ᠪᠦᠭᠦ ᠣᠷᠣᠨ ᠤ ᠮᠠᠯ ᠠᠵᠤ ᠠᠬᠤᠶ ᠶᠢᠨ ᠦᠢᠯᠡᠳᠪᠦᠷᠢᠯᠡᠯ ᠲᠣᠭᠲᠠᠭᠤᠨ ᠪᠠᠶᠢᠳᠠᠯ ᠢᠶᠠᠨ ᠪᠠᠲᠤᠯᠠᠵᠤ᠂ ᠲᠥᠯ | ᠲᠤᠰᠴᠤ ᠪᠤᠶᠢᠵᠢᠭᠤᠯᠬᠤ ᠠᠵᠢᠯ ᠤᠷᠤᠭᠰᠢᠲᠠᠶ ᠶᠠᠪᠤᠭᠳᠠᠵᠤ ᠪᠠᠶᠢᠨ᠎ᠠ᠃ ᠠᠵᠢᠯ ᠲᠥᠷᠥᠯ ᠤᠨ ᠪᠦᠷᠢᠳᠬᠡᠯ ᠢ | ᠦᠨᠳᠦᠰᠦᠯᠡᠪᠡᠯ᠂ ᠨᠢᠭᠡᠳᠦᠭᠡᠷ ᠤᠯᠠᠷᠢᠯ ᠳᠤ ᠪᠦᠬᠦ ᠣᠷᠣᠨ ᠤ ᠪᠤᠳᠠ ᠨᠡᠶᠢᠲᠡ 3638 ᠲᠦᠮᠨ ᠲᠥᠯᠯᠡᠵᠦ᠂ | ᠲᠥᠯ ᠤᠨ ᠤᠨᠳᠤᠷᠤᠯᠲᠠ ᠶᠢᠨ ᠨᠤᠷᠮ᠎ᠠ 98.9% ᠳᠤ ᠬᠥᠷᠪᠡ᠃ 3 ᠳ᠋ᠤᠭᠠᠷ ᠰᠠᠷ᠎ᠠ ᠶᠢᠨ ᠡᠴᠦᠰ ᠪᠣᠯᠬᠤ ᠳᠤ᠂ | ᠪᠦᠬᠦ ᠣᠷᠣᠨ ᠤ ᠮᠠᠯ ᠤᠨ ᠶᠡᠷᠦᠩᠬᠡᠶ ᠲᠤᠭ᠎ᠠ 1.16 ᠳ᠋ᠥᠩᠰᠢᠭᠤᠷ ᠲᠤ ᠬᠦᠷᠦᠭᠰᠡᠨ ᠪᠠᠶᠢᠨ᠎ᠠ᠃ | ᠡᠨᠡ ᠵᠢᠯ᠂ ᠮᠠᠨ ᠤ ᠣᠷᠣᠨ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠠᠵᠢᠯ ᠢ ᠡᠷᠲᠡᠬᠡᠨ | ᠪᠠᠶᠢᠷᠢᠯᠠᠭᠤᠯᠵᠦ᠂ ᠡᠯ᠎ᠡ ᠠᠶᠢᠮᠠᠭ ᠬᠤᠳᠠ ᠨᠤᠭᠤᠳ ᠲᠥᠯ ᠲᠣᠰᠬᠤ ᠳᠤᠯᠠᠭᠠᠨ ᠰᠠᠷᠠᠪᠴᠢ ᠪᠠᠶᠢᠭᠤᠯᠬᠤ᠂ ᠡᠬᠡ ᠮᠠᠯ | ᠳᠤ ᠪᠣᠷᠳᠤᠭ᠎ᠠ ᠨᠥᠬᠦᠪᠥᠷᠢᠯᠡᠬᠦ᠂ ᠰᠢᠨᠵᠢᠯᠡᠬᠦ ᠤᠬᠠᠭᠠᠨᠴᠢ ᠪᠠᠷ ᠠᠷᠠᠴᠢᠯᠠᠨ ᠲᠡᠵᠢᠭᠡᠬᠦ ᠵᠡᠷᠭᠡ ᠠᠵᠢᠯ ᠢᠶᠠᠨ ᠢᠳᠡᠪᠬᠢᠲᠡᠶ | ᠰᠠᠶᠢᠲᠤᠷ ᠠᠳᠬᠤᠵᠤ᠂ ᠴᠢᠷᠮᠠᠶᠢᠵᠤ ᠪᠠᠶᠢᠭᠠᠳ ᠢᠯᠡᠭᠦᠦ ᠲᠥᠯ ᠲᠣᠰᠴᠤ᠂ ᠤᠨᠳᠤᠷᠤᠯᠲᠠ ᠶᠢ ᠪᠠᠲᠤᠯᠠᠨ᠂ ᠮᠠᠯ | ᠠᠵᠤ ᠠᠬᠤᠶ ᠶᠢᠨ ᠲᠣᠭᠲᠠᠭᠤᠨ ᠬᠥᠭᠵᠢᠯᠲᠡ ᠳᠤ ᠰᠠᠶᠢᠨ ᠰᠠᠭᠤᠷᠢ ᠲᠠᠯᠪᠢᠭᠰᠠᠨ ᠪᠠᠶᠢᠨ᠎ᠠ᠃ ᠣᠳᠣ ᠨᠢᠭᠡᠨᠲᠡ | ᠬᠠᠪᠤᠷ ᠤᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠰᠢᠵᠢᠷ ᠠᠯᠲᠠᠨ ᠤᠯᠠᠷᠢᠯ ᠪᠣᠯᠵᠤ᠂ ᠪᠦᠬᠦ | ᠣᠷᠣᠨ ᠤ ᠡᠯ᠎ᠡ ᠭᠠᠵᠠᠷ ᠬᠠᠪᠤᠷ ᠤᠨ ᠲᠥᠯ ᠲᠤᠰᠴᠤ ᠪᠤᠶᠢᠵᠢᠭᠤᠯᠬᠤ ᠠᠵᠢᠯ᠂ ᠢᠯᠠᠩᠭᠤᠶ᠎ᠠ ᠲᠥᠯᠯᠡᠭᠰᠡᠨ ᠡᠬᠡ ᠮᠠᠯ | ᠪᠣᠯᠣᠨ ᠲᠥᠯ ᠮᠠᠯ ᠤᠨ ᠬᠠᠮᠢᠶᠠᠷᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠲᠥᠯ ᠮᠠᠯ ᠤᠨ | ᠤᠨᠳᠤᠷᠤᠯᠲᠠ ᠶᠢᠨ ᠨᠤᠷᠮ᠎ᠠ ᠪᠣᠯᠣᠨ ᠥᠰᠥᠯᠲᠡ ᠪᠤᠶᠢᠵᠢᠯᠲᠠ ᠶᠢᠨ ᠬᠢᠷᠢ ᠲᠥᠪᠰᠢᠨ ᠢ ᠳᠡᠭᠡᠭᠰᠢᠯᠡᠭᠦᠯᠵᠦ ᠪᠠᠶᠢᠨ᠎ᠠ᠃ | 2017 ᠣᠨ ᠳᠤ᠂ ᠮᠠᠨ ᠤ ᠣᠷᠣᠨ ︽ᠬᠤᠨᠢ ᠶᠢ ᠲᠣᠭᠲᠠᠪᠤᠷᠢᠵᠢᠭᠤᠯᠵᠤ ᠦᠬᠡᠷ ᠢ ᠨᠡᠮᠡᠭᠳᠡᠭᠦᠯᠦᠨ ᠭᠠᠭ᠋ᠠᠶ | ᠵᠢᠭᠦᠷᠲᠡᠨ ᠢ ᠣᠯᠠᠰᠢᠷᠠᠭᠤᠯᠬᠤ︾ ᠰᠡᠳᠬᠢᠮᠵᠢ ᠪᠠᠷ᠂ ᠠᠯᠠᠰᠢᠨ ᠬᠤᠨᠢᠨ ᠤ ᠭᠠᠷᠤᠯᠲᠠ ᠶᠢ ᠲᠣᠭᠲᠠᠪᠤᠷᠢᠵᠢᠭᠤᠯᠵᠤ᠂ | ᠠᠯᠠᠰᠢᠨ ᠦᠬᠡᠷ ᠤᠨ ᠰᠦᠷᠦᠭ ᠢ ᠥᠷᠭᠡᠳᠬᠡᠬᠦ ᠶᠢ ᠠᠬᠢᠭᠤᠯᠤᠨ᠂ ᠡᠮᠦᠨᠡᠲᠦ ᠣᠷᠣᠨ ᠤ ᠭᠠᠭ᠋ᠠᠶ ᠭᠡᠷ ᠤᠨ ᠵᠢᠭᠦᠷᠲᠡᠨ ᠤ | ᠠᠵᠤ ᠦᠢᠯᠡᠰ ᠢ ᠢᠳᠡᠪᠬᠢᠲᠡᠶ ᠪᠠᠷ ᠵᠠᠯᠭᠠᠨ ᠠᠪᠴᠤ᠂ ᠮᠠᠯ ᠵᠢᠭᠦᠷᠲᠡᠨ ᠢ ᠬᠡᠪᠴᠢᠶᠡᠵᠢᠭᠦᠯᠦᠨ ᠲᠡᠵᠢᠭᠡᠨ | ᠦᠷᠡᠵᠢᠭᠦᠯᠵᠦ᠂ ᠪᠣᠬᠢᠷᠲᠤᠯ ᠦᠭᠡᠢ ᠬᠦᠭᠵᠢᠭᠦᠯᠬᠦ ᠶᠢ ᠠᠬᠢᠭᠤᠯᠬᠤ ᠪᠣᠯᠣᠨ᠎ᠠ᠃ ᠮᠠᠨ ᠤ ᠣᠷᠣᠨ ᠠᠮᠤ ᠪᠤᠳᠠᠭᠠᠨ ᠤ | ᠭᠤᠣᠯ ᠭᠠᠷᠤᠯᠲᠠ ᠶᠢᠨ ᠬᠤᠰᠢᠭᠤ ᠰᠢᠶᠠᠨ ᠳᠤ ᠠᠯᠠᠰᠢᠨ ᠦᠬᠡᠷ ᠠᠯᠠᠰᠢᠨ ᠬᠤᠨᠢ ᠲᠡᠵᠢᠭᠡᠨ ᠦᠷᠡᠵᠢᠭᠦᠯᠬᠦ ᠶᠢ | ᠳᠥᠯᠭᠢᠨ ᠠᠬᠢᠭᠤᠯᠵᠤ᠂ ︽ᠮᠢᠩᠭᠠᠨ ᠲᠦᠮᠡᠨ ᠠᠯᠠᠰᠢᠨ ᠦᠬᠡᠷ ᠮᠠᠯᠵᠢᠬᠤ ᠬᠥᠭᠵᠢᠯᠲᠡ ᠶᠢᠨ ᠲᠥᠯᠥᠪᠵᠢᠭᠦᠯᠭᠡ︾ | ᠶᠢ ᠭᠦᠨᠵᠡᠭᠡᠶ ᠬᠡᠷᠡᠭᠵᠢᠭᠦᠯᠦᠨ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠶᠡᠭᠡ ᠬᠥᠭᠵᠢᠯᠲᠡ ᠶᠢ ᠲᠥᠯᠬᠢᠨ | ᠠᠬᠢᠭᠤᠯᠬᠤ ᠪᠣᠯᠣᠨ᠎ᠠ︔ ᠲᠦᠩᠯᠢᠶᠣᠤ᠂ ᠤᠯᠠᠭᠠᠨᠬᠠᠳᠠ᠂ ᠬᠥᠬᠡᠬᠤᠲᠠ ᠵᠡᠷᠭᠡ ᠡᠷᠳᠡᠨᠢ ᠰᠢᠰᠢ ᠶᠢᠨ ᠭᠤᠣᠯ | ᠭᠠᠷᠤᠯᠲᠠ ᠶᠢᠨ ᠣᠷᠣᠨ ᠳᠤ ᠡᠮᠦᠨᠡᠲᠦ ᠣᠷᠣᠨ ᠤ ᠲᠡᠵᠢᠭᠡᠨ ᠦᠷᠡᠵᠢᠭᠦᠯᠬᠦ ᠦᠢᠯᠡᠰ ᠢ ᠰᠢᠯᠵᠢᠭᠦᠯᠬᠦ ᠶᠢ ᠢᠳᠡᠪᠬᠢᠲᠡᠢ | ᠳᠡᠮᠵᠢᠵᠦ᠂ ᠭᠠᠭ᠋ᠠᠶ ᠭᠡᠷ ᠤᠨ ᠵᠢᠭᠦᠷᠲᠡᠨ ᠲᠡᠵᠢᠭᠡᠨ ᠦᠷᠡᠵᠢᠭᠦᠯᠬᠦ ᠶᠢ ᠶᠡᠬᠡᠪᠡᠷ ᠬᠥᠭᠵᠢᠭᠦᠯᠣᠨ᠎ᠠ︔ ᠮᠠᠯᠵᠢᠬᠤ | ᠣᠷᠣᠨ ᠳᠤ ᠴᠦᠬᠡᠨ ᠮᠠᠯᠵᠢᠬᠤ ᠰᠢᠯᠢᠳᠡᠭ ᠢ ᠮᠠᠯᠵᠢᠬᠤ ᠶᠢ ᠡᠷᠬᠢᠮᠯᠡᠵᠦ᠂ ᠨᠤᠲᠤᠭ ᠪᠡᠯᠴᠢᠭᠡᠷ ᠤᠨ ᠠᠮᠢ ᠠᠬᠤᠢ ᠶᠢ | ᠰᠠᠶᠢᠲᠤᠷ ᠬᠠᠮᠠᠭᠠᠯᠠᠵᠤ᠂ ᠲᠠᠯ᠎ᠠ ᠨᠤᠲᠤᠭ ᠤᠨ ᠲᠦᠷᠦᠯ ᠲᠡᠮᠳᠡᠭᠲᠦ ᠶᠢ ᠰᠠᠶᠢᠲᠤᠷ ᠪᠤᠢ ᠪᠣᠯᠭᠠᠨ᠎ᠠ᠃ |