ᠪᠦᠬᠦ ᠤᠷᠤᠨ ᠤ ᠤᠯᠠᠨ ᠲᠦᠮᠨᠨᠴᠢ ᠲᠠᠮᠢᠷ ᠤᠨ ᠠᠵᠢᠯ ᠤᠨ ᠬᠤᠷᠠᠯ ᠤᠯᠠᠭᠠᠨᠴᠠᠪ ᠬᠤᠳᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2017/4/20
     4 ᠳ᠋ᠦ᠋ᠭᠡᠷ ᠰᠠᠷ᠎ᠠ ᠶᠢᠨ 18 ᠤ ᠡᠳᠤᠷ᠂ ᠪᠦᠬᠦ ᠤᠷᠤᠨ ᠤ ᠤᠯᠠᠨ ᠲᠦᠮᠨᠨᠴᠢ ᠲᠠᠮᠢᠷ ᠤᠨ ᠠᠵᠢᠯ ᠤᠨ ᠬᠤᠷᠠᠯ ᠤᠯᠠᠭᠠᠨᠴᠠᠪ ᠳᠤ ᠬᠤᠷᠠᠯᠳᠤᠵᠤ᠂ 2016 ᠣᠨ ᠤ ᠪᠦᠬᠦ ᠤᠷᠤᠨ ᠤ ᠤᠯᠨᠨ ᠲᠦᠮᠡᠨᠴᠢ ᠲᠠᠮᠢᠷ ᠤᠨ ᠠᠵᠢᠯ ᠢ ᠡᠷᠬᠢᠴᠡᠭᠦᠯᠦᠨ᠂ 2017 ᠣᠨ ᠤ ᠭᠤᠤᠯᠳᠠᠯᠭ᠎ᠠ ᠲᠠᠢ ᠠᠵᠢᠯ ᠳᠠᠭᠠᠨ ᠪᠠᠶᠢᠷᠢᠯᠠᠭᠤᠯᠤᠯᠲᠠ ᠬᠢᠪᠡ᠃      ᠬᠤᠷᠠᠯ ᠲᠡᠭᠡᠷ᠎ᠡ ︽ᠪᠦᠬᠦ ᠠᠷᠠᠳ ᠢᠶᠠᠷ ᠢᠶᠠᠨ ᠪᠡᠶ᠎ᠡ ᠴᠢᠬᠢᠷᠠᠭᠵᠢᠭᠤᠯᠬᠤ ᠶᠢ ᠬᠡᠷᠡᠭᠵᠢᠭᠦᠯᠬᠦ ᠲᠦᠯᠦᠪᠯᠡᠭᠡ ︵2016 — 2020︶︾ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠭᠤᠷᠢᠨ ᠳᠤ ᠬᠦᠬᠡᠬᠤᠲᠡ᠂ ᠪᠤᠭᠤᠲᠤ᠂ ᠬᠦᠯᠦᠨ ᠪᠤᠶᠢᠷ᠂ ᠬᠢᠨᠭ᠍ᠭᠠᠨ ᠵᠡᠷᠭᠡ ᠠᠶᠢᠮᠠᠭ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠷᠢᠭᠤᠴᠠᠯᠭᠠᠲᠠᠳ ᠲᠤᠷᠰᠢᠯᠭ᠎ᠠ ᠰᠤᠯᠢᠯᠴᠠᠬᠤ ᠶᠠᠷᠢᠶ᠎ᠠ ᠢᠯᠡᠳᠭᠡᠯ ᠬᠢᠪᠡ᠃ ᠬᠤᠷᠠᠯ ᠳᠤ ᠤᠷᠤᠯᠴᠠᠭᠰᠠᠳ ᠤᠯᠠᠭᠠᠨᠴᠠᠪ ᠬᠤᠲᠠ ᠶᠢᠨ ᠪᠦᠬᠦ ᠠᠷᠠᠳ ᠢᠶᠠᠷ ᠢᠶᠠᠨ ᠪᠡᠶ᠎ᠡ ᠴᠢᠬᠢᠷᠠᠭᠵᠢᠭᠤᠯᠬᠤ ᠬᠠᠮᠢᠶᠠᠷᠤᠯᠲᠠ ᠶᠢᠨ ᠤᠶᠢᠯᠡᠴᠢᠯᠡᠭᠡᠨ ᠤ ᠲᠦᠪ᠂ ᠵᠢᠨᠢᠩ ᠲᠤᠭᠤᠷᠢᠭ ᠤᠨ ᠪᠦᠬᠦ ᠠᠷᠠᠳ ᠢᠶᠠᠷ ᠢᠶᠠᠨ ᠪᠡᠶ᠎ᠡ ᠴᠢᠬᠢᠷᠠᠭᠵᠢᠭᠤᠯᠬᠤ ᠠᠵᠢᠯᠯᠠᠭᠠᠨ ᠤ ᠲᠦᠪ ᠵᠡᠷᠭᠡ ᠭᠠᠵᠡᠷ ᠢᠶᠠᠷ ᠬᠦᠷᠴᠤ ᠲᠤᠭᠤᠷᠢᠨ ᠦᠵᠡᠪᠡ᠃ ᠡᠭᠦᠨ ᠤ ᠬᠠᠮᠳᠤ ᠪᠠᠰᠠ᠂ ᠪᠦᠬᠦ ᠤᠯᠤᠰ ᠤᠨ ︽ᠵᠠᠭᠤᠨ ᠬᠤᠲᠠ ᠮᠢᠩᠭᠠᠨ ᠲᠤᠰᠬᠤᠨ︾ ᠪᠡᠶ᠎ᠡ ᠴᠢᠬᠢᠷᠠᠭᠵᠢᠭᠤᠯᠬᠤ ᠠᠮᠢᠰᠬᠤᠯ ᠤᠨ ᠲᠠᠮᠢᠷ ᠤᠨ ᠰᠤᠯᠢᠯᠴᠠᠨ ᠦᠵᠡᠭᠦᠯᠦᠯᠭᠡ ᠶᠢᠨ ᠰᠢᠷᠢᠰ ᠠᠵᠢᠯᠯᠠᠭ᠎ᠠ ᠶᠢᠨ ᠦᠪᠦᠷ ᠮᠣᠩᠭᠤᠯ ᠳᠠᠬᠢ ᠡᠬᠢᠯᠡᠬᠦ ᠶᠤᠰᠤᠯᠠᠯ ᠵᠢᠴᠢ ᠤᠯᠠᠭᠠᠨᠴᠠᠪ ᠤᠨ ᠵᠠᠭᠤᠨ ᠬᠤᠲᠠ ᠶᠢᠨ ᠪᠡᠶ᠎ᠡ ᠴᠢᠬᠢᠷᠠᠭᠵᠢᠭᠤᠯᠬᠤ ᠠᠮᠢᠰᠬᠤᠯ ᠤᠨ ᠲᠠᠮᠢᠷ ᠤᠨ ᠠᠵᠢᠯᠯᠠᠭ᠎ᠠ ᠡᠬᠢᠯᠡᠬᠦ ᠶᠤᠰᠤᠯᠠᠯ ᠢ ᠶᠠᠪᠤᠬᠳᠠᠭᠤᠯᠵᠠᠢ᠃      ᠬᠤᠷᠠᠯ ᠠᠴᠠ᠂ 2017 ᠣᠨ ᠤ ᠪᠦᠬᠦ ᠤᠷᠤᠨ ᠤ ᠤᠯᠠᠨ ᠲᠦᠮᠨᠨᠴᠢ ᠲᠠᠮᠢᠷ ᠤᠨ ᠠᠵᠢᠯ ᠨᠢ ᠤᠯᠤᠭᠰᠠᠨ ᠠᠮᠵᠢᠯᠳᠡ ᠪᠦᠳᠦᠮᠵᠢ ᠪᠠᠨ ᠳ᠋ᠥᠩᠨᠡᠵᠦ᠂ ᠬᠦᠷᠦᠯᠴᠡᠬᠦ ᠦᠬᠡᠢ ᠲᠠᠯ᠎ᠠ ᠪᠠᠨ ᠡᠷᠢᠵᠦ᠂ ᠤᠯᠠᠨ ᠲᠦᠮᠨᠨᠴᠢ ᠲᠠᠮᠢᠷ ᠤᠨ ᠠᠵᠢᠯ ᠤᠨ ᠬᠦᠭᠵᠢᠯᠳᠡ ᠶᠢ ᠪᠦᠬᠦ ᠲᠠᠯ᠎ᠠ ᠪᠠᠷ ᠠᠬᠢᠭᠤᠯᠬᠤ᠂ ᠭᠤᠤᠯᠳᠠᠯᠭ᠎ᠠ ᠶᠢ ᠨᠢ ᠠᠳᠬᠤᠵᠦ᠂ ᠪᠠᠶᠢᠳᠠᠯ ᠳᠤᠨᠢ ᠲᠤᠬᠢᠷᠠᠭᠤᠯᠤᠨ᠂ ᠤᠯᠠᠨ ᠲᠦᠮᠨᠨᠴᠢ ᠲᠠᠮᠢᠷ ᠤᠨ ᠠᠵᠢᠯ ᠤᠨ ᠬᠦᠴᠦᠯᠡᠴᠡ ᠶᠢ ᠪᠦᠬᠦ ᠲᠠᠯ᠎ᠠ ᠪᠠᠷ ᠴᠢᠩᠭᠠᠳᠬᠠᠵᠦ᠂ ᠤᠯᠠᠨ ᠲᠦᠮᠨᠨᠴᠢ ᠪᠡᠶ᠎ᠡ ᠶᠢᠨ ᠲᠠᠮᠢᠷ ᠤᠨ ᠠᠵᠢᠯ ᠤᠨ ᠪᠦᠲᠦᠮᠵᠢ ᠶᠢ ᠪᠦᠬᠦ ᠲᠠᠯ᠎ᠠ ᠪᠠᠷ ᠲᠡᠭᠡᠭᠰᠢᠯᠡᠬᠦᠯᠬᠦ ᠶᠡᠷᠤᠩᠬᠡᠢ ᠰᠡᠳᠬᠢᠮᠵᠢ ᠶᠢᠨ ᠲᠤᠭᠤᠷᠢᠨ ᠳᠤ ᠠᠵᠢᠯ ᠢᠶᠠᠨ ᠦᠷᠨᠢᠬᠦᠯᠬᠦ ᠬᠡᠷᠡᠭᠳᠠᠢ ᠬᠡᠵᠤ ᠵᠢᠭᠠᠵᠤ ᠭᠠᠷᠭᠠᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号