ᠥᠪᠥᠷ ᠮᠣᠩᠭᠤᠯ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ  ᠵᠥᠪᠰᠢᠶᠡᠷᠡᠨ ᠣᠷᠣᠭᠤᠯᠬᠤ ᠨᠥᠬᠦᠴᠡᠯ ᠢ ᠠᠭᠤᠵᠢᠭᠤ ᠲᠠᠯᠪᠢᠵᠤ ᠪᠠᠲᠤᠯᠠᠭ᠎ᠠ ᠶᠢᠨ ᠬᠦᠷᠢᠶ᠎ᠡ ᠬᠡᠪᠴᠢᠶ᠎ᠡ ᠶᠢ ᠦᠷᠭᠡᠳᠬᠡᠪᠡ
ᠨᠡᠶᠢᠲᠡᠯᠡᠭᠰᠡᠨ ᠴᠠᠭ᠄
2017/4/20
     ᠥᠪᠥᠷ ᠮᠣᠩᠭᠤᠯ ᠣᠷᠣᠨ ᠰᠠᠭᠤᠴᠠ ᠲᠦᠷᠢᠶᠡᠰᠦᠯᠡᠬᠦ ᠵᠠᠬ᠎ᠠ ᠳᠡᠯᠭᠡᠭᠦᠷ ᠢ ᠲᠦᠷᠭᠡᠪᠴᠢᠯᠡᠨ ᠪᠤᠶᠢᠵᠢᠭᠤᠯᠤᠨ ᠬᠦᠭᠵᠢᠭᠦᠯᠬᠦ ᠬᠤᠯᠪᠣᠭᠳᠠᠯ ᠪᠦᠭᠦᠢ ᠲᠦᠷᠤ ᠶᠢᠨ ᠪᠤᠳᠤᠯᠭ᠎ᠠ ᠶᠢ ᠰᠢᠨ᠎ᠡ ᠪᠠᠷ ᠨᠡᠶᠢᠲᠡᠯᠡᠵᠦ᠂ ᠡᠷᠦᠬᠡ ᠠᠮᠠ᠂ ᠣᠷᠣᠯᠭ᠎ᠠ ᠵᠡᠷᠭᠡ ᠨᠡᠶᠢᠲᠡ ᠶᠢᠨ ᠲᠦᠷᠢᠶᠡᠰᠦᠨ ᠤᠷᠤᠨ ᠰᠠᠭᠤᠴᠠ ᠶᠢᠨ ᠵᠥᠪᠰᠢᠶᠡᠷᠡᠨ ᠣᠷᠣᠭᠤᠯᠬᠤ ᠨᠥᠬᠦᠴᠡᠯ ᠢ ᠵᠣᠬᠢᠰᠲᠠᠶ ᠪᠠᠷ ᠠᠭᠤᠵᠢᠭᠤ ᠲᠠᠯᠪᠢᠵᠤ᠂ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠪᠠᠲᠤᠯᠠᠭ᠎ᠠ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠨᠥᠬᠦᠴᠡᠯ ᠢ ᠦᠨᠡᠨ ᠬᠦ ᠰᠠᠶᠢᠵᠢᠷᠠᠭᠤᠯᠪᠠ᠃      ᠲᠠᠨᠢᠯᠴᠠᠭᠤᠯᠤᠭᠰᠠᠨ ᠢᠶᠠᠷ᠂ ᠥᠪᠥᠷ ᠮᠣᠩᠭᠤᠯ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠪᠠ ᠡᠷᠦᠬᠡ ᠠᠮᠠ ᠶᠢᠨ ᠳᠠᠩᠰᠠᠨ ᠤ ᠳᠦᠷᠢᠮ ᠤᠨ ᠥᠭᠡᠷᠡᠴᠢᠯᠡᠯᠲᠡ ᠶᠢᠨ ᠠᠬᠢᠴᠠ ᠶᠢ ᠲᠦᠯᠬᠢᠨ ᠠᠬᠢᠭᠤᠯᠬᠤ ᠲᠠᠢ ᠤᠶᠠᠯᠳᠤᠭᠤᠯᠤᠨ᠂ ᠲᠠᠷᠢᠶᠠᠯᠠᠩ ᠮᠠᠯ ᠠᠵᠤ ᠠᠬᠤᠶ ᠠᠴᠠ ᠰᠢᠯᠵᠢᠭᠰᠡᠨ ᠬᠥᠮᠦᠨ ᠠᠮᠠ᠂ ᠰᠢᠨ᠎ᠡ ᠪᠠᠷ ᠠᠵᠢᠯ ᠣᠯᠤᠭᠰᠠᠨ ᠠᠵᠢᠯᠳᠠᠨ ᠠᠵᠢᠯᠴᠢᠨ᠂ ᠬᠤᠲᠠ ᠪᠠᠯᠭᠠᠰᠤᠨ ᠳᠤ ᠲᠣᠭᠲᠠᠪᠤᠷᠢᠲᠠᠶ ᠠᠵᠢᠯ ᠤᠯᠤᠭᠰᠠᠨ ᠭᠠᠳᠠᠨ᠎ᠠ ᠠᠴᠠ ᠢᠷᠡᠵᠦ ᠠᠵᠢᠯ ᠬᠢᠵᠦ ᠪᠠᠶᠢᠭ᠎ᠠ ᠬᠥᠮᠦᠨ ᠪᠣᠯᠤᠨ ᠬᠤᠳᠠ ᠪᠠᠯᠭᠠᠰᠤᠨ ᠤ ᠳᠤᠮᠳᠠ ᠠᠴᠠ ᠳᠤᠤᠭᠤᠷ ᠣᠷᠣᠯᠭ᠎ᠠ ᠲᠠᠢ ᠣᠷᠣᠨ ᠰᠠᠭᠤᠴᠠ ᠶᠢᠨ ᠲᠠᠯ᠎ᠠ ᠪᠠᠷ ᠬᠦᠴᠢᠷᠳᠡᠯᠲᠡᠶ ᠭᠡᠷ ᠪᠦᠯᠢ ᠵᠢᠴᠢ ᠵᠠᠯᠠᠭᠤ ᠡᠮᠴᠢ᠂ ᠵᠠᠯᠠᠭᠤ ᠪᠠᠭᠰᠢ ᠵᠡᠷᠭᠡ ᠲᠤᠰᠬᠠᠶ ᠮᠡᠷᠭᠡᠵᠢᠯ ᠤᠨ ᠠᠵᠢᠯᠲᠠᠨ ᠵᠡᠷᠭᠡ ᠲᠤᠬᠠᠶ ᠶᠢᠨ ᠭᠠᠵᠠᠷ ᠤᠨ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠵᠥᠪᠰᠢᠶᠡᠷᠡᠨ ᠣᠷᠣᠭᠤᠯᠬᠤ ᠨᠦᠭᠦᠴᠡᠯ ᠳᠤ ᠨᠡᠶᠢᠴᠡᠭᠰᠡᠨ‌‍ᠬᠦ᠋ᠮᠦᠨ ᠪᠦᠬᠦᠨ ᠢ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠪᠠᠲᠤᠯᠠᠭ᠎ᠠ ᠶᠢᠨ ᠬᠡᠪᠴᠢᠶᠡᠨ ᠳᠤ ᠤᠷᠤᠭᠤᠯᠪᠠ᠃      ᠥᠪᠥᠷ ᠮᠣᠩᠭᠤᠯ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠪᠠᠲᠤᠯᠠᠭ᠎ᠠ ᠶᠢᠨ ᠡᠲᠡᠭᠡᠳ ᠵᠠᠬ᠎ᠠ ᠳᠡᠯᠭᠡᠭᠦᠷ ᠤᠨ ᠭᠡᠷ ᠲᠦᠷᠢᠶᠡᠰᠦᠯᠡᠬᠦ ᠳᠤᠨᠢ ᠳᠡᠮᠵᠢᠯᠭᠡ ᠦᠵᠡᠭᠦᠯᠵᠦ᠂ ᠪᠠᠲᠤᠯᠠᠭ᠎ᠠ ᠶᠢᠨ ᠬᠦᠮᠦᠰ ᠤᠨ ᠣᠷᠣᠨ ᠰᠠᠭᠤᠴᠠ ᠶᠢᠨ ᠬᠦᠴᠢᠷᠳᠡᠯ ᠤᠨ ᠬᠡᠮᠵᠢᠶ᠎ᠡ ᠪᠠ ᠳᠥᠯᠥᠬᠦ ᠴᠢᠳᠠᠪᠤᠷᠢ ᠶᠢ ᠨᠢ ᠦᠨᠳᠦᠰᠦᠯᠡᠨ᠂ ᠲᠥᠷᠥᠯ ᠬᠤᠪᠢᠶᠠᠨ᠂ ᠲᠡᠰ ᠳᠠᠪᠬᠤᠷᠭ᠎ᠠ ᠬᠤᠪᠢᠶᠠᠨ ᠵᠠᠬ᠎ᠠ ᠳᠡᠯᠭᠡᠭᠦᠷ ᠤᠨ ᠭᠡᠷ ᠲᠦᠷᠢᠶᠡᠰᠦᠯᠡᠨ ᠰᠠᠭᠤᠵᠤ ᠪᠠᠶᠢᠭ᠎ᠠ ᠪᠠᠲᠤᠯᠠᠭ᠎ᠠ ᠶᠢᠨ ᠭᠡᠷ ᠪᠦᠯᠢ ᠳᠤ ᠵᠥᠷᠢᠶᠡᠲᠦ ᠲᠦᠷᠢᠶᠡᠰᠦᠨ ᠨᠥᠬᠦᠪᠥᠷᠢ ᠤᠯᠭᠤᠬᠤ ᠪᠤᠯᠤᠨ᠎ᠠ᠃      ᠥᠪᠥᠷ ᠮᠣᠩᠭᠤᠯ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠨ ᠭᠠᠷᠭᠠᠨ ᠠᠪᠴᠤ ᠭᠡᠷ ᠤᠨ ᠲᠦᠷᠢᠶᠡᠰᠦ ᠪᠠᠨ ᠥᠭᠬᠦ ᠬᠤᠯᠪᠣᠭᠳᠠᠯ ᠪᠦᠬᠦᠢ ᠭᠠᠷ ᠭᠦᠢᠴᠡᠳᠬᠡᠯ ᠢ ᠤᠯᠠᠮ ᠨᠢᠭᠡ ᠠᠯᠬᠤᠮ ᠳᠥᠭᠦᠮᠴᠢᠯᠡᠵᠦ᠂ ᠬᠤᠪᠢ ᠶᠢᠨ ᠣᠷᠣᠨ ᠰᠠᠭᠤᠴᠠ ᠦᠭᠡᠶ ᠠᠵᠢᠯᠲᠠᠨ ᠠᠵᠢᠯᠴᠢᠳ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠯᠠᠭ᠎ᠠ ᠶᠢᠨ ᠮᠥᠩᠭᠦ ᠪᠠᠨ 3 ᠰᠠᠷ᠎ᠠ ᠳᠠᠷᠠᠭᠠᠯᠠᠨ ᠭᠦᠢᠴᠡᠳ ᠲᠤᠭ᠎ᠠ ᠪᠠᠷ ᠲᠤᠰᠢᠶᠠᠨ ᠬᠠᠳᠠᠭᠠᠯᠠᠭᠠᠳ᠂ ᠲᠤᠰ ᠬᠥᠮᠦᠨ ᠪᠣᠯᠤᠨ ᠬᠠᠨᠢ ᠨᠦᠬᠦᠷ ᠨᠢ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦ ᠲᠤᠰᠢᠶᠠᠭᠰᠠᠨ ᠭᠠᠵᠠᠷ ᠲᠠᠭᠠᠨ ᠣᠷᠣᠨ ᠰᠠᠭᠤᠴᠠ ᠲᠦᠷᠢᠶᠡᠰᠦᠯᠡᠭᠰᠡᠨ ᠪᠤᠯ ᠡᠷ᠎ᠡ ᠡᠮ᠎ᠡ ᠬᠤᠶᠠᠷ ᠲᠠᠯ᠎ᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦ ᠪᠠᠨ ᠭᠠᠷᠭᠠᠨ ᠠᠪᠴᠤ ᠭᠡᠷ ᠤᠨ ᠲᠦᠷᠢᠶᠡᠰᠦ ᠪᠠᠨ ᠦᠭᠴᠦ ᠪᠣᠯᠤᠨ᠎ᠠ᠃      ᠣᠶᠢᠯᠠᠭᠠᠭᠰᠠᠨ ᠢᠶᠠᠷ᠂ ᠥᠪᠥᠷ ᠮᠣᠩᠭᠤᠯ 2020 ᠣᠨ ᠪᠣᠯᠬᠤ ᠳᠤ ᠦᠨᠳᠦᠰᠦᠨ ᠵᠦᠢᠯ ᠢ ᠪᠠᠲᠤᠯᠠᠬᠤ᠂ ᠭᠤᠣᠯᠴᠢ ᠶᠣᠰᠣ ᠶᠢ ᠠᠬᠢᠭᠤᠯᠬᠤ᠂ ᠤᠷᠬᠦᠯᠵᠢᠯᠡᠬᠦᠶᠢᠴᠡ ᠴᠢᠨᠠᠷᠲᠠᠢ ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠪᠠᠲᠤᠯᠠᠭ᠎ᠠ ᠶᠢᠨ ᠰᠢᠰᠲ᠋ᠧᠮᠵᠢ ᠶᠢ ᠦᠨᠳᠦᠰᠦᠨ ᠳᠡᠭᠡᠨ ᠪᠠᠶᠢᠭᠤᠯᠵᠤ᠂ ᠬᠤᠲᠠ ᠪᠠᠯᠭᠠᠰᠤᠨ ᠤ ᠰᠠᠭᠤᠭᠠᠯᠢ ᠠᠷᠠᠳ ᠢᠯᠠᠩᠭᠤᠶ᠎ᠠ ᠰᠢᠨ᠎ᠡ ᠬᠤᠲᠠ ᠶᠢᠨ ᠠᠷᠠᠳ ᠰᠠᠭᠤᠬᠤ ᠠᠴᠠ ᠣᠷᠣᠨ ᠰᠠᠭᠤᠴᠠ ᠲᠠᠢ ᠪᠣᠯᠭᠠᠬᠤ ᠬᠠᠷᠠᠯᠲᠠ ᠶᠢᠨ ᠪᠡᠶᠡᠯᠡᠯᠲᠡ ᠶᠢ ᠲᠦᠯᠬᠢᠨ ᠠᠬᠢᠭᠤᠯᠬᠤ ᠪᠠᠷ ᠲᠦᠯᠦᠪᠯᠡᠵᠦ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号