4 ᠳ᠋ᠦ᠋ᠭᠡᠷ ᠰᠠᠷ᠎ᠠ ᠶᠢᠨ 18 ᠤ ᠡᠳᠤᠷ᠂ ᠪᠦᠬᠦ ᠤᠷᠤᠨ ᠤ ᠤᠯᠠᠨ ᠲᠦᠮᠨᠨᠴᠢ ᠲᠠᠮᠢᠷ ᠤᠨ ᠠᠵᠢᠯ ᠤᠨ ᠬᠤᠷᠠᠯ | ᠤᠯᠠᠭᠠᠨᠴᠠᠪ ᠳᠤ ᠬᠤᠷᠠᠯᠳᠤᠵᠤ᠂ 2016 ᠣᠨ ᠤ ᠪᠦᠬᠦ ᠤᠷᠤᠨ ᠤ ᠤᠯᠨᠨ ᠲᠦᠮᠡᠨᠴᠢ ᠲᠠᠮᠢᠷ ᠤᠨ ᠠᠵᠢᠯ ᠢ | ᠡᠷᠬᠢᠴᠡᠭᠦᠯᠦᠨ᠂ 2017 ᠣᠨ ᠤ ᠭᠤᠤᠯᠳᠠᠯᠭ᠎ᠠ ᠲᠠᠢ ᠠᠵᠢᠯ ᠳᠠᠭᠠᠨ ᠪᠠᠶᠢᠷᠢᠯᠠᠭᠤᠯᠤᠯᠲᠠ ᠬᠢᠪᠡ᠃ | ᠬᠤᠷᠠᠯ ᠲᠡᠭᠡᠷ᠎ᠡ ︽ᠪᠦᠬᠦ ᠠᠷᠠᠳ ᠢᠶᠠᠷ ᠢᠶᠠᠨ ᠪᠡᠶ᠎ᠡ ᠴᠢᠬᠢᠷᠠᠭᠵᠢᠭᠤᠯᠬᠤ ᠶᠢ ᠬᠡᠷᠡᠭᠵᠢᠭᠦᠯᠬᠦ ᠲᠦᠯᠦᠪᠯᠡᠭᠡ ︵ | 2016 — 2020︶︾ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠭᠤᠷᠢᠨ ᠳᠤ ᠬᠦᠬᠡᠬᠤᠲᠡ᠂ ᠪᠤᠭᠤᠲᠤ᠂ | ᠬᠦᠯᠦᠨ ᠪᠤᠶᠢᠷ᠂ ᠬᠢᠨᠭ᠍ᠭᠠᠨ ᠵᠡᠷᠭᠡ ᠠᠶᠢᠮᠠᠭ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠶᠢᠨ | ᠬᠠᠷᠢᠭᠤᠴᠠᠯᠭᠠᠲᠠᠳ ᠲᠤᠷᠰᠢᠯᠭ᠎ᠠ ᠰᠤᠯᠢᠯᠴᠠᠬᠤ ᠶᠠᠷᠢᠶ᠎ᠠ ᠢᠯᠡᠳᠭᠡᠯ ᠬᠢᠪᠡ᠃ ᠬᠤᠷᠠᠯ ᠳᠤ ᠤᠷᠤᠯᠴᠠᠭᠰᠠᠳ | ᠤᠯᠠᠭᠠᠨᠴᠠᠪ ᠬᠤᠲᠠ ᠶᠢᠨ ᠪᠦᠬᠦ ᠠᠷᠠᠳ ᠢᠶᠠᠷ ᠢᠶᠠᠨ ᠪᠡᠶ᠎ᠡ ᠴᠢᠬᠢᠷᠠᠭᠵᠢᠭᠤᠯᠬᠤ ᠬᠠᠮᠢᠶᠠᠷᠤᠯᠲᠠ ᠶᠢᠨ ᠤᠶᠢᠯᠡᠴᠢᠯᠡᠭᠡᠨ ᠤ | ᠲᠦᠪ᠂ ᠵᠢᠨᠢᠩ ᠲᠤᠭᠤᠷᠢᠭ ᠤᠨ ᠪᠦᠬᠦ ᠠᠷᠠᠳ ᠢᠶᠠᠷ ᠢᠶᠠᠨ ᠪᠡᠶ᠎ᠡ ᠴᠢᠬᠢᠷᠠᠭᠵᠢᠭᠤᠯᠬᠤ ᠠᠵᠢᠯᠯᠠᠭᠠᠨ ᠤ ᠲᠦᠪ ᠵᠡᠷᠭᠡ | ᠭᠠᠵᠡᠷ ᠢᠶᠠᠷ ᠬᠦᠷᠴᠤ ᠲᠤᠭᠤᠷᠢᠨ ᠦᠵᠡᠪᠡ᠃ ᠡᠭᠦᠨ ᠤ ᠬᠠᠮᠳᠤ ᠪᠠᠰᠠ᠂ ᠪᠦᠬᠦ ᠤᠯᠤᠰ ᠤᠨ ︽ᠵᠠᠭᠤᠨ ᠬᠤᠲᠠ | ᠮᠢᠩᠭᠠᠨ ᠲᠤᠰᠬᠤᠨ︾ ᠪᠡᠶ᠎ᠡ ᠴᠢᠬᠢᠷᠠᠭᠵᠢᠭᠤᠯᠬᠤ ᠠᠮᠢᠰᠬᠤᠯ ᠤᠨ ᠲᠠᠮᠢᠷ ᠤᠨ ᠰᠤᠯᠢᠯᠴᠠᠨ ᠦᠵᠡᠭᠦᠯᠦᠯᠭᠡ ᠶᠢᠨ | ᠰᠢᠷᠢᠰ ᠠᠵᠢᠯᠯᠠᠭ᠎ᠠ ᠶᠢᠨ ᠦᠪᠦᠷ ᠮᠣᠩᠭᠤᠯ ᠳᠠᠬᠢ ᠡᠬᠢᠯᠡᠬᠦ ᠶᠤᠰᠤᠯᠠᠯ ᠵᠢᠴᠢ ᠤᠯᠠᠭᠠᠨᠴᠠᠪ ᠤᠨ ᠵᠠᠭᠤᠨ ᠬᠤᠲᠠ ᠶᠢᠨ | ᠪᠡᠶ᠎ᠡ ᠴᠢᠬᠢᠷᠠᠭᠵᠢᠭᠤᠯᠬᠤ ᠠᠮᠢᠰᠬᠤᠯ ᠤᠨ ᠲᠠᠮᠢᠷ ᠤᠨ ᠠᠵᠢᠯᠯᠠᠭ᠎ᠠ ᠡᠬᠢᠯᠡᠬᠦ ᠶᠤᠰᠤᠯᠠᠯ ᠢ ᠶᠠᠪᠤᠬᠳᠠᠭᠤᠯᠵᠠᠢ᠃ | ᠬᠤᠷᠠᠯ ᠠᠴᠠ᠂ 2017 ᠣᠨ ᠤ ᠪᠦᠬᠦ ᠤᠷᠤᠨ ᠤ ᠤᠯᠠᠨ ᠲᠦᠮᠨᠨᠴᠢ ᠲᠠᠮᠢᠷ ᠤᠨ ᠠᠵᠢᠯ ᠨᠢ ᠤᠯᠤᠭᠰᠠᠨ | ᠠᠮᠵᠢᠯᠳᠡ ᠪᠦᠳᠦᠮᠵᠢ ᠪᠠᠨ ᠳ᠋ᠥᠩᠨᠡᠵᠦ᠂ ᠬᠦᠷᠦᠯᠴᠡᠬᠦ ᠦᠬᠡᠢ ᠲᠠᠯ᠎ᠠ ᠪᠠᠨ ᠡᠷᠢᠵᠦ᠂ ᠤᠯᠠᠨ ᠲᠦᠮᠨᠨᠴᠢ ᠲᠠᠮᠢᠷ ᠤᠨ | ᠠᠵᠢᠯ ᠤᠨ ᠬᠦᠭᠵᠢᠯᠳᠡ ᠶᠢ ᠪᠦᠬᠦ ᠲᠠᠯ᠎ᠠ ᠪᠠᠷ ᠠᠬᠢᠭᠤᠯᠬᠤ᠂ ᠭᠤᠤᠯᠳᠠᠯᠭ᠎ᠠ ᠶᠢ ᠨᠢ ᠠᠳᠬᠤᠵᠦ᠂ ᠪᠠᠶᠢᠳᠠᠯ ᠳᠤᠨᠢ | ᠲᠤᠬᠢᠷᠠᠭᠤᠯᠤᠨ᠂ ᠤᠯᠠᠨ ᠲᠦᠮᠨᠨᠴᠢ ᠲᠠᠮᠢᠷ ᠤᠨ ᠠᠵᠢᠯ ᠤᠨ ᠬᠦᠴᠦᠯᠡᠴᠡ ᠶᠢ ᠪᠦᠬᠦ ᠲᠠᠯ᠎ᠠ ᠪᠠᠷ ᠴᠢᠩᠭᠠᠳᠬᠠᠵᠦ᠂ | ᠤᠯᠠᠨ ᠲᠦᠮᠨᠨᠴᠢ ᠪᠡᠶ᠎ᠡ ᠶᠢᠨ ᠲᠠᠮᠢᠷ ᠤᠨ ᠠᠵᠢᠯ ᠤᠨ ᠪᠦᠲᠦᠮᠵᠢ ᠶᠢ ᠪᠦᠬᠦ ᠲᠠᠯ᠎ᠠ ᠪᠠᠷ ᠲᠡᠭᠡᠭᠰᠢᠯᠡᠬᠦᠯᠬᠦ ᠶᠡᠷᠤᠩᠬᠡᠢ | ᠰᠡᠳᠬᠢᠮᠵᠢ ᠶᠢᠨ ᠲᠤᠭᠤᠷᠢᠨ ᠳᠤ ᠠᠵᠢᠯ ᠢᠶᠠᠨ ᠦᠷᠨᠢᠬᠦᠯᠬᠦ ᠬᠡᠷᠡᠭᠳᠠᠢ ᠬᠡᠵᠤ ᠵᠢᠭᠠᠵᠤ ᠭᠠᠷᠭᠠᠭᠰᠠᠨ ᠪᠠᠶᠢᠨ᠎ᠠ᠃ |