4 ᠳ᠋ᠤᠭᠡᠷ ᠰᠠᠷ᠎ᠠ ᠶᠢᠨ 18 ᠤ ᠡᠳᠦᠷ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠳᠡᠳ᠋ | ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠤᠯᠠᠭᠠᠨᠬᠠᠳᠠ ᠳᠤ ᠪᠠᠶᠢᠴᠠᠭᠠᠨ | ᠰᠤᠳᠤᠯᠤᠯᠳᠠ ᠬᠢᠪᠠ᠃ ᠲᠡᠷᠡ ᠴᠢᠬᠤᠯᠠᠴᠢᠯᠠᠭᠰᠠᠨ ᠨᠢ᠂ ᠨᠠᠮ ᠤᠨ ᠠᠷᠪᠡᠨ ᠨᠠᠢᠮᠠᠳᠤᠭᠠᠷ ᠬᠤᠭᠤᠴᠠᠭᠠᠨ ᠤ ᠲᠦᠪ | ᠬᠤᠷᠢᠶ᠎ᠠ ᠶᠢᠨ ᠵᠢᠷᠭᠤᠳᠤᠭᠠᠷ ᠪᠦᠬᠦᠳᠠ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠦ᠂ | ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠰᠢᠢᠳᠪᠤᠷᠢᠳᠦ ᠪᠤᠳᠤᠯᠭ᠎ᠠ | ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ | ᠬᠦᠴᠦᠯᠡᠴᠡ ᠪᠠᠨ ᠨᠡᠮᠡᠭᠳᠡᠬᠦᠯᠵᠦ᠂ ᠨᠡᠶᠢᠭᠡᠮ ᠤᠨ ᠦᠢᠯᠡᠰ ᠤᠨ ᠬᠦᠭᠵᠢᠯᠳᠠ ᠶᠢ ᠪᠦᠬᠦ ᠲᠠᠯ᠎ᠠ ᠪᠠᠷ ᠠᠬᠢᠭᠤᠯᠵᠦ᠂ | ᠬᠦᠭᠵᠢᠯᠳᠠ ᠶᠢᠨ ᠦᠷ᠎ᠠ ᠪᠦᠳᠦᠭᠡᠯ ᠢ ᠪᠦᠬᠦ ᠠᠷᠠᠳ ᠲᠦᠮᠡᠨ ᠳᠤ ᠬᠦᠷᠳᠡᠭᠡᠬᠦ ᠭᠡᠷᠡᠭᠲᠡᠢ ᠬᠡᠪᠡ᠃ ᠦᠪᠡᠷᠲᠡᠭᠡᠨ | ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠭᠡᠰᠢᠬᠦᠨ᠂ ᠨᠢᠭᠡᠳᠦᠮᠡᠯ ᠹᠷᠤᠨᠲ ᠤᠨ ᠭᠡᠯᠳᠡᠰ ᠤᠨ | ᠳᠠᠷᠤᠭ᠎ᠠ ᠸᠠᠩ ᠯᠢ ᠰᠢᠶᠠ ᠪᠠᠷ᠎ᠠ ᠪᠤᠯᠤᠯᠴᠠᠨ ᠪᠠᠶᠢᠴᠠᠭᠠᠨ ᠰᠤᠳᠤᠯᠪᠠ᠃ | ᠪᠦ᠋ ᠰᠢᠶᠤᠤ ᠯᠢᠨ ᠦᠨᠳᠦᠰᠦᠨ ᠱᠠᠳᠤᠨ ᠤ ᠡᠮ ᠡᠮᠨᠡᠯᠭᠡ ᠡᠷᠡᠬᠦᠯ ᠬᠠᠮᠠᠭᠠᠯᠠᠯ ᠤᠨ ᠠᠵᠢᠯ ᠢ ᠳᠡᠭᠡᠳᠦ | ᠭᠡᠮᠵᠢᠶ᠎ᠠ ᠪᠠᠷ ᠴᠢᠬᠤᠯᠠᠴᠢᠯᠠᠵᠦ᠂ ᠰᠦᠩᠱᠠᠨ ᠲᠤᠭᠤᠷᠢᠭ ᠤᠨ ᠳ᠋ᠠᠩ ᠫᠦ᠋ ᠳ᠋ᠢ ᠮᠠᠨᠵᠤ ᠦᠨᠳᠦᠰᠦᠳᠡᠨ ᠤ ᠰᠢᠶᠠᠩ ᠤᠨ | ᠰᠢᠩ ᠯᠦᠩ ᠵᠤᠸᠠᠩ ᠲᠤᠰᠬᠤᠨ ᠤ ᠡᠷᠡᠬᠦᠯ ᠬᠠᠮᠠᠭᠠᠯᠠᠯ ᠤᠨ ᠳᠠᠰᠤᠭ ᠪᠠ ᠴᠢᠤᠸᠠᠨ ᠨᠢᠩ ᠵᠡᠭᠡᠯᠢ ᠭᠤᠳᠤᠮᠵᠢ ᠶᠢᠨ | ᠨᠡᠶᠢᠭᠡᠮ ᠲᠤᠭᠤᠷᠢᠭ ᠤᠨ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠲᠦᠪ ᠲᠤ᠂ ᠦᠨᠳᠦᠰᠦᠨ ᠱᠠᠳᠤᠨ ᠤ ᠡᠷᠡᠬᠦᠯ | ᠬᠠᠮᠠᠭᠠᠯᠠᠯ ᠤᠨ ᠳᠠᠰᠤᠭ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠤᠶᠢᠯᠠᠭᠠᠪᠠ᠃ ᠲᠡᠷᠡ | ᠴᠢᠬᠤᠯᠠᠴᠢᠯᠠᠭᠰᠠᠨ ᠨᠢ᠂ ᠡᠮ ᠡᠮᠨᠡᠯᠭᠡ ᠶᠢᠨ ᠡᠬᠢ ᠪᠠᠶᠠᠯᠢᠭ ᠤᠨ ᠲᠤᠬᠢᠷᠠᠭᠤᠯᠤᠯᠳᠠ ᠶᠢ ᠴᠢᠨᠠᠬᠰᠢᠳᠠ | ᠰᠢᠯᠢᠳᠡᠭᠵᠢᠬᠦᠯᠵᠦ᠂ ᠡᠮ ᠡᠮᠨᠡᠯᠭᠡ ᠶᠢᠨ ᠲᠤᠨᠤᠭ ᠲᠦᠬᠦᠭᠡᠷᠤᠮᠵᠢ ᠶᠢᠨ ᠤᠷᠤᠭᠤᠯᠤᠯᠳᠠ ᠶᠢ ᠨᠡᠮᠡᠭᠳᠡᠬᠦᠯᠵᠦ᠂ ᠡᠮ | ᠡᠮᠨᠡᠯᠭᠡ ᠶᠢᠨ ᠦᠢᠯᠡᠴᠢᠯᠡᠭᠡᠨ ᠤ ᠬᠡᠪᠴᠢᠶ᠎ᠠ ᠶᠢ ᠦᠷᠭᠡᠳᠭᠡᠵᠦ᠂ ᠡᠮ ᠤᠨ ᠵᠦᠢᠯᠡᠰ ᠤᠨ ᠲᠦᠷᠦᠯ ᠵᠦᠢᠯ ᠢ | ᠡᠯᠪᠡᠭᠵᠢᠬᠦᠯᠵᠦ᠂ ᠬᠤᠳᠠ ᠬᠦᠳᠡᠭᠡ ᠶᠢᠨ ᠦᠨᠳᠦᠰᠦᠨ ᠱᠠᠳᠤᠨ ᠤ ᠡᠮ ᠡᠮᠨᠡᠯᠭᠡ ᠶᠢᠨ ᠦᠢᠯᠡᠴᠢᠯᠡᠭᠡᠨ ᠤ | ᠰᠢᠰᠲ᠋ᠧᠮ ᠤᠨ ᠦᠢᠯᠡᠴᠢᠯᠡᠭᠡᠨ ᠤ ᠲᠦᠪᠰᠢᠨ ᠪᠠ ᠴᠢᠳᠠᠪᠤᠷᠢ ᠶᠢ ᠳᠡᠭᠡᠭᠰᠢᠯᠡᠬᠦᠯᠬᠦ ᠭᠡᠷᠡᠭᠲᠡᠢ᠃ ᠡᠮ ᠡᠮᠨᠡᠯᠭᠡ ᠶᠢᠨ | ᠠᠵᠢᠯ ᠲᠦᠷᠦᠯ ᠤᠨ ᠮᠡᠳᠡᠭᠡ ᠵᠠᠩᠬᠢᠵᠢᠯᠳᠠ ᠶᠢᠨ ᠲᠦᠪᠰᠢᠨ ᠢ ᠳᠡᠭᠡᠭᠰᠢᠯᠡᠬᠦᠯᠵᠦ᠂ ︵ᠠᠯᠤᠰ ᠡᠵᠡᠮᠳᠡᠬᠦᠷᠳᠦ | ᠤᠨᠤᠰᠢᠯᠠᠨ ᠡᠮᠨᠡᠬᠦ ᠮᠡᠷᠭᠡᠵᠢᠯ ᠤᠨ ᠳᠠᠪᠠᠭᠤᠯᠢᠭ ᠢ ᠬᠦᠢᠴᠡᠳ ᠪᠠᠳᠠᠷᠠᠭᠤᠯᠵᠦ᠂ ᠤᠯᠠᠨ ᠲᠦᠮᠡᠨ ᠢ ᠪᠠᠭ᠎ᠠ ᠵᠤᠭᠤᠰ | ᠵᠠᠷᠤᠴᠠᠭᠤᠯᠵᠦ᠂ ᠴᠦᠭᠡᠨ ᠬᠦᠶᠦᠯᠭᠡᠵᠦ᠂ ᠡᠪᠡᠳᠴᠢᠨ ᠢᠶᠠᠨ ᠰᠠᠶᠢᠲᠤᠷ ᠡᠮᠨᠡᠬᠦᠯᠬᠦ ᠶᠢ ᠪᠡᠶᠡᠯᠡᠬᠦᠯᠬᠦ ᠭᠡᠷᠡᠭᠲᠡᠢ | ᠬᠡᠵᠠᠢ᠃ | ᠪᠦ᠋ ᠰᠢᠶᠤᠤ ᠯᠢᠨ ᠰᠤᠷᠭᠠᠨ ᠬᠦᠮᠦᠵᠢᠯ ᠤᠨ ᠠᠵᠢᠯ ᠢ ᠮᠠᠰᠢᠳᠠ ᠬᠠᠯᠠᠮᠵᠢᠯᠠᠵᠦ᠂ ᠤᠷᠢᠳ ᠬᠤᠵᠢᠳ | ᠤᠯᠠᠭᠠᠨᠬᠠᠳᠠ ᠶᠢᠨ ᠮᠤᠩᠭᠤᠯ ᠦᠨᠳᠦᠰᠦᠳᠡᠨ ᠤ ᠳᠤᠮᠳᠠᠳᠤ ᠰᠤᠷᠭᠠᠭᠤᠯᠢ ᠪᠠ ᠤᠯᠠᠭᠠᠨᠬᠠᠳᠠ ᠳᠡᠭᠡᠳᠦ | ᠰᠤᠷᠭᠠᠭᠤᠯᠢ ᠳᠤ ᠪᠠᠶᠢᠴᠠᠭᠠᠨ ᠰᠤᠳᠤᠯᠪᠠ᠃ ᠤᠯᠠᠭᠠᠨᠬᠠᠳᠠ ᠶᠢᠨ ᠮᠤᠩᠭᠤᠯ ᠦᠨᠳᠦᠰᠦᠳᠡᠨ ᠤ ᠳᠤᠮᠳᠠᠳᠤ | ᠰᠤᠷᠭᠠᠭᠤᠯᠢ ᠳᠤ᠂ ᠪᠦ᠋ ᠰᠢᠶᠤᠤ ᠯᠢᠨ ᠰᠤᠷᠭᠠᠭᠤᠯᠢ ᠶᠢᠨ ᠲᠡᠦᠭᠡ ᠶᠢᠨ ᠤᠷᠳᠤᠨ᠂ ᠮᠤᠩᠭᠤᠯ ᠦᠨᠳᠦᠰᠦᠳᠡᠨ ᠤ | ᠰᠤᠶᠤᠯ ᠵᠠᠩ ᠳᠠᠳᠬᠠᠯ ᠤᠨ ᠤᠷᠳᠤᠨ᠂ ᠰᠤᠷᠭᠠᠭᠤᠯᠢ ᠶᠢᠨ ᠬᠦᠷᠢᠶᠡᠨ ᠤ ᠲᠧᠯᠸᠢᠰ ᠬᠤᠷᠢᠶ᠎ᠠ᠂ ᠰᠤᠷᠤᠬᠴᠢ ᠶᠢᠨ | ᠬᠦᠳᠡᠯᠭᠡᠭᠡᠨ ᠤ ᠲᠦᠪ ᠵᠡᠷᠭᠡ ᠭᠠᠵᠠᠷ ᠢᠶᠠᠷ ᠬᠦᠷᠴᠦ᠂ ᠰᠤᠷᠭᠠᠭᠤᠯᠢ ᠶᠢᠨ ᠰᠤᠷᠭᠠᠨ ᠬᠦᠮᠦᠵᠢᠯ ᠤᠨ ᠲᠦᠬᠦᠭᠡᠷᠤᠮᠵᠢ᠂ | ᠪᠠᠭᠰᠢ ᠶᠢᠨ ᠡᠩᠨᠡᠭᠡᠨ ᠤ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠤᠶᠢᠯᠠᠭᠠᠵᠠᠢ᠃ ᠤᠯᠠᠭᠠᠨᠬᠠᠳᠠ ᠳᠡᠭᠡᠳᠦ | ᠰᠤᠷᠭᠠᠭᠤᠯᠢ ᠳᠤ᠂ ᠪᠦ᠋ ᠰᠢᠶᠤᠤ ᠯᠢᠨ ᠳᠡᠭᠡᠳᠦ ᠰᠤᠷᠭᠠᠭᠤᠯᠢ ᠶᠢᠨ ᠤᠨᠴᠠᠭᠠᠢ ᠰᠤᠷᠭᠠᠨ ᠬᠦᠮᠦᠵᠢᠯ ᠤᠨ ᠲᠤᠰᠬᠠᠢ | ᠮᠡᠷᠭᠡᠵᠢᠯ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠲᠤᠰᠬᠠᠢ ᠮᠡᠷᠭᠡᠵᠢᠯ ᠤᠨ | ᠲᠤᠬᠢᠷᠠᠭᠤᠯᠤᠯᠳᠠ ᠶᠢᠨ ᠪᠠᠶᠢᠳᠠᠯ ᠪᠠ ᠤᠯᠠᠭᠠᠬᠠᠠᠳᠠ ᠰᠤᠶᠤᠯ ᠤᠨ ᠰᠤᠳᠤᠯᠭᠠᠨ ᠤ ᠬᠦᠷᠢᠶᠡᠯᠡᠩ ᠤᠨ ᠡᠷᠳᠡᠮ | ᠰᠢᠨᠵᠢᠯᠡᠭᠡᠨ ᠤ ᠰᠤᠯᠢᠯᠴᠠᠭᠠᠨ ᠤ ᠪᠠᠶᠢᠳᠠᠯ ᠢ ᠪᠤᠳᠠᠳᠠᠢ ᠭᠠᠵᠠᠷ ᠲᠤᠨᠢ ᠤᠶᠢᠯᠠᠭᠠᠪᠠ᠃ ᠲᠡᠷᠡ ᠵᠢᠭᠠᠵᠤ | ᠭᠠᠷᠭᠠᠭᠰᠠᠨ ᠨᠢ᠂ ᠰᠤᠷᠭᠠᠨ ᠬᠦᠮᠦᠵᠢᠯ ᠤᠨ ᠪᠦᠳᠦᠴᠡ ᠶᠢ ᠬᠦᠴᠦᠯᠡᠨ ᠰᠢᠯᠢᠳᠡᠭᠵᠢᠬᠦᠯᠵᠦ᠂ ᠡᠯ᠎ᠠ ᠲᠦᠷᠦᠯ ᠤᠨ | ᠰᠤᠷᠭᠠᠨ ᠬᠦᠮᠦᠵᠢᠯ ᠤᠨ ᠵᠤᠬᠢᠴᠠᠩᠭᠤᠢ ᠬᠦᠭᠵᠢᠯᠳᠠ ᠶᠢ ᠨᠢᠭᠡᠳᠦᠯᠳᠠᠢ ᠲᠦᠯᠦᠪᠵᠢᠬᠦᠯᠦᠨ ᠠᠬᠢᠭᠤᠯᠬᠤ ᠭᠡᠷᠡᠭᠲᠡᠢ᠃ | ᠰᠤᠷᠭᠠᠨ ᠬᠦᠮᠦᠵᠢᠯ ᠤᠨ ᠤᠷᠤᠭᠤᠯᠤᠯᠳᠠ ᠶᠢ ᠲᠤᠭᠳᠠᠭᠤᠨ ᠢᠶᠠᠷ ᠨᠡᠮᠡᠭᠳᠡᠬᠦᠯᠵᠦ᠂ ᠦᠨᠳᠦᠰᠦᠨ ᠱᠠᠳᠤ᠂ ᠮᠠᠯᠵᠢᠬᠤ | ᠲᠠᠷᠢᠶᠠᠯᠠᠬᠤ ᠤᠷᠤᠨ ᠪᠠ ᠬᠢᠯᠢ ᠬᠢᠵᠠᠭᠠᠷ ᠤᠨ ᠪᠤᠶᠢᠳᠠ ᠪᠦᠭᠯᠡᠬᠦᠦ ᠶᠠᠳᠠᠭᠤ ᠬᠦᠴᠢᠷᠳᠡᠯᠳᠠᠢ ᠭᠠᠵᠠᠷ ᠤᠷᠤᠨ ᠢ | ᠢᠯᠡᠬᠦᠭᠡᠨ ᠬᠠᠷᠠᠭᠠᠯᠵᠠᠵᠦ᠂ ᠦᠨᠳᠦᠰᠦᠨ ᠱᠠᠳᠤᠨ ᠤ ᠤᠯᠠᠨ ᠨᠡᠶᠢᠲᠡ ᠶᠢᠨ ᠰᠤᠷᠭᠠᠨ ᠬᠦᠮᠦᠵᠢᠯ ᠤᠨ | ᠦᠢᠯᠡᠴᠢᠯᠡᠭᠡᠨ ᠤ ᠠᠳᠠᠯᠢ ᠲᠡᠭᠰᠢ ᠪᠠᠶᠢᠬᠤ ᠶᠢ ᠠᠬᠢᠭᠤᠯᠬᠤ ᠭᠡᠷᠡᠭᠲᠡᠢ᠃ ᠦᠨᠳᠦᠰᠦᠳᠡᠨ ᠤ ᠰᠤᠷᠭᠠᠨ ᠬᠦᠮᠦᠵᠢᠯ ᠢ | ᠤᠷᠢᠤᠨᠴᠢᠯᠡᠨ ᠬᠦᠭᠵᠢᠬᠦᠯᠵᠦ᠂ ᠰᠤᠷᠭᠠᠨ ᠬᠦᠮᠦᠵᠢᠯ ᠤᠨ ᠶᠠᠰᠤ ᠴᠢᠨᠠᠷ ᠢ ᠳᠡᠭᠡᠭᠰᠢᠯᠡᠬᠦᠯᠬᠦ᠂ ᠰᠤᠷᠭᠠᠨ ᠬᠦᠮᠦᠵᠢᠯ ᠤᠨ | ᠳᠤᠳᠤᠭᠠᠳᠦ ᠠᠭᠤᠯᠬᠤᠨ ᠢ ᠲᠡᠰ ᠲᠡᠪᠰᠢᠬᠦᠯᠬᠦ ᠪᠠ ᠦᠨᠳᠦᠰᠦᠳᠠᠨ ᠤ ᠰᠤᠶᠤᠯ ᠢ ᠠᠭᠤᠳᠠᠯᠬᠤ ᠲᠠᠯ᠎ᠠ ᠪᠠᠷ ᠬᠦᠴᠦ | ᠤᠷᠤᠭᠤᠯᠵᠦ᠂ ᠦᠨᠳᠦᠰᠦᠳᠡᠨ ᠤ ᠰᠤᠷᠭᠠᠨ ᠬᠦᠮᠦᠵᠢᠯ ᠤᠨ ᠦᠢᠯᠡᠰ ᠤᠨ ᠪᠦᠬᠦᠶᠢᠯᠡ ᠴᠤᠭᠴᠠ ᠶᠢᠨ | ᠬᠦᠭᠵᠢᠯᠳᠠ ᠶᠢᠨ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠬᠦᠯᠬᠦ ᠭᠡᠷᠡᠭᠲᠡᠢ᠃ ᠠᠵᠢᠯ ᠮᠡᠷᠭᠡᠵᠢᠯ ᠤᠨ ᠰᠤᠷᠭᠠᠨ | ᠬᠦᠮᠦᠵᠢᠯ ᠢ ᠶᠡᠭᠡᠪᠡᠷ ᠬᠦᠭᠵᠢᠬᠦᠯᠵᠦ᠂ ᠮᠠᠨ ᠤ ᠤᠷᠤᠨ ᠤ ᠪᠦᠳᠦᠭᠡᠨ ᠪᠠᠶᠢᠭᠤᠯᠤᠯᠲᠠ ᠬᠦᠭᠵᠢᠯᠳᠠ ᠳᠤ ᠨᠡᠩ ᠤᠯᠠᠨ | ᠴᠢᠳᠠᠪᠤᠷᠢᠳᠠᠨ ᠢ ᠬᠦᠮᠦᠵᠢᠬᠦᠯᠬᠦ ᠭᠡᠷᠡᠭᠲᠡᠢ᠃ ᠶᠡᠭᠡ ᠳᠡᠭᠡᠳᠦ ᠰᠤᠷᠭᠠᠭᠤᠯᠢ ᠶᠢᠨ ᠵᠢᠭᠠᠨ ᠰᠤᠷᠭᠠᠯᠳᠠ ᠶᠢᠨ ᠲᠦᠪᠰᠢᠨ | ᠪᠠ ᠰᠢᠨ᠎ᠠ ᠶᠢ ᠡᠬᠦᠳᠬᠦ ᠴᠢᠳᠠᠪᠤᠷᠢ ᠶᠢ ᠳᠡᠭᠡᠭᠰᠢᠯᠡᠬᠦᠯᠵᠦ᠂ ᠨᠢᠭᠡ ᠪᠦᠯᠦᠭ ᠳᠡᠭᠡᠳᠦ ᠲᠦᠪᠰᠢᠨ ᠲᠠᠢ ᠰᠢᠯᠢᠳᠡᠭ | ᠬᠢᠴᠢᠶᠡᠯ ᠲᠦᠷᠦᠯ᠂ ᠤᠨᠴᠠᠯᠢᠬᠳᠤ ᠲᠤᠰᠬᠠᠢ ᠮᠡᠷᠭᠡᠵᠢᠯ ᠪᠠ ᠭᠤᠤᠯᠳᠠᠯᠭ᠎ᠠ ᠲᠠᠢ ᠲᠤᠷᠰᠢᠯᠳᠠ ᠶᠢᠨ ᠲᠠᠰᠤᠭ ᠢ | ᠪᠠᠶᠢᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠳᠤᠳᠤᠭᠠᠳᠦ ᠠᠭᠤᠯᠬᠤᠨ ᠤ ᠮᠠᠶ᠋ᠢᠭ ᠤᠨ ᠬᠦᠭᠵᠢᠯᠳᠠ ᠶᠢ | ᠳᠠᠶᠢᠴᠢᠯᠠᠬᠤ ᠭᠡᠷᠡᠭᠲᠡᠢ ᠬᠡᠪᠡ᠃ | ᠤᠯᠠᠨ ᠲᠦᠮᠡᠨ ᠤ ᠤᠷᠠᠯᠢᠭ ᠤᠨ ᠤᠷᠳᠤᠨ ᠳᠤ ᠪᠠᠶᠢᠴᠠᠭᠠᠨ ᠰᠤᠳᠤᠯᠬᠤ ᠳᠠᠭᠠᠨ ᠪᠦ᠋ ᠰᠢᠶᠤᠤ ᠯᠢᠨ | ᠴᠢᠬᠤᠯᠠᠴᠢᠯᠠᠭᠰᠠᠨ ᠨᠢ᠂ ᠠᠷᠠᠳ ᠲᠦᠮᠡᠨ ᠢᠶᠠᠷ ᠭᠤᠤᠯ ᠪᠤᠯᠭᠠᠬᠰᠠᠨ ᠵᠤᠬᠢᠶᠠᠨ ᠪᠦᠳᠦᠭᠡᠬᠦ ᠤᠳᠤᠷᠢᠳᠤᠮᠵᠢ ᠶᠢ | ᠪᠠᠷᠢᠮᠳᠠᠯᠠᠵᠦ᠂ ᠭᠤᠤᠯᠳᠠᠯᠭ᠎ᠠ ᠲᠠᠢ ᠤᠳᠬ᠎ᠠ ᠤᠷᠠᠯᠢᠭ ᠤᠨ ᠢᠨᠵᠧᠨᠧᠷᠢᠩ ᠢ ᠭᠡᠷᠡᠭᠵᠢᠬᠦᠯᠵᠦ᠂ ᠦᠨᠳᠦᠰᠦᠳᠡᠨ ᠤ | ᠳᠠᠭᠤᠤ ᠬᠦᠭᠵᠢᠮ᠂ ᠪᠦᠵᠢᠭ᠂ ᠵᠦᠴᠦᠭᠡ ᠶᠢᠨ ᠤᠷᠠᠯᠢᠭ᠂ ᠤᠷᠠᠨ ᠵᠢᠷᠤᠭ ᠪᠠ ᠰᠢ ᠵᠦᠴᠦᠭᠡ ᠵᠡᠷᠭᠡ ᠤᠳᠬ᠎ᠠ | ᠤᠷᠠᠯᠢᠭ ᠤᠨ ᠦᠢᠯᠡᠰ ᠤᠨ ᠬᠦᠭᠵᠢᠯᠳᠠ ᠶᠢ ᠳᠡᠮᠵᠢᠵᠦ᠂ ᠤᠳᠬ᠎ᠠ ᠵᠤᠬᠢᠶᠠᠯ ᠤᠨ ᠵᠤᠬᠢᠶᠠᠨ ᠪᠦᠳᠦᠭᠡᠯᠭᠡ ᠶᠢ | ᠴᠡᠴᠡᠭᠯᠡᠬᠦᠯᠦᠨ ᠬᠦᠭᠵᠢᠬᠦᠯᠵᠦ᠂ ᠦᠨᠳᠦᠰᠦᠳᠡᠨ ᠨᠦᠭᠦᠳ ᠤᠨ ᠤᠯᠠᠨ ᠲᠦᠮᠡᠨ ᠤ ᠤᠶᠤᠨ ᠰᠠᠨᠠᠭᠠᠨ ᠤ ᠰᠤᠶᠤᠯ ᠤᠨ | ᠠᠮᠢᠳᠤᠷᠠᠯ ᠢ ᠡᠯᠪᠡᠭᠵᠢᠬᠦᠯᠬᠦ ᠭᠡᠷᠡᠭᠲᠡᠢ᠃ ᠭᠤᠤᠯᠳᠠᠯᠭ᠎ᠠ ᠲᠠᠢ ᠨᠡᠶᠢᠲᠡ ᠶᠢᠨ ᠠᠰᠠᠷᠠᠮᠵᠢ ᠶᠢᠨ ᠰᠤᠶᠤᠯ ᠤᠨ ᠲᠦᠷᠦᠯ | ᠵᠦᠢᠯ ᠢ ᠭᠡᠷᠡᠭᠵᠢᠬᠦᠯᠵᠦ᠂ ᠤᠯᠠᠨ ᠲᠦᠮᠡᠨ ᠤ ᠰᠤᠶᠤᠯ ᠤᠨ ᠭᠡᠷᠡᠭᠴᠡᠭᠡ ᠶᠢ ᠨᠡᠩ ᠰᠠᠶᠢᠲᠤᠷ ᠬᠠᠩᠭᠠᠬᠤ ᠭᠡᠷᠡᠭᠲᠡᠢ᠃ | ᠦᠨᠳᠦᠰᠦᠨ ᠱᠠᠳᠤᠨ ᠳᠤ ᠬᠠᠨᠳᠤᠭᠤᠯᠬᠤ᠂ ᠤᠯᠠᠨ ᠲᠦᠮᠡᠨ ᠳᠤ ᠦᠢᠯᠡᠴᠢᠯᠡᠬᠦ ᠶᠢ ᠪᠠᠷᠢᠮᠳᠠᠯᠠᠵᠦ᠂ ᠤᠯᠠᠨ | ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠠᠷᠭ᠎ᠠ ᠭᠡᠯᠪᠡᠷᠢ ᠶᠢᠨ ᠰᠢᠨ᠎ᠠ ᠶᠢ ᠡᠬᠦᠳᠴᠦ᠂ ᠤᠯᠠᠨ ᠲᠦᠮᠡᠨ ᠤ | ᠰᠤᠶᠤᠯ ᠤᠨ ᠠᠵᠢᠯᠯᠠᠭ᠎ᠠ ᠶᠢᠨ ᠦᠷᠨᠢᠩᠭᠦᠢ ᠬᠦᠭᠵᠢᠯᠳᠠ ᠶᠢ ᠠᠬᠢᠭᠤᠯᠬᠤ ᠭᠡᠷᠡᠭᠲᠡᠢ ᠬᠡᠵᠠᠢ᠃ | ᠰᠦᠩᠱᠠᠨ ᠲᠤᠭᠤᠷᠢᠭ ᠤᠨ ᠳ᠋ᠠᠩ ᠫᠦ᠋ ᠳ᠋ᠢ ᠮᠠᠨᠵᠤ ᠦᠨᠳᠦᠰᠦᠳᠡᠨ ᠤ ᠰᠢᠶᠠᠩ ᠤᠨ ᠪᠠᠭ᠎ᠠ ᠰᠢᠩ ᠯᠦᠩ | ᠵᠤᠸᠠᠩ ᠲᠤᠰᠬᠤᠨ ᠳᠤ᠂ ᠪᠦ᠋ ᠰᠢᠶᠤᠤ ᠯᠢᠨ ᠲᠤᠰ ᠲᠤᠰᠬᠤᠨ ᠤ ᠹᠯᠤᠷ ᠢ ᠰᠡᠷᠭᠡᠶᠢᠯᠡᠨ ᠤᠰᠤ ᠶᠢ ᠵᠠᠰᠠᠭᠰᠠᠨ | ᠪᠠᠶᠢᠳᠠᠯ ᠢ ᠪᠤᠳᠠᠳᠠᠢ ᠭᠠᠵᠠᠷ ᠲᠤᠨᠢ ᠪᠠᠶᠢᠴᠠᠭᠠᠨ ᠦᠵᠡᠪᠠ᠃ ᠲᠡᠷᠡ ᠵᠢᠭᠠᠵᠤ ᠭᠠᠷᠭᠠᠭᠰᠠᠨ ᠨᠢ᠂ ᠤᠰᠤ ᠤᠮᠳᠠ ᠶᠢᠨ | ᠢᠨᠵᠧᠨᠧᠷᠢᠩ ᠪᠤᠯ ᠠᠷᠠᠳ ᠤᠨ ᠠᠮᠢᠳᠤᠷᠠᠯ ᠳᠤ ᠬᠤᠯᠪᠤᠭᠳᠠᠬᠤ ᠲᠤᠮᠤ ᠶᠠᠪᠤᠳᠠᠯ ᠮᠦᠨ᠂ ᠡᠯ᠎ᠠ ᠱᠠᠳᠤ ᠡᠯ᠎ᠠ ᠰᠠᠯᠠᠭ᠎ᠠ | ᠮᠦᠴᠢᠷ ᠤᠨ ᠬᠢᠨ ᠳᠡᠭᠡᠳᠦ ᠭᠡᠮᠵᠢᠶ᠎ᠠ ᠪᠠᠷ ᠴᠢᠬᠤᠯᠠᠴᠢᠯᠠᠵᠦ᠂ ᠠᠷᠠᠳ ᠤᠨ ᠲᠦᠯᠦᠭᠡ ᠭᠡᠮᠡᠬᠦ ᠴᠢᠩ ᠦᠨᠡᠨᠴᠢ ᠬᠠᠶᠢᠷ᠎ᠠ | ᠰᠡᠳᠬᠢᠯᠭᠡ ᠶᠢ ᠡᠪᠤᠷᠯᠠᠵᠦ᠂ ᠯᠠᠪᠳᠠᠭᠤᠨ ᠪᠦᠳᠦᠮᠵᠢᠳᠠᠢ ᠠᠷᠭ᠎ᠠ ᠭᠡᠮᠵᠢᠶ᠎ᠠ ᠪᠠᠷ ᠤᠯᠠᠨ ᠲᠦᠮᠡᠨ ᠳᠤ ᠠᠮᠤᠷ | ᠲᠦᠪᠰᠢᠨ᠂ ᠰᠡᠳᠬᠢᠯ ᠠᠮᠤᠷ ᠤᠰᠤ ᠤᠮᠳᠠ ᠬᠠᠩᠭᠠᠬᠤ ᠭᠡᠷᠡᠭᠲᠡᠢ᠃ ᠤᠯᠠᠨ ᠲᠦᠮᠡᠨ ᠤ ᠵᠤᠭᠰᠤᠴᠠ ᠳᠤ ᠵᠤᠭᠰᠤᠵᠦ | ᠠᠰᠠᠭᠤᠳᠠᠯ ᠢ ᠪᠤᠳᠤᠯᠬᠢᠯᠠᠵᠦ᠂ ᠬᠠᠮᠤᠭ ᠤᠨ ᠲᠦᠬᠦᠮ ᠠᠪᠰᠠᠷ᠂ ᠬᠠᠮᠤᠭ ᠤᠨ ᠠᠮᠤᠷ ᠲᠦᠪᠰᠢᠨ᠂ ᠵᠤᠭᠤᠰ | ᠮᠦᠡᠭᠭᠦᠨ ᠳᠤ ᠬᠠᠮᠤᠭ ᠠᠴᠠ ᠠᠷᠪᠢᠳᠠᠢ ᠠᠷᠭ᠎ᠠ ᠪᠠᠷ ᠤᠯᠠᠨ ᠲᠦᠮᠡᠨ ᠤ ᠤᠰᠤ ᠤᠮᠳᠠ ᠶᠢᠨ ᠠᠮᠤᠷ ᠲᠦᠪᠰᠢᠨ ᠤ | ᠠᠰᠠᠭᠤᠳᠠᠯ ᠢ ᠪᠦᠳᠦᠮᠵᠢᠳᠠᠢ ᠰᠢᠢᠳᠪᠤᠷᠢᠯᠡᠬᠦ ᠪᠠᠷ ᠴᠢᠷᠮᠠᠶᠢᠬᠤ ᠭᠡᠷᠡᠭᠲᠡᠢ ᠬᠡᠪᠡ᠃ |