᠠᠵᠤ ᠠᠬᠤᠢ ᠲᠠᠷᠢᠶᠠᠯᠠᠩ ᠤᠨ ᠦᠢᠯᠡᠳᠪᠦᠷᠢᠯᠡᠯ ᠵᠢᠴᠢ ᠮᠠᠯᠵᠢᠬᠤ ᠲᠠᠷᠢᠶᠠᠯᠠᠬᠤ ᠤᠷᠤᠨ ᠤ ᠭᠤᠤᠯᠳᠠᠯᠭ᠎ᠠ ᠲᠠᠢ ᠠᠵᠢᠯ ᠲᠤᠭᠳᠠᠭᠤᠨ ᠢᠶᠠᠷ ᠠᠬᠢᠵᠤ ᠪᠠᠶᠢᠨ᠎ᠠ᠂ ᠡᠯ᠎ᠠ ᠰᠠᠯᠠᠭ᠎ᠠ ᠮᠦᠴᠢᠷ᠂ ᠬᠠᠪᠤᠷ ᠤᠨ ᠤᠯᠡᠷᠢᠯ ᠤᠨ ᠮᠠᠯ ᠠᠵᠦ ᠠᠬᠤᠢ ᠳᠠᠷᠢᠶᠠᠯᠠᠩ ᠤᠨ ᠤᠶᠢᠯᠡᠳᠪᠤᠷᠢᠯᠡᠯ ᠤᠨ ᠴᠢᠬᠤᠯᠠ ᠴᠢᠨᠠᠷ ᠪᠠ ᠳᠤᠯᠭᠠᠮ᠎ᠠ ᠴᠢᠨᠠᠷ ᠢ ᠬᠦᠢᠴᠡᠳ ᠳᠠᠨᠢᠵᠦ᠂ ᠬᠠᠪᠤᠷ ᠤᠨ ᠤᠯᠠᠷᠢᠯ ᠤᠨ ᠮᠠᠯ ᠠᠵᠤ ᠠᠬᠤᠢ ᠲᠠᠷᠢᠶᠠᠯᠠᠩ ᠤᠨ ᠦᠢᠯᠡᠳᠪᠦᠷᠢᠯᠡᠯ ᠪᠠ ᠮᠠᠯᠵᠢᠬᠤ ᠲᠠᠷᠢᠶᠠᠯᠠᠬᠤ ᠤᠷᠤᠨ ᠤ ᠡᠯ᠎ᠠ ᠲᠦᠷᠦᠯ ᠤᠨ ᠭᠤᠤᠯᠳᠠᠯᠭ᠎ᠠ ᠲᠠᠢ ᠠᠵᠢᠯ ᠢ ᠯᠠᠪᠳᠠᠭᠤᠨ ᠪᠠᠳᠤᠳᠠᠢ ᠰᠠᠶᠢᠲᠤᠷ ᠬᠢᠬᠦ ᠬᠡᠷᠡᠭᠳᠡᠢ ᠭᠡᠵᠤ ᠵᠢᠭᠠᠵᠤ ᠭᠠᠷᠭᠠᠪᠠ᠃      ᠵᠠᠩ ᠬᠤᠸᠠ᠂ ᠮᠠᠯᠴᠢᠨ ᠲᠠᠷᠢᠶᠠᠴᠢᠨ ᠢ ᠢᠳᠡᠪᠬᠢᠳᠡᠢ ᠵᠢᠯᠤᠭᠤᠳᠴᠤ ᠲᠠᠷᠢᠵᠤ ᠲᠡᠵᠢᠭᠡᠬᠦ ᠪᠦᠳᠦᠴᠡ ᠳᠤ ᠰᠠᠶᠢᠲᠤᠷ ᠲᠤᠬᠢᠷᠠᠭᠤᠯᠤᠯᠳᠠ ᠬᠢᠵᠦ᠂ ᠲᠠᠷᠢᠶᠠᠯᠠᠩ ᠤᠨ ᠬᠡᠷᠡᠭᠰᠡᠯ ᠤᠨ ᠬᠠᠩᠭᠠᠯᠭ᠎ᠠ ᠶᠢ ᠰᠠᠶᠢᠲᠤᠷ ᠡᠵᠡᠮᠰᠢᠨ ᠲᠤᠬᠢᠷᠠᠭᠤᠯᠵᠤ᠂ ᠬᠠᠪᠤᠷ ᠤᠨ ᠤᠯᠠᠷᠢᠯ ᠤᠨ ᠮᠠᠯ ᠠᠵᠤ ᠠᠬᠤᠢ ᠲᠠᠷᠢᠶᠠᠯᠠᠩ ᠤᠨ ᠦᠢᠯᠡᠳᠪᠦᠷᠢᠯᠡᠯ ᠳᠤ ᠰᠢᠯᠢᠳᠡᠭ ᠰᠠᠶᠢᠨ ᠦᠢᠯᠡᠴᠢᠯᠡᠭᠡ ᠪᠤᠯᠤᠨ ᠪᠠᠳᠤᠯᠠᠭ᠎ᠠ ᠬᠠᠩᠭᠠᠬᠤ ᠬᠡᠷᠡᠭᠳᠡᠢ᠃ ᠮᠤᠳᠤ ᠲᠠᠷᠢᠵᠤ ᠤᠶᠢᠵᠢᠭᠤᠯᠬᠤ᠂ ᠨᠤᠳᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠵᠤᠭᠰᠤᠭᠠᠬᠤ ᠪᠤᠯᠤᠨ ᠪᠡᠯᠴᠢᠭᠡᠷ ᠢ ᠰᠡᠷᠭᠦᠭᠡᠭᠦ᠂ ᠤᠢ ᠰᠢᠭᠤᠢ ᠨᠤᠳᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠵᠢᠯ ᠢ ᠰᠠᠶᠢᠲᠤᠷ ᠠᠳᠬᠤᠵᠤ᠂ ᠭᠠᠩ ᠢ ᠰᠡᠷᠭᠡᠶᠢᠯᠡᠬᠦ ᠠᠵᠢᠯ ᠢ ᠤᠷᠢᠳᠴᠢᠯᠡᠨ ᠲᠦᠰᠦᠪᠯᠡᠵᠦ ᠰᠠᠶᠢᠲᠤᠷ ᠠᠳᠬᠤᠬᠤ ᠬᠡᠷᠡᠭᠳᠡᠢ᠃ ᠮᠠᠯᠴᠢᠨ ᠲᠠᠷᠢᠶᠠᠴᠢᠨ ᠬᠢᠭᠡᠳ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠤᠭᠠᠨ ᠤ ᠲᠤᠭᠳᠠᠴᠠ ᠶᠢ ᠤᠯᠠᠮ ᠴᠢᠨᠠᠬᠰᠢᠳᠠ ᠪᠠᠳᠤᠳᠬᠠᠬᠤ ᠪᠠ ᠲᠡᠭᠦᠯᠳᠡᠷᠵᠢᠭᠦᠯᠵᠦ᠂ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰᠵᠢᠯᠳᠡ ᠶᠢᠨ ᠬᠢᠷᠢ ᠲᠦᠪᠰᠢᠨ ᠢ ᠲᠡᠭᠡᠭᠰᠢᠯᠡᠭᠦᠯᠬᠦ ᠬᠡᠷᠡᠭᠳᠡᠢ᠃ ᠤᠨᠢᠨ ᠲᠡᠭᠡᠷ᠎ᠠ ᠨᠢ ᠶᠠᠳᠠᠭᠤ ᠶᠢ ᠲᠡᠳᠬᠦᠬᠦ᠂ ᠤᠨᠢᠨ ᠲᠡᠭᠡᠷ᠎ᠠ ᠨᠢ ᠶᠠᠳᠠᠭᠤ ᠠᠴᠠ ᠠᠩᠬᠢᠵᠢᠷᠠᠭᠤᠯᠬᠤ ᠠᠵᠢᠯ ᠢ ᠰᠠᠶᠢᠲᠤᠷ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠤ ᠵᠢᠯ ᠤᠨ ᠡᠭᠦᠷᠭᠡ ᠪᠠᠨ ᠲᠡᠭᠦᠰ ᠠᠮᠵᠢᠯᠳᠠᠳᠠᠢ ᠪᠡᠶᠡᠯᠡᠭᠦᠯᠬᠦ ᠬᠡᠷᠡᠭᠳᠡᠢ᠃ ᠮᠠᠯᠵᠢᠬᠤ ᠲᠠᠷᠢᠶᠠᠯᠠᠬᠤ ᠤᠷᠤᠨ ᠤ ᠡᠯ᠎ᠠ ᠲᠦᠷᠦᠯ ᠤᠨ ᠭᠤᠤᠯᠳᠠᠯᠭ᠎ᠠ ᠲᠠᠢ ᠦᠭᠡᠷᠡᠴᠢᠯᠡᠯᠳᠡ ᠶᠢ ᠭᠦᠨᠵᠡᠭᠡᠶᠢᠷᠡᠭᠦᠯᠵᠦ᠂ ᠮᠠᠯ ᠠᠵᠤ ᠠᠬᠤᠢ ᠲᠠᠷᠢᠶᠠᠯᠠᠩ ᠪᠤᠯᠤᠨ ᠮᠠᠯᠵᠢᠬᠤ ᠲᠠᠷᠢᠶᠠᠯᠠᠬᠤ ᠤᠷᠤᠨ ᠤ ᠰᠢᠨ᠎ᠠ ᠬᠦᠳᠡᠯᠭᠡᠬᠦ ᠴᠢᠳᠠᠪᠤᠷᠢ ᠶᠢ ᠴᠢᠩᠭᠠᠳᠬᠠᠬᠤ ᠬᠡᠷᠡᠭᠳᠡᠢ ᠭᠡᠵᠤ ᠱᠠᠭᠠᠷᠳᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号