ᠥᠪᠥᠷ ᠮᠣᠩᠭᠤᠯ 20 ᠳ᠋ᠦᠩᠰᠢᠭᠤᠷ ᠲᠥᠭᠦᠷᠢᠭ ᠲᠤᠬᠢᠷᠠᠭᠤᠯᠤᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠬᠥᠭᠵᠢᠯᠲᠡ ᠶᠢᠨ ᠰᠠᠭᠤᠷᠢ ᠮᠥᠩᠭᠦ ᠪᠠᠶᠢᠭᠤᠯᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2017/4/24
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ 20 ᠳ᠋ᠦᠩᠰᠢᠭᠤᠷ ᠲᠥᠭᠦᠷᠢᠭ ᠲᠤᠬᠢᠷᠠᠭᠤᠯᠤᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠬᠦᠭᠵᠢᠯᠲᠡ ᠶᠢᠨ ᠰᠠᠭᠤᠷᠢ ᠮᠦᠩᠭᠦ ᠶᠢ ᠪᠠᠶᠢᠭᠤᠯᠵᠤ᠂ ᠶᠠᠳᠠᠭᠤ ᠶᠢ ᠲᠡᠳᠬᠦᠬᠦ ᠣᠷᠣᠭᠤᠯᠤᠯᠲᠠ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠬᠤ ᠪᠠᠷ ᠪᠠᠶᠢᠨ᠎ᠠ᠃ ᠲᠠᠨᠢᠯᠴᠠᠭᠤᠯᠤᠭᠰᠠᠨ ᠢᠶᠠᠷ᠂ ᠥᠪᠥᠷ ᠮᠣᠩᠭᠤᠯ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠬᠦᠭᠵᠢᠯᠲᠡ ᠶᠢᠨ ᠰᠠᠭᠤᠷᠢ ᠮᠥᠩᠭᠦ ᠶᠢ ᠠᠰᠢᠭᠯᠠᠨ ᠮᠥᠩᠭᠦᠨ ᠭᠦᠢᠯᠭᠡᠭᠡᠨ ᠤ ᠪᠡᠯᠡ ᠲᠤᠬᠢᠷᠠᠭᠤᠯᠭ᠎ᠠ ᠶᠢᠨ ᠮᠥᠩᠭᠦ ᠪᠠ ᠨᠡᠶᠢᠭᠡᠮ ᠤᠨ ᠬᠦᠷᠦᠩᠭᠡ ᠶᠢ ᠰᠢᠩᠭᠡᠭᠡᠨ ᠠᠪᠴᠤ ᠶᠠᠳᠠᠭᠤ ᠶᠢ ᠲᠡᠳᠬᠦᠬᠦ ᠨᠡᠭᠡᠭᠡᠯᠲᠡ ᠳᠤ ᠤᠷᠤᠭᠤᠯᠤᠯᠲᠠ ᠬᠢᠵᠦ᠂ ᠶᠠᠳᠠᠭᠤ ᠶᠢ ᠲᠡᠳᠬᠦᠬᠦ ᠠᠵᠤ ᠦᠢᠯᠡᠰ ᠤᠨ ᠰᠠᠭᠤᠷᠢ ᠮᠥᠩᠭᠦ ᠶᠢᠨ ᠶᠡᠷᠦᠩᠬᠡᠶ ᠬᠡᠪᠴᠢᠶ᠎ᠡ ᠶᠢ 100 ᠳ᠋ᠦᠩᠰᠢᠭᠤᠷ ᠲᠥᠭᠦᠷᠢᠭ ᠲᠤ ᠬᠦᠷᠦᠭᠦᠯᠬᠦ ᠪᠠᠷ ᠴᠢᠷᠮᠠᠶᠢᠵᠤ᠂ ᠶᠠᠳᠠᠭᠤ ᠬᠦᠴᠢᠷᠳᠡᠯ ᠲᠠᠢ ᠡᠷᠦᠬᠡ ᠶᠢᠨ ᠤᠷᠤᠯᠭ᠎ᠠ ᠶᠢᠨ ᠲᠤᠭᠲᠠᠭᠤᠨ ᠨᠡᠮᠡᠭᠳᠡᠯ ᠢ ᠳᠠᠶᠢᠴᠢᠯᠠᠵᠤ ᠳᠡᠶᠢᠯᠬᠦ ᠶᠠᠳᠠᠭᠤ ᠶᠢ ᠲᠡᠳᠬᠦᠬᠦ ᠳᠠᠭᠠᠭᠤᠯᠤᠭᠴᠢ ᠠᠵᠤ ᠠᠬᠤᠶᠢᠯᠠᠯ ᠢ ᠭᠤᠣᠯᠳᠠᠯᠭ᠎ᠠ ᠲᠠᠢ ᠪᠠᠷ ᠳᠡᠮᠵᠢᠬᠦ ᠪᠠᠷ ᠪᠠᠶᠢᠨ᠎ᠠ᠃ ᠥᠪᠥᠷ ᠮᠣᠩᠭᠤᠯ ᠶᠠᠳᠠᠭᠤ ᠶᠢ ᠲᠡᠳᠬᠦᠬᠦ ᠬᠥᠭᠵᠢᠯᠲᠡ ᠶᠢᠨ ᠰᠠᠭᠤᠷᠢ ᠮᠥᠩᠭᠦ ᠶᠢ ᠠᠰᠢᠭᠯᠠᠨ ᠠᠵᠤ ᠠᠬᠤᠶᠢᠯᠠᠯ ᠪᠤᠯᠤᠨ ᠶᠠᠳᠠᠭᠤ ᠬᠦᠴᠢᠷᠳᠡᠯ ᠲᠠᠢ ᠡᠷᠦᠬᠡ ᠯᠦᠭᠡ ᠶᠢᠨ ᠠᠰᠢᠭ ᠲᠤᠰᠠ ᠶᠢᠨ ᠬᠤᠯᠪᠤᠭᠠᠲᠤ ᠲᠣᠭᠲᠠᠴᠠ ᠶᠢ ᠪᠦᠷᠢᠨᠰᠢᠭᠦᠯᠵᠦ᠂ ︽ᠰᠠᠭᠤᠷᠢ ᠮᠥᠩᠭᠦ + ᠳᠠᠭᠠᠭᠤᠯᠤᠭᠴᠢ ᠠᠵᠤ ᠠᠬᠤᠶᠢᠯᠠᠯ + ᠰᠠᠭᠤᠷᠢᠨ ᠭᠠᠵᠠᠷ + ᠶᠠᠳᠠᠭᠤ ᠬᠦᠴᠢᠷᠳᠡᠯᠲᠡᠶ ᠡᠷᠦᠬᠡ︾᠎ ᠶᠢᠨ ᠬᠡᠪ ᠵᠠᠭᠪᠤᠷ ᠢ ᠬᠦᠭᠵᠢᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠡᠯᠬᠢᠶᠡᠨ ᠳᠤ ᠶᠠᠳᠠᠭᠤ ᠬᠦᠴᠢᠷᠳᠡᠯᠲᠡᠶ ᠡᠷᠦᠬᠡ ᠶᠢᠨ ᠤᠷᠤᠯᠭ᠎ᠠ ᠶᠢ ᠦᠷᠬᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠪᠠᠷ ᠪᠠᠶᠢᠨ᠎ᠠ᠃ ᠥᠪᠥᠷ ᠮᠣᠩᠭᠤᠯ ᠶᠠᠳᠠᠭᠤ ᠬᠦᠴᠢᠷᠳᠡᠯᠲᠡᠶ ᠭᠠᠵᠠᠷ ᠤᠷᠤᠨ ᠤ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠦ ᠢᠯᠡᠷᠬᠡᠶᠢᠯᠡᠯ ᠡᠯᠭᠦᠬᠦ ᠶᠢ ᠨᠢ ᠳᠡᠮᠵᠢᠵᠦ᠂ ᠶᠠᠳᠠᠭᠤ ᠬᠦᠴᠢᠷᠳᠡᠯ ᠲᠠᠢ ᠭᠠᠵᠠᠷ ᠣᠷᠣᠨ ᠤ ᠠᠵᠤ ᠠᠬᠤᠶᠢᠯᠠᠯ ᠢ ᠬᠦᠲᠦᠯᠦᠨ ᠵᠢᠯᠤᠭᠤᠳᠴᠦ ᠪᠠᠶᠢᠭᠠᠳ ᠤᠯᠠᠨ ᠳᠡᠰ ᠳᠠᠪᠬᠤᠷᠭ᠎ᠠ ᠪᠦᠬᠦᠢ ᠬᠦᠷᠦᠩᠭᠡ ᠶᠢᠨ ᠵᠠᠬ᠎ᠠ ᠳᠡᠯᠭᠡᠭᠦᠷ ᠤᠨ ᠪᠡᠯᠡ ᠲᠤᠬᠢᠷᠠᠭᠤᠯᠭ᠎ᠠ ᠶᠢ ᠠᠰᠢᠭᠯᠠᠨ᠂ ᠦᠨᠡᠲᠦ ᠲᠡᠮᠳᠡᠭᠲᠦ ᠡᠵᠡᠩᠨᠡᠬᠦ ᠪᠠᠶᠢᠭᠤᠯᠤᠮᠵᠢ ᠠᠴᠠ ᠶᠠᠳᠠᠭᠤ ᠬᠦᠴᠢᠷᠳᠡᠯ ᠲᠠᠢ ᠭᠠᠵᠠᠷ ᠣᠷᠣᠨ ᠤ ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ ᠡᠷᠴᠢᠮ ᠢᠶᠠᠨ ᠴᠢᠩᠭᠠᠯᠠᠬᠤ ᠶᠢ ᠨᠢ ᠲᠦᠯᠬᠢᠨ ᠠᠬᠢᠭᠤᠯᠬᠤ ᠪᠠᠷ ᠪᠠᠶᠢᠨ᠎ᠠ᠃ ᠣᠶᠢᠯᠠᠭᠠᠭᠰᠠᠨ ᠢᠶᠠᠷ᠂ ᠥᠪᠥᠷ ᠮᠣᠩᠭᠤᠯ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠢᠶᠠᠷ ᠨᠢᠭᠡᠴᠢ ᠪᠣᠯᠭᠠᠨ᠂ ᠶᠠᠳᠠᠭᠤ ᠶᠢ ᠲᠡᠳᠬᠦᠬᠦ ᠳᠠᠬᠢᠨ ᠵᠢᠭᠡᠯᠡᠯᠭᠡ ᠶᠢᠨ ᠲᠦᠭᠰᠢᠭᠦᠷᠢ ᠶᠢᠨ ᠨᠥᠬᠦᠪᠥᠷᠢ ᠮᠥᠩᠭᠦ ᠪᠠᠶᠢᠭᠤᠯᠵᠤ᠂ ᠬᠥᠳᠡᠭᠡ ᠲᠣᠰᠬᠤᠨ ᠤ ᠬᠤᠷᠰᠢᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠭᠠᠴᠠᠭ᠎ᠠ ᠪᠠᠯᠭᠠᠰᠤᠨ ᠤ ᠪᠠᠩᠬᠢ ᠵᠡᠷᠭᠡ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠬᠠᠮᠲᠤᠷᠠᠨ ᠠᠵᠢᠯᠯᠠᠵᠤ᠂ ᠲᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ ᠡᠷᠦᠬᠡ ᠳᠤ ᠳᠠᠨᠵᠢ ᠥᠯᠥ ᠠᠪᠬᠤ᠂ ᠪᠠᠲᠤᠯᠠᠭ᠎ᠠ ᠥᠯᠥ ᠬᠡᠷᠡᠭᠰᠡᠬᠦ᠂ ᠰᠠᠭᠤᠷᠢ ᠪᠠᠷᠢᠮᠵᠢᠶᠠᠲᠤ ᠬᠦᠦ ᠮᠦᠩᠭᠦ ᠶᠢᠨ ᠨᠣᠷᠮ᠎ᠠ ᠲᠠᠢ ᠪᠠᠭ᠎ᠠ ᠲᠣᠭᠠᠨ ᠤ ᠵᠢᠭᠡᠯᠡᠯᠭᠡ ᠬᠠᠩᠭᠠᠬᠤ ᠪᠠᠷ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号