ᠦᠬᠠᠶ ᠬᠤᠲᠠ ᠠᠳᠠᠯ ᠦᠢᠯᠡᠰ ᠴᠣᠭᠴᠠᠯᠠᠬᠤ ᠳᠠᠭᠠᠭᠠᠯᠳᠠᠳᠤ ᠵᠢᠭᠡᠯᠡᠯᠭᠡ ᠣᠯᠭᠤᠬᠤ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠬᠢᠪᠡ
ᠨᠡᠶᠢᠲᠡᠯᠡᠭᠰᠡᠨ ᠴᠠᠭ᠄
2017/4/19
     ᠦᠢᠷ᠎ᠠ ᠳᠤ᠂ ᠦᠬᠠᠶ ᠬᠤᠳᠠ ᠠᠳᠠᠯ ᠦᠢᠯᠡᠰ ᠴᠣᠭᠴᠠᠯᠠᠬᠤ ᠳᠠᠭᠠᠭᠠᠯᠳᠠᠳᠤ ᠵᠢᠭᠡᠯᠡᠯᠭᠡ ᠣᠯᠭᠤᠬᠤ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠬᠢᠵᠦ᠂ ᠠᠳᠠᠯ ᠦᠢᠯᠡᠰ ᠴᠣᠭᠴᠠᠯᠠᠭᠴᠢᠳ ᠢ ᠲᠡᠳᠬᠦᠬᠦ ᠡᠷᠴᠢᠮ ᠢᠶᠠᠨ ᠴᠢᠩᠭᠠᠷᠠᠭᠤᠯᠪᠠ᠃      ᠲᠤᠰ ᠤᠳᠠᠭᠠᠨ ᠤ ᠠᠳᠠᠯ ᠦᠢᠯᠡᠰ ᠴᠣᠭᠴᠠᠯᠠᠬᠤ ᠳᠠᠭᠠᠭᠠᠯᠳᠠᠳᠤ ᠵᠢᠭᠡᠯᠡᠯᠭᠡ ᠣᠯᠭᠤᠬᠤ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠨᠢ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠭᠰᠠᠳ᠂ ᠠᠵᠢᠯ ᠤᠯᠬᠤ ᠳᠤ ᠬᠦᠴᠢᠷᠲᠡᠶ ᠬᠥᠮᠦᠰ ︵ᠵᠡᠮᠳᠡᠭ ᠬᠥᠮᠦᠨ ᠪᠠᠭᠲᠠᠨ᠎ᠠ︶᠂ ᠴᠡᠷᠢᠭ ᠠᠴᠠ ᠬᠠᠯᠠᠭᠳᠠᠵᠤ ᠴᠡᠷᠢᠭ ᠠᠴᠠ ᠰᠢᠯᠵᠢᠭᠰᠡᠨ ᠴᠡᠷᠢᠭ᠂ ᠡᠷᠡᠭᠦᠦ ᠶᠢᠨ ᠬᠤᠭᠤᠴᠠᠭ᠎ᠠ ᠨᠢ ᠳᠠᠭᠤᠰᠴᠤ ᠰᠤᠯᠠᠯᠠᠭᠳᠠᠭᠰᠠᠨ ᠬᠥᠮᠦᠰ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ︵ᠣᠶᠤᠲᠠᠨ ᠭᠠᠴᠠᠭᠠᠨ ᠳᠠᠷᠤᠭ᠎ᠠ ᠪᠠ ᠭᠠᠳᠠᠭᠠᠳᠤ ᠳᠤ ᠰᠤᠷᠤᠯᠴᠠᠭᠠᠳ ᠪᠤᠴᠠᠵᠤ ᠢᠷᠡᠭᠰᠡᠨ ᠰᠤᠷᠤᠭᠴᠢᠳ ᠪᠠᠭᠲᠠᠨ᠎ᠠ︶᠂ ᠦᠶᠯᠡᠳᠪᠦᠷᠢᠯᠡᠯ ᠤᠨ ᠦᠯᠡᠭᠦᠤ ᠴᠢᠳᠠᠪᠤᠷᠢ ᠶᠢ ᠰᠢᠢᠳᠪᠦᠷᠢᠯᠡᠭᠰᠡᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠪᠠ ᠠᠵᠢᠯ ᠠᠯᠳᠠᠭᠰᠠᠳ᠂ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠵᠤ ᠪᠠᠶᠢᠭ᠎ᠠ ᠬᠦᠴᠦ ᠶᠠᠪᠤᠭᠴᠢ ᠮᠠᠯᠴᠢᠨ ᠲᠠᠷᠢᠶᠠᠴᠢᠳ᠂ ᠰᠦᠯᠵᠢᠶᠡᠨ ᠤ ᠬᠤᠳᠠᠯᠳᠤᠭᠠᠴᠢᠨ ᠡᠷᠦᠭᠡ᠂ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠢ ᠬᠥᠮᠦᠨ ᠠᠮᠠ ᠪᠦᠬᠦᠨ ᠢ ᠠᠳᠠᠯ ᠦᠢᠯᠡᠰ ᠴᠣᠭᠴᠠᠯᠠᠬᠤ ᠳᠠᠭᠠᠭᠠᠯᠳᠠᠳᠤ ᠵᠢᠭᠡᠯᠡᠯᠭᠡ ᠪᠠᠷ ᠲᠡᠳᠬᠦᠬᠦ ᠬᠡᠪᠴᠢᠶᠡᠨ ᠳᠤ ᠣᠷᠣᠭᠤᠯᠪᠠ᠃      ᠤᠤᠯ ᠲᠦᠷᠦ ᠶᠢᠨ ᠪᠤᠳᠤᠯᠭ᠎ᠠ ᠶᠢᠨ ᠲᠣᠭᠲᠠᠭᠠᠯ ᠢᠶᠠᠷ ᠬᠤᠪᠢ ᠬᠥᠮᠦᠨ ᠤ ᠵᠢᠭᠡᠯᠡᠯᠭᠡ ᠶᠢᠨ ᠬᠤᠭᠤᠴᠠᠭ᠎ᠠ ᠬᠢᠵᠠᠭᠠᠷ ᠨᠢ 2 ᠵᠢᠯ ᠪᠠᠶᠢᠭᠰᠠᠨ ᠢ ᠲᠣᠬᠢᠷᠠᠭᠤᠯᠤᠭᠰᠠᠨ ᠤ ᠳᠠᠷᠠᠭ᠎ᠠ ᠤᠷᠲᠤᠳᠬᠠᠵᠤ᠂ ᠠᠳᠠᠯ ᠦᠢᠯᠡᠰ ᠴᠣᠭᠴᠠᠯᠠᠭᠴᠢᠳ ᠢ ᠲᠡᠳᠬᠦᠬᠦ ᠴᠠᠭ ᠬᠤᠭᠤᠴᠠᠭ᠎ᠠ ᠶᠢ ᠨᠡᠮᠡᠭᠳᠡᠭᠦᠯᠦᠨ᠂ ᠠᠳᠠᠯ ᠦᠢᠯᠡᠰ ᠴᠣᠭᠴᠠᠯᠠᠭᠴᠢᠳ ᠤᠨ ᠵᠢᠭᠡᠯᠡᠯᠭᠡ ᠲᠦᠯᠦᠬᠦ ᠳᠠᠷᠤᠭᠠᠰᠤ ᠶᠢ ᠬᠥᠩᠭᠡᠷᠡᠭᠦᠯᠪᠡ᠃      ᠠᠳᠠᠯ ᠦᠶᠯᠡᠰ ᠴᠣᠭᠴᠠᠯᠠᠬᠤ ᠳᠠᠭᠠᠭᠠᠯᠲᠠᠲᠤ ᠵᠢᠭᠡᠯᠡᠯᠭᠡ ᠶᠢᠨ ᠬᠦᠦ ᠮᠥᠩᠭᠦᠨ ᠤ ᠨᠤᠷᠮ᠎ᠠ ᠶᠢ  ᠤᠤᠯ ᠳᠠᠭᠠᠨ ᠵᠢᠭᠡᠯᠡᠯᠭᠡ ᠶᠢᠨ ᠰᠠᠭᠤᠷᠢ ᠪᠠᠷᠢᠮᠵᠢᠶᠠᠲᠤ ᠬᠦᠦ ᠮᠥᠩᠭᠦ ᠶᠢᠨ ᠨᠣᠷᠮ᠎ᠠ ᠳᠡᠭᠡᠷ᠎ᠡ 3 ᠵᠠᠭᠤᠨ ᠤ ᠴᠡᠭ ᠳᠡᠭᠡᠭᠰᠢᠯᠡᠭᠦᠯᠵᠦ ᠪᠠᠶᠢᠭᠰᠠᠨ ᠢ 2 ᠵᠠᠭᠤᠨ ᠤ ᠴᠡᠭ ᠠᠴᠠ ᠬᠡᠲᠦᠷᠡᠭᠦᠯᠬᠦ ᠦᠭᠡᠢ ᠪᠣᠯᠭᠠᠭᠰᠠᠨ ᠢᠶᠠᠷ ᠠᠳᠠᠯ ᠦᠢᠯᠡᠰ ᠴᠣᠭᠴᠠᠯᠠᠭᠴᠢ ᠶᠢᠨ ᠲᠦᠯᠦᠬᠦ ᠵᠢᠭᠡᠯᠡᠯᠭᠡ ᠶᠢᠨ ᠬᠦᠦ ᠮᠥᠩᠭᠦ ᠶᠢ ᠪᠠᠭᠠᠰᠬᠠᠪᠠ᠃ ᠡᠭᠦᠨ ᠤ ᠵᠡᠷᠭᠡᠴᠡᠭᠡᠪᠡᠷ᠂ ᠰᠢᠨ᠎ᠡ ᠲᠦᠷᠦ ᠶᠢᠨ ᠪᠤᠳᠤᠯᠭ᠎ᠠ  ᠨᠢ ᠬᠤᠪᠢ ᠬᠥᠮᠦᠨ ᠤ ᠠᠳᠠᠯ ᠦᠶᠯᠡᠰ ᠴᠣᠭᠴᠠᠯᠠᠬᠤ ᠳᠠᠭᠠᠭᠠᠯᠳᠠᠲᠤ ᠵᠢᠭᠡᠯᠡᠯᠭᠡ ᠳᠤ 2 ᠵᠢᠯ ᠳᠠᠮ ᠬᠦᠦ ᠮᠥᠩᠭᠦ ᠥᠭᠴᠦ ᠪᠠᠶᠢᠭᠰᠠᠨ ᠢ 3 ᠵᠢᠯ ᠪᠣᠯᠭᠠᠨ ᠲᠣᠬᠢᠷᠠᠭᠤᠯᠵᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ︽ᠲᠦᠷᠦᠭᠦᠦ ᠵᠢᠯ ᠳᠤ ᠪᠥᠬᠦ ᠲᠣᠭᠠᠨ ᠤ ᠲᠠᠮ ᠬᠦᠦ ᠮᠥᠩᠭᠦ ᠥᠭᠬᠦ᠂ ᠬᠤᠶᠠᠳᠠᠬᠢ ᠵᠢᠯ ᠳᠤ 2 / 3 ᠢᠶᠠᠷ ᠳᠡᠮ ᠬᠦᠦ ᠮᠥᠩᠭᠦ ᠥᠭᠬᠦ᠂  ᠭᠤᠷᠪᠠᠳᠡᠬᠢ ᠵᠢᠯ ᠳᠤ1 / 3 ᠪᠠᠷ ᠳᠡᠮ ᠮᠥᠩᠭᠦ ᠥᠭᠬᠦ︾ ᠬᠡᠯᠪᠡᠷᠢ ᠪᠠᠷ ᠠᠳᠠᠯ ᠦᠢᠯᠡᠰ ᠴᠣᠭᠴᠠᠯᠠᠭᠴᠢ ᠳᠤ ᠳᠠᠮ ᠬᠦᠦ ᠮᠥᠩᠭᠦ ᠥᠭᠬᠦ ᠪᠣᠯᠭᠠᠵᠠᠢ  ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号