ᠦᠪᠡᠷᠲᠡᠭᠡᠨ ᠵᠠᠰᠠᠬᠤ ᠤᠷᠤᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠭᠤᠷᠪᠠᠳᠤᠭᠠᠷ ᠤᠳᠠᠭᠠᠨ ᠤ ᠠᠵᠢᠯ ᠤᠨ ᠬᠤᠷᠠᠯ ᠬᠤᠷᠠᠯᠳᠤᠭᠤᠯᠪᠠ  ᠵᠠᠩ ᠵᠢᠶᠠᠨ ᠮᠢᠨ ᠬᠤᠷᠠᠯ ᠡᠷᠬᠢᠯᠡᠨ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2017/4/21
     4 ᠳ᠋ᠦ᠋ᠭᠡᠷ ᠰᠠᠷ᠎ᠡ ᠶᠢᠨ 20᠎ ᠤ ᠡᠳᠤᠷ᠂ ᠦᠪᠡᠷᠳᠡᠭᠡᠨ ᠵᠠᠰᠠᠬᠤ ᠤᠷᠤᠨ ᠤ ᠨᠡᠶᠢᠭᠡᠮ ᠤᠨ ᠢᠳᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠭᠤᠷᠪᠠᠳᠤᠭᠠᠷ ᠤᠳᠠᠭᠠᠨ ᠤ ᠬᠤᠷᠠᠯ ᠭᠦᠭᠡᠬᠤᠳᠡ ᠳᠤ ᠬᠤᠷᠠᠯᠳᠤᠵᠠᠢ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠦᠪᠡᠷᠳᠡᠭᠡᠨ ᠵᠠᠰᠠᠬᠤ ᠤᠷᠤᠨ ᠤ ᠪᠠᠶᠢᠩᠭᠤ ᠶᠢᠨ ᠲᠡᠳ᠋ ᠲᠡᠷᠢᠭᠦᠯᠡᠭᠴᠢ᠂ ᠦᠪᠡᠷᠳᠡᠭᠡᠨ ᠵᠠᠰᠠᠬᠤ ᠤᠷᠤᠨ ᠤ ᠨᠡᠶᠢᠭᠡᠮ ᠤᠨ ᠢᠳᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠲᠠᠷᠤᠭ᠎ᠠ ᠵᠠᠩ ᠵᠢᠶᠠᠨ ᠮᠢᠨ ᠬᠤᠷᠠᠯ ᠡᠷᠬᠢᠯᠡᠭᠰᠡᠨ ᠪᠦᠭᠡᠳ ᠶᠠᠷᠢᠶ᠎ᠡ ᠲᠠᠯᠪᠢᠪᠡ᠃      ᠵᠠᠩ ᠵᠢᠶᠠᠨ ᠮᠢᠨ᠂ ᠢᠳᠡᠭᠡᠮᠵᠢ ᠪᠤᠯ ᠨᠡᠶᠢᠭᠡᠮ ᠵᠢᠷᠤᠮ ᠤᠨ ᠵᠠᠬ᠎ᠠ ᠲᠡᠯᠭᠡᠭᠦᠷ ᠤᠨ ᠠᠵᠤ ᠠᠬᠤᠢ ᠶᠢᠨ ᠰᠠᠭᠤᠷᠢ ᠪᠤᠯᠤᠨ᠎ᠡ᠂ ᠵᠠᠰᠠᠭ ᠤᠨ ᠤᠷᠳᠤᠨ ᠤ ᠡᠬᠦᠷᠭᠡ ᠴᠢᠳᠠᠪᠬᠢ ᠶᠢ ᠬᠤᠪᠢᠷᠠᠭᠤᠯᠬᠤ᠂ ︽ᠲᠠᠯᠪᠢᠬᠤ ᠬᠠᠮᠢᠶᠠᠷᠬᠤ ᠦᠢᠯᠡᠴᠢᠯᠡᠭᠦ︾ ᠦᠭᠡᠷᠡᠴᠢᠯᠡᠯᠳᠡ ᠶᠢ ᠠᠬᠢᠭᠤᠯᠬᠤ ᠴᠢᠬᠤᠯᠡ ᠭᠠᠷᠳᠠᠴᠠ ᠪᠤᠯᠤᠨ᠎ᠡ᠃ ᠤᠳᠤᠬᠠᠨ ᠳᠤ᠂ ᠡᠯ᠎ᠡ ᠭᠠᠵᠠᠷ ᠡᠯ᠎ᠡ ᠰᠠᠯᠠᠭ᠎ᠠ ᠮᠦᠴᠢᠷ ᠤᠨ ᠴᠦᠭᠦᠷᠡᠰᠢ ᠦᠭᠡᠢ ᠴᠢᠷᠮᠠᠶᠢᠯᠭ᠎ᠠ ᠪᠠᠷ᠂ ᠪᠦᠭᠦ ᠤᠷᠤᠨ ᠤ ᠨᠡᠶᠢᠭᠡᠮ ᠤᠨ ᠢᠳᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠨᠢᠭᠡᠨᠳᠡ ᠲᠤᠳᠤᠷᠬᠠᠢ ᠠᠮᠵᠢᠯᠳᠡ ᠤᠯᠵᠠᠢ᠃ ᠡᠯ᠎ᠡ ᠭᠠᠵᠠᠷ ᠡᠯ᠎ᠡ ᠰᠠᠯᠠᠭ᠎ᠠ ᠮᠦᠴᠢᠷ ᠲᠦᠪ ᠪᠡ ᠦᠪᠡᠷᠳᠡᠭᠡᠨ ᠵᠠᠰᠠᠬᠤ ᠤᠷᠤᠨ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠡᠶᠢᠭᠡᠮ ᠤᠨ ᠢᠳᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠢ ᠪᠦᠭᠦ ᠭᠦᠴᠤᠨ ᠢᠶᠠᠷ ᠠᠬᠢᠭᠤᠯᠵᠤ ᠰᠢᠨ᠎ᠡ ᠨᠢᠭᠡ ᠱᠠᠳᠤᠨ ᠳᠤ ᠭᠠᠷᠭᠠᠬᠤ ᠭᠡᠷᠡᠭᠲᠠᠢ ᠭᠡᠵᠤ ᠵᠢᠭᠠᠵᠤ ᠭᠠᠷᠭᠠᠪᠡ᠃      ᠵᠠᠩ ᠵᠢᠶᠠᠨ ᠮᠢᠨ᠂ ᠨᠡᠶᠢᠭᠡᠮ ᠤᠨ ᠢᠳᠡᠬᠡᠮᠵᠢ ᠶᠢᠨ ᠰᠢᠰᠲ᠋ᠧᠮ ᠤᠨ ᠪᠦᠳᠦᠬᠡᠨ ᠪᠠᠶᠢᠭᠤᠯᠤᠯᠲᠠ ᠶᠢᠨ ᠬᠢᠨ ᠡᠷᠬᠡᠪᠰᠢ ᠳᠠᠨᠢᠯᠳᠠ ᠪᠠᠨ ᠴᠢᠩᠭᠠᠳᠬᠠᠵᠦ᠂ ᠤᠨᠤᠪᠴᠢᠳᠠᠢ ᠡᠵᠡᠮᠰᠢᠵᠦ᠂ ᠡᠨᠡᠬᠦ ᠠᠵᠢᠯ ᠢ ᠰᠢᠰᠲ᠋ᠧᠮ ᠢ ᠵᠠᠰᠠᠬᠤ ᠪᠠ ᠴᠢᠳᠠᠪᠤᠷᠢ ᠶᠢ ᠵᠠᠰᠠᠬᠤ ᠤᠳᠤᠬᠢᠴᠢᠯᠠᠯᠳᠠ ᠶᠢ ᠠᠬᠢᠭᠤᠯᠬᠤ ᠨᠢᠬᠡ ᠳᠦᠷᠦᠯ ᠤᠨ ᠦᠨᠳᠦᠰᠦᠨ ᠴᠢᠨᠠᠷᠳᠠᠢ ᠠᠵᠢᠯ ᠪᠤᠯᠭᠠᠨ ᠦᠨᠡᠨᠬᠦ ᠠᠳᠬᠤᠬᠤ ᠬᠡᠷᠡᠭᠳᠡᠢ᠃ ᠡᠷᠬᠡᠪᠰᠢ ᠢᠳᠡᠬᠡᠮᠵᠢᠳᠦ ᠮᠡᠳᠡᠭᠡ ᠵᠠᠩᠬᠢ ᠶᠢᠨ ᠳᠠᠪᠴᠠᠩ ᠤᠨ ᠪᠦᠳᠦᠬᠡᠨ ᠪᠠᠶᠢᠭᠤᠯᠤᠯᠲᠠ ᠶᠢ ᠦᠷᠬᠦᠯᠵᠢᠯᠡᠨ ᠳᠡᠬᠦᠯᠳᠡᠷᠵᠢᠬᠦᠯᠵᠦ᠂ ᠡᠯ᠎ᠠ ᠳᠠᠪᠴᠠᠩ᠂ ᠡᠯ᠎ᠠ ᠰᠢᠰᠲ᠋ᠧᠮ ᠤᠨ ᠪᠠᠭᠳᠠᠭᠠᠮᠵᠢᠳᠦ ᠴᠢᠨᠠᠷ ᠪᠤᠯᠤᠨ ᠵᠤᠬᠢᠴᠠᠩᠭᠤᠢ ᠴᠢᠨᠠᠷ ᠢ ᠳᠡᠬᠡᠭᠰᠢᠯᠡᠬᠦᠯᠬᠦ ᠬᠡᠷᠡᠭᠳᠡᠢ᠃ ᠡᠷᠬᠡᠪᠰᠢ ᠮᠡᠳᠡᠭᠡ ᠵᠠᠩᠬᠢ ᠶᠢ ᠡᠮᠬᠢᠯᠡᠨ ᠴᠤᠬᠯᠠᠭᠤᠯᠬᠤ ᠠᠵᠢᠯ ᠢ ᠦᠨᠡᠨ ᠪᠤᠳᠠᠳᠠᠢ ᠠᠳᠬᠤᠵᠦ᠂ ᠨᠡᠶᠢᠭᠡᠮ ᠤᠨ ᠢᠳᠡᠬᠡᠮᠵᠢ ᠶᠢᠨ ᠤᠷᠤᠯᠠᠬᠤ ᠳ᠋ᠤᠭᠠᠷ ᠤᠨ ᠤᠯᠠᠷᠢᠯ ᠬᠤᠪᠢᠷᠠᠯ ᠢ ᠳᠦᠷᠬᠡᠳᠬᠡᠵᠦ᠂ ᠢᠳᠡᠬᠡᠮᠵᠢ ᠶᠢᠨ ᠮᠡᠳᠡᠭᠡ ᠵᠠᠩᠬᠢ ᠶᠢ ᠳᠡᠮᠳᠡᠭᠯᠡᠬᠦ ᠪᠠᠷᠢᠮᠵᠢᠶ᠎ᠠ ᠶᠢ ᠳᠦᠷᠢᠮᠵᠢᠬᠦᠯᠬᠦ ᠬᠡᠷᠡᠭᠳᠡᠢ᠃ ᠡᠷᠬᠡᠪᠰᠢ ᠢᠳᠡᠬᠡᠮᠵᠢ ᠶᠢᠨ ᠮᠡᠳᠡᠭᠡ ᠵᠠᠩᠬᠢ ᠶᠢᠨ ᠬᠡᠷᠡᠭᠯᠡᠭᠡ ᠶᠢ ᠰᠠᠶᠢᠲᠤᠷ ᠠᠳᠬᠤᠵᠦ᠂ ᠢᠳᠡᠬᠡᠮᠵᠢ ᠶᠢᠨ ᠮᠡᠳᠡᠭᠡ ᠵᠠᠩᠬᠢ ᠶᠢᠨ ᠬᠡᠷᠡᠭᠯᠡᠬᠡᠨ ᠤ ᠬᠡᠪᠴᠢᠶ᠎ᠠ ᠶᠢ ᠳᠡᠰᠤᠷᠠᠯᠳᠠ ᠦᠬᠡᠢ ᠦᠷᠬᠡᠳᠬᠡᠬᠦ ᠬᠡᠷᠡᠭᠳᠡᠢ᠃ ᠢᠳᠡᠬᠡᠮᠵᠢ ᠶᠢᠨ ᠬᠠᠮᠳᠤᠷᠠᠬᠰᠠᠨ ᠱᠠᠩᠨᠠᠵᠦ ᠳᠤᠷᠭᠠᠬᠤ ᠳᠤᠬᠳᠠᠴᠠ ᠶᠢ ᠳᠦᠷᠬᠡᠨ ᠪᠠᠶᠢᠭᠤᠯᠵᠤ᠂ ᠢᠯᠡᠩᠭᠤᠶ᠎ᠠ ᠵᠠᠰᠠᠬ ᠤᠨ ᠤᠷᠳᠤᠨ ᠤ ᠨᠡᠶᠢᠭᠡᠮ ᠤᠨ ᠢᠳᠡᠬᠡᠮᠵᠢ ᠶᠢᠨ ᠰᠢᠰᠲ᠋ᠧᠮ ᠤᠨ ᠪᠦᠳᠦᠬᠡᠨ ᠪᠠᠶᠢᠭᠤᠯᠤᠯᠲᠠ ᠳᠤ ᠦᠵᠡᠬᠦᠯᠬᠦ ᠳᠠᠭᠤᠷᠢᠶᠠᠯ ᠤᠨ ᠦᠢᠯᠡᠳᠦᠯ ᠢ ᠪᠠᠳᠠᠷᠠᠭᠤᠯᠬᠤ ᠬᠡᠷᠡᠭᠳᠡᠢ᠃ ᠡᠷᠬᠡᠪᠰᠢ ᠢᠳᠡᠬᠡᠮᠵᠢ ᠶᠢᠨ ᠦᠢᠯᠡᠴᠢᠯᠡᠬᠡᠨ ᠤ ᠵᠠᠬ᠎ᠠ ᠳᠡᠯᠬᠡᠬᠦᠷ ᠢ ᠢᠳᠡᠪᠬᠢᠳᠡᠢ ᠪᠤᠶᠢᠵᠢᠭᠤᠯᠤᠨ ᠪᠤᠵᠠᠭᠠᠶᠢᠷᠠᠭᠤᠯᠵᠤ᠂ ᠢᠳᠡᠬᠡᠮᠵᠢ ᠶᠢᠨ ᠦᠢᠯᠡᠴᠢᠯᠡᠭᠡ ᠶᠢ ᠪᠦᠬᠦ ᠳᠠᠯ᠎ᠠ ᠪᠠᠷ ᠳᠦᠷᠢᠮᠵᠢᠬᠦᠯᠬᠦ ᠬᠡᠷᠡᠭᠳᠡᠢ ᠬᠡᠵᠦ ᠴᠢᠬᠤᠯᠠᠴᠢᠯᠠᠪᠠ᠃      ᠵᠠᠩ ᠵᠢᠶᠠᠨ ᠮᠢᠨ᠂ ᠡᠯ᠎ᠠ ᠭᠠᠵᠠᠷ ᠡᠯ᠎ᠡ ᠰᠠᠯᠠᠭ᠎ᠠ ᠮᠦᠴᠢᠷ ᠡᠷᠬᠡᠪᠰᠢ ᠵᠤᠬᠢᠶᠠᠨ ᠪᠠᠶᠢᠭᠤᠯᠤᠨ ᠵᠤᠬᠢᠴᠠᠭᠤᠯᠬᠤ ᠬᠢᠷᠢ ᠳᠦᠪᠰᠢᠨ ᠢᠶᠠᠨ ᠴᠢᠨᠠᠬᠰᠢᠳᠠ ᠳᠡᠬᠡᠭᠰᠢᠯᠡᠬᠦᠯᠵᠦ᠂ ᠨᠡᠶᠢᠭᠡᠮ ᠤᠨ ᠢᠳᠡᠬᠡᠮᠵᠢ ᠶᠢᠨ ᠰᠢᠰᠲ᠋ᠧᠮ ᠤᠨ ᠪᠦᠳᠦᠬᠡᠨ ᠪᠠᠶᠢᠭᠤᠯᠤᠯᠲᠠ ᠶᠢᠨ ᠳᠤᠬᠳᠠᠴᠠ ᠶᠢ ᠳᠠᠰᠤᠷᠠᠯᠳᠠ ᠦᠬᠡᠢ ᠳᠡᠬᠦᠯᠳᠡᠷᠵᠢᠬᠦᠯᠵᠦ᠂ ᠦᠨᠡᠨᠴᠢ ᠢᠳᠡᠬᠡᠮᠵᠢᠳᠠᠢ ᠬᠦᠮᠦᠵᠢᠯ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠦ᠂ ᠵᠡᠷᠬᠡᠪᠡᠷ ᠠᠳᠬᠤᠨ ᠬᠠᠮᠳᠤᠪᠠᠷ ᠠᠬᠢᠭᠤᠯᠬᠤ᠂ ᠳᠤᠰ ᠳᠤᠰ ᠤᠨ ᠢᠶᠠᠨ ᠡᠬᠦᠷᠬᠡ ᠬᠠᠷᠢᠭᠤᠴᠠᠯᠭ᠎ᠠ ᠶᠢ ᠬᠦᠢᠴᠡᠳᠬᠡᠬᠦ ᠠᠵᠢᠯ ᠤᠨ ᠰᠢᠨ᠎ᠠ ᠬᠡᠪ ᠪᠠᠶᠢᠳᠠᠯ ᠢ ᠪᠤᠢ ᠪᠤᠯᠭᠠᠬᠤ ᠬᠡᠷᠡᠭᠳᠡᠢ ᠬᠡᠵᠦ ᠱᠠᠭᠠᠷᠳᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号