ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠰᠤᠶᠤᠯ ᠤᠨ ᠠᠵᠢᠯ ᠤᠨ ᠶᠠᠷᠢᠯᠴᠠᠬᠤ ᠬᠤᠷᠠᠯ ᠬᠢᠵᠦ ᠪᠥ᠋ ᠰᠢᠶᠤᠤ ᠯᠢᠨ ᠬᠤᠷᠠᠯ ᠡᠷᠬᠢᠯᠡᠨ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2017/4/25
      4 ᠳ᠋ᠦ᠋ᠭᠡᠷ ᠰᠠᠷ᠎ᠠ ᠶᠢᠨ 24 ᠤ ᠡᠳᠦᠷ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠵᠠᠰᠠᠭ  ᠤᠨ ᠤᠷᠳᠤᠨ ᠬᠦᠬᠡᠬᠤᠳᠠ ᠳᠤ ᠰᠤᠶᠤᠯ ᠤᠨ ᠠᠵᠢᠯ ᠤᠨ ᠶᠠᠷᠢᠯᠴᠠᠬᠤ ᠬᠤᠷᠠᠯ ᠬᠢᠵᠤ᠂ ᠬᠠᠮᠢᠶ᠎ᠠ ᠪᠦᠬᠦᠢ ᠨᠢᠭᠡᠴᠡ ᠪᠠ ᠲᠤᠰᠬᠠᠢ ᠮᠡᠷᠭᠡᠵᠢᠯᠳᠡᠨ ᠡᠷᠳᠡᠮᠳᠡᠨ ᠤ ᠮᠠᠨ ᠤ ᠤᠷᠤᠨ ᠤ ᠤᠳᠬ᠎ᠠ ᠤᠷᠠᠯᠢᠭ ᠤᠨ ᠠᠵᠢᠯ ᠤᠨ ᠲᠤᠬᠠᠢ ᠰᠠᠨᠠᠯ ᠰᠠᠨᠠᠭᠤᠯᠭ᠎ᠠ ᠶᠢ ᠰᠤᠨᠤᠰᠪᠡ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠬᠤᠷᠠᠯ ᠡᠷᠬᠢᠯᠡᠪᠡ᠃ ᠶᠠᠷᠢᠯᠴᠠᠬᠤ ᠬᠤᠷᠠᠯ ᠲᠡᠭᠡᠷ᠎ᠡ᠂ ᠵᠤᠤ ᠰᠢᠨ ᠮᠢᠨ᠂ ᠵᠠᠩ ᠢᠤᠢ᠂ ᠴᠸᠠ ᠶᠦᠩ ᡁᠢ᠂ ᠸᠠᠩ ᠰᠢᠨ ᠮᠢᠨ᠂ ᠨᠠᠰᠤᠨ᠂ ᠴᠢᠮᠡᠳᠳᠤᠷᠵᠢ᠂ ᠮᠠᠨ ᠴᠢᠤᠸᠠᠨ᠂ ᠠᠭᠤᠯᠠᠳᠠᠢ᠂ ᠰᠦᠩ ᠱᠧᠩ ᠬᠦᠢ᠂ ᠬᠢᠴᠢᠶᠡᠯᠳᠦ᠂ ᠢ ᠵᠢᠩ ᠨᠠᠷ ᠤᠷᠢᠳ ᠬᠤᠵᠢᠳ ᠶᠠᠷᠢᠶ᠎ᠠ ᠲᠠᠯᠪᠢᠵᠤ᠂ ᠠᠳᠠᠯᠢ ᠪᠤᠰᠤ ᠬᠠᠷᠠᠭᠠᠰᠦ ᠠᠴᠠ ᠮᠠᠨ ᠤ ᠤᠷᠤᠨ ᠤ ᠤᠳᠬ᠎ᠠ ᠤᠷᠠᠯᠢᠭ ᠤᠨ ᠴᠡᠴᠡᠭᠯᠡᠯᠳᠡ ᠬᠦᠭᠵᠢᠯᠳᠡ ᠶᠢ ᠠᠬᠢᠭᠤᠯᠬᠤ ᠳᠤ ᠰᠠᠨᠠᠯ ᠰᠠᠨᠠᠭᠤᠯᠭ᠎ᠠ ᠪᠠᠨ ᠲᠤᠷᠠᠳᠴᠠᠢ᠃      ᠪᠦ᠋ ᠰᠢᠶᠤᠤ ᠯᠢᠨ ᠤᠯᠠᠨ ᠤ ᠬᠡᠯᠡᠭᠦ ᠶᠢ ᠬᠢᠨᠠᠮᠠᠭᠠᠢ ᠰᠤᠨᠤᠰᠤᠬᠰᠠᠨ ᠤ ᠲᠠᠷᠠᠭ᠎ᠠ ᠶᠠᠷᠢᠶ᠎ᠠ ᠲᠠᠯᠪᠢᠪᠠ᠃ ᠲᠡᠷᠡ ᠶᠠᠭᠤᠨ ᠤ ᠡᠮᠦᠨ᠎ᠡ ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠲᠤᠷᠰᠢᠬᠢ ᠰᠤᠶᠤᠯ ᠤᠷᠠᠯᠢᠭ  ᠤᠨ ᠤᠯᠤᠬᠰᠠᠨ ᠬᠢᠯᠠᠯᠵᠠᠮ᠎ᠠ ᠠᠮᠵᠢᠯᠳᠡ ᠶᠢ ᠡᠷᠬᠢᠴᠡᠭᠦᠯᠵᠤ᠂ ᠮᠠᠨ ᠤ ᠤᠷᠤᠨ ᠤ ᠰᠤᠶᠤᠯ ᠤᠨ ᠠᠵᠢᠯᠳᠠᠨ᠂ ᠠᠬᠠᠮᠠᠳ ᠵᠠᠯᠠᠭᠤ ᠤᠷᠠᠯᠢᠬᠴᠢᠨ ᠤ ᠰᠢᠷᠭᠠᠭᠤ ᠬᠦᠳᠡᠯᠮᠤᠷᠢ ᠪᠠ ᠬᠠᠷᠠᠮ ᠦᠭᠡᠢ ᠵᠤᠷᠢᠭᠤᠯᠬᠤ ᠵᠤᠷᠢᠭ ᠰᠠᠨᠠᠭ᠎ᠠ ᠳᠤ ᠲᠠᠯᠠᠷᠬᠠᠯ ᠢᠶᠠᠨ ᠲᠡᠪᠰᠢᠭᠦᠯᠪᠡ᠃ ᠲᠡᠷᠡ ᠵᠢᠭᠠᠵᠤ ᠭᠠᠷᠭᠠᠬᠰᠠᠨ ᠨᠢ᠂ ᠦᠪᠦᠷ ᠮᠤᠩᠭᠤᠯ ᠤᠨ 70 ᠵᠢᠯ ᠤᠨ ᠬᠦᠭᠵᠢᠯᠳᠡ ᠶᠢᠨ ᠶᠠᠪᠤᠴᠠ ᠠᠴᠠ ᠪᠢᠳᠡ ᠰᠤᠶᠤᠯ ᠪᠤᠯ ᠦᠨᠳᠦᠰᠦᠳᠡᠨ ᠤ ᠠᠮᠢᠨ ᠰᠤᠳᠠᠰᠦ ᠪᠦᠭᠡᠳ ᠠᠷᠠᠳ ᠲᠦᠮᠡᠨ  ᠤ ᠤᠶᠤᠨ ᠰᠠᠨᠠᠭᠠᠨ ᠤ ᠬᠡᠷ ᠤᠷᠤᠨ ᠬᠡᠳᠡᠭ ᠢ ᠬᠦᠨᠵᠡᠭᠡᠢ ᠲᠠᠨᠢᠵᠤ ᠤᠯᠵᠠᠢ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠤᠳᠬ᠎ᠠ ᠤᠷᠠᠯᠢᠭ ᠤᠨ ᠠᠵᠢᠯ ᠤᠨ ᠶᠠᠷᠢᠯᠴᠠᠬᠤ ᠬᠤᠷᠠᠯ ᠪᠠ ᠪᠦᠬᠦ ᠤᠯᠤᠰ ᠤᠨ ᠤᠳᠬ᠎ᠠ ᠤᠷᠠᠯᠢᠭ  ᠤᠨ ᠬᠢᠨ ᠤ ᠬᠤᠯᠪᠤᠭ᠎ᠠ ᠶᠢᠨ ᠠᠷᠪᠠᠳᠤᠭᠠᠷ ᠤᠳᠠᠭ᠎ᠠ ᠶᠢᠨ ᠲᠦᠯᠦᠭᠡᠯᠡᠭᠴᠢᠳ ᠤᠨ ᠶᠡᠭᠡ ᠬᠤᠷᠠᠯ᠂ ᠲᠤᠮᠳᠠᠳᠤ ᠤᠯᠤᠰ  ᠤᠨ ᠵᠤᠬᠢᠶᠠᠯᠴᠢᠳ ᠤᠨ ᠡᠪᠯᠡᠯ ᠤᠨ ᠶᠢᠰᠦᠳᠦᠭᠡᠷ ᠤᠳᠠᠭ᠎ᠠ ᠶᠢᠨ ᠲᠦᠯᠦᠭᠡᠯᠡᠭᠴᠢᠳ ᠤᠨ ᠶᠡᠭᠡ ᠬᠤᠷᠠᠯ ᠲᠡᠭᠡᠷᠡᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠰᠢᠨ᠎ᠠ ᠪᠠᠶᠢᠳᠠᠯ ᠲᠤᠤᠷᠠᠬᠢ ᠥᠪᠡᠷᠲᠡᠭᠡᠨ ᠵᠠᠰᠠᠬᠤ ᠤᠷᠤᠨ ᠤ ᠰᠤᠶᠤᠯ ᠤᠷᠠᠯᠢᠭ ᠤᠨ ᠶᠡᠭᠡ ᠬᠦᠭᠵᠢᠯᠳᠡ ᠶᠡᠭᠡ ᠴᠡᠴᠡᠭᠯᠡᠯᠳᠡ ᠶᠢ ᠠᠬᠢᠭᠤᠯᠬᠤ ᠬᠡᠷᠡᠭᠳᠡᠢ ᠬᠡᠪᠡ᠃      ᠪᠦ᠋ ᠰᠢᠶᠤᠤ ᠯᠢᠨ ᠴᠢᠬᠤᠯᠠᠴᠢᠯᠠᠬᠰᠠᠨ ᠨᠢ᠂ ᠰᠤᠶᠤᠯ ᠤᠨ ᠦᠪᠡᠷ ᠤᠨ ᠢᠳᠡᠭᠡᠯ ᠢ ᠪᠠᠷᠢᠮᠳᠠᠯᠠᠵᠤ᠂ ᠤᠯᠠᠨ ᠦᠨᠳᠦᠰᠦᠳᠡᠨ ᠤ ᠰᠤᠶᠤᠯ ᠪᠤᠯ ᠲᠤᠮᠳᠠᠳᠤ ᠶᠢᠨ ᠰᠤᠶᠤᠯ ᠤᠨ ᠦᠨᠳᠦᠰᠦᠨ ᠪᠦᠷᠢᠯᠳᠦᠭᠦᠨ ᠬᠡᠳᠡᠭ ᠢ ᠬᠦᠢᠴᠡᠳ ᠲᠠᠨᠢᠵᠤ᠂ ᠲᠠᠯ᠎ᠠ ᠨᠤᠳᠤᠭ ᠤᠨ ᠰᠤᠶᠤᠯ ᠢ ᠪᠠᠭᠳᠠᠭᠠᠬᠰᠠᠨ ᠲᠤᠮᠳᠠᠳᠤ ᠶᠢᠨ ᠰᠤᠶᠤᠯ ᠤᠨ ᠲᠤᠬᠠᠢ ᠲᠠᠨᠢᠯᠳᠠ ᠮᠡᠳᠡᠷᠡᠯᠳᠡ ᠤᠶᠢᠯᠠᠭᠠᠯᠳᠠ ᠪᠠᠨ ᠦᠨᠡᠨᠭᠦ ᠬᠦᠨᠵᠡᠭᠡᠶᠢᠷᠡᠭᠦᠯᠭᠦ ᠬᠡᠷᠡᠭᠳᠡᠢ᠃ ᠠᠷᠠᠳ ᠲᠦᠮᠡᠨ ᠳᠤ ᠦᠢᠯᠡᠴᠢᠯᠡᠭᠦ ᠶᠢ ᠰᠤᠶᠤᠯ ᠤᠷᠠᠯᠢᠭ ᠤᠨ ᠴᠡᠴᠡᠭᠯᠡᠯᠳᠡ ᠬᠦᠭᠵᠢᠯᠳᠡ ᠶᠢᠨ ᠭᠤᠤᠯ ᠡᠭᠦᠷᠭᠡ ᠪᠤᠯᠭᠠᠵᠤ᠂ ᠦᠨᠳᠦᠰᠦᠳᠡᠨ ᠨᠦᠭᠦᠳ ᠤᠨ ᠠᠷᠠᠳ ᠲᠦᠮᠡᠨ ᠤ ᠡᠬᠡ ᠤᠯᠤᠰ ᠢᠶᠠᠨ ᠬᠠᠯᠠᠭᠤᠨ ᠢᠶᠠᠷ ᠬᠠᠶᠢᠷᠠᠯᠠᠬᠤ᠂ ᠦᠪᠦᠷ ᠮᠤᠩᠭᠤᠯ ᠢᠶᠠᠨ ᠬᠠᠯᠠᠭᠤᠨ ᠢᠶᠠᠷ ᠬᠠᠶᠢᠷᠠᠯᠠᠬᠤ᠂ ᠠᠮᠢᠳᠤᠷᠠᠯ ᠢ ᠬᠠᠯᠠᠭᠤᠨ ᠢᠶᠠᠷ ᠬᠠᠶᠢᠷᠠᠯᠠᠬᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠬᠠᠶᠢᠷ᠎ᠠ ᠰᠡᠳᠬᠢᠯᠭᠡ ᠶᠢ ᠢᠯᠡᠷᠡᠭᠦᠯᠬᠦ ᠬᠡᠷᠡᠭᠳᠡᠢ᠃ ᠰᠤᠶᠤᠯ ᠤᠨ ᠦᠷᠳᠡᠭ ᠢᠶᠠᠷ ᠬᠦᠳᠦᠯᠦᠨ ᠲᠠᠭᠠᠭᠤᠯᠬᠤ ᠦᠢᠯᠡᠳᠦᠯ  ᠢ ᠬᠦᠢᠴᠡᠳ ᠪᠠᠳᠠᠷᠠᠭᠤᠯᠵᠤ᠂ ᠲᠠᠯ᠎ᠠ ᠨᠤᠳᠤᠭ ᠤᠨ ᠰᠤᠶᠤᠯ ᠤᠨ ᠦᠪᠡᠷᠮᠢᠴᠠ ᠤᠨᠴᠠᠯᠢᠬᠳᠦ ᠤᠷᠠᠯᠢᠭ ᠤᠨ ᠬᠡᠯᠪᠡᠷᠢ ᠪᠠᠷ ᠨᠡᠶᠢᠭᠡᠮ ᠵᠢᠷᠤᠮ ᠤᠨ ᠭᠤᠤᠯᠯᠠᠬᠴᠢ ᠦᠷᠳᠡᠭ ᠤᠨ ᠦᠵᠡᠯᠳᠡ ᠶᠢ ᠪᠠᠳᠠᠷᠠᠭᠤᠯᠵᠤ᠂ ᠬᠦᠮᠦᠰ ᠢ ᠬᠦᠳᠦᠯᠦᠨ ᠵᠢᠯᠤᠭᠤᠳᠴᠤ ᠵᠦᠪ ᠲᠡᠤᠭᠡ ᠶᠢᠨ ᠦᠵᠡᠯᠳᠡ᠂ ᠦᠨᠳᠦᠰᠦᠳᠡᠨ ᠤ ᠦᠵᠡᠯᠳᠡ᠂ ᠤᠯᠤᠰ ᠤᠨ ᠦᠵᠡᠯᠳᠡ ᠂ ᠰᠤᠶᠤᠯ ᠤᠨ ᠦᠵᠡᠯᠳᠡ ᠲᠠᠢ ᠪᠤᠯᠭᠠᠬᠤ ᠬᠡᠷᠡᠭᠳᠡᠢ᠃ ᠲᠠᠯ᠎ᠠ ᠨᠤᠳᠤᠭ ᠤᠨ ᠰᠤᠶᠤᠯ ᠢ ᠬᠠᠮᠠᠭᠠᠯᠠᠬᠤ᠂ ᠡᠮᠬᠢᠯᠡᠭᠦ᠂ ᠤᠯᠠᠮᠵᠢᠯᠠᠬᠤ ᠪᠠ ᠬᠦᠭᠵᠢᠭᠦᠯᠭᠦ ᠠᠵᠢᠯ ᠢ ᠰᠠᠶᠢᠳᠤᠷ ᠬᠢᠵᠤ᠂ ᠦᠨᠳᠦᠰᠦᠳᠡᠨ ᠤ ᠤᠯᠠᠮᠵᠢᠯᠠᠯᠳᠦ ᠰᠢᠯᠢᠳᠡᠭ ᠰᠤᠶᠤᠯ ᠢᠶᠠᠨ ᠪᠠᠳᠠᠷᠠᠭᠤᠯᠵᠤ᠂ ᠲᠠᠯ᠎ᠠ ᠨᠤᠳᠤᠭ ᠤᠨ ᠰᠤᠶᠤᠯ ᠤᠨ ᠪᠠᠶᠠᠯᠢᠭ ᠠᠭᠤᠯᠬᠤᠨ ᠢ ᠬᠦᠨᠵᠡᠭᠡᠢ ᠠᠭᠤᠳᠠᠯᠵᠤ᠂ ᠦᠪᠦᠷ ᠮᠤᠩᠭᠤᠯ ᠤᠨ ᠬᠤᠪᠢᠰᠬᠠᠯ ᠤᠨ ᠤᠯᠠᠮᠵᠢᠯᠠᠯ ᠪᠠ ᠬᠤᠪᠢᠰᠬᠠᠯ ᠤᠨ ᠰᠤᠶᠤᠯ ᠢ ᠵᠠᠯᠭᠠᠮᠵᠢᠯᠠᠨ ᠪᠠᠳᠠᠷᠠᠭᠤᠯᠵᠤ᠂ ᠤᠯᠤᠰ ᠤᠨ ᠲᠤᠳᠤᠭᠠᠳᠦ ᠭᠠᠳᠠᠭᠠᠳᠦ ᠶᠢᠨ ᠰᠢᠯᠢᠳᠡᠭ ᠰᠤᠶᠤᠯ ᠢ ᠰᠤᠷᠤᠯᠴᠠᠨ ᠲᠤᠯᠢᠯᠠᠵᠤ᠂ ᠲᠠᠯ᠎ᠠ ᠨᠤᠳᠤᠭ ᠤᠨ ᠰᠤᠶᠤᠯ ᠢ ᠨᠡᠩ ᠦᠩᠬᠡ ᠢᠯᠭᠠᠷᠠᠮ᠎ᠠ ᠪᠤᠯᠭᠠᠬᠤ ᠬᠡᠷᠡᠭᠳᠡᠢ᠃ ᠰᠤᠳᠤᠨ ᠪᠦᠳᠦᠭᠡᠯ ᠤᠨ ᠤᠬᠠᠮᠰᠠᠷ ᠢ ᠪᠠᠳᠤ ᠪᠠᠬᠢ ᠪᠤᠢ ᠪᠤᠯᠭᠠᠵᠤ᠂ ᠴᠠᠭ ᠦᠶ᠎ᠠ ᠶᠢᠨ ᠤᠨᠴᠠᠯᠢᠭ ᠢ ᠡᠵᠡᠮᠰᠢᠵᠤ᠂ ᠰᠢᠨ᠎ᠠ ᠶᠢ ᠦᠵᠡᠯ ᠰᠠᠨᠠᠭ᠎ᠠ ᠬᠦᠨ᠂ ᠤᠷᠠᠯᠢᠬᠴᠢ ᠴᠢᠨᠠᠷ ᠢᠶᠠᠷ ᠴᠢᠩᠭ᠎ᠠ᠂ ᠤᠷᠠᠨ ᠨᠠᠷᠢᠯᠢᠭ ᠵᠤᠬᠢᠶᠠᠨ ᠪᠦᠳᠦᠭᠡᠭᠰᠡᠨ ᠨᠡᠩ ᠤᠯᠠᠨ ᠦᠶ᠎ᠠ ᠤᠯᠠᠮᠵᠢᠯᠠᠬᠤ ᠰᠤᠳᠤᠨ ᠪᠦᠳᠦᠭᠡᠯ ᠢ ᠴᠢᠷᠮᠠᠶᠢᠨ ᠵᠤᠬᠢᠶᠠᠨ ᠪᠦᠳᠦᠭᠡᠬᠦ ᠬᠡᠷᠡᠭᠳᠡᠢ᠃ ᠰᠤᠶᠤᠯ ᠤᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠭᠡᠭᠵᠢᠭᠦᠯᠵᠤ᠂ ᠪᠤᠳᠠᠰ ᠤᠨ ᠪᠤᠰᠤ ᠰᠤᠶᠤᠯ ᠤᠨ ᠦᠪ ᠢ ᠬᠠᠮᠠᠭᠠᠯᠠᠬᠤ ᠤᠯᠠᠮᠵᠢᠯᠠᠬᠤ ᠠᠵᠢᠯ ᠢ ᠴᠢᠩᠭᠠᠳᠬᠠᠵᠤ᠂ ᠤᠨᠴᠠᠯᠢᠬᠳᠦ ᠰᠤᠶᠤᠯ ᠤᠨ ᠬᠤᠳᠠ ᠶᠢᠨ ᠪᠦᠳᠦᠭᠡᠨ ᠪᠠᠶᠢᠭᠤᠯᠤᠯᠳᠠ ᠶᠢ ᠴᠢᠬᠤᠯᠠᠴᠢᠯᠠᠵᠤ᠂ ᠮᠠᠨ ᠤ ᠤᠷᠤᠨ ᠤ ᠰᠤᠶᠤᠯ ᠤᠨ ᠵᠦᠭᠡᠯᠡᠨ ᠪᠤᠳᠠᠳᠤ ᠬᠦᠴᠦᠨ ᠢ ᠲᠠᠰᠤᠷᠠᠯᠳᠠ ᠦᠭᠡᠢ ᠴᠢᠩᠭᠠᠷᠠᠭᠤᠯᠬᠤ ᠬᠡᠷᠡᠭᠳᠡᠢ ᠬᠡᠪᠡ᠃      ᠪᠦ᠋ ᠰᠢᠶᠤᠤ ᠯᠢᠨ ᠵᠢᠭᠠᠵᠤ ᠭᠠᠷᠭᠠᠬᠰᠠᠨ ᠨᠢ᠂ ᠰᠤᠶᠤᠯ ᠤᠨ ᠬᠦᠭᠵᠢᠯᠳᠡ ᠶᠢᠨ ᠲᠦᠪᠰᠢᠨ ᠪᠤᠯ ᠨᠢᠭᠡ ᠭᠠᠵᠠᠷ ᠤᠷᠤᠨ ᠤ ᠶᠡᠷᠦᠩᠬᠡᠶᠢᠯᠡᠭᠰᠡᠨ ᠪᠤᠳᠠᠳᠤ ᠬᠦᠴᠦᠨ ᠪᠠ ᠬᠦᠭᠵᠢᠯᠳᠡ ᠶᠢᠨ ᠶᠠᠰᠦ ᠴᠢᠨᠠᠷ ᠢ ᠬᠡᠮᠵᠢᠭᠦ ᠴᠢᠬᠤᠯᠠ ᠬᠡᠮᠵᠢᠭᠦᠷ ᠪᠤᠯᠤᠨ᠎ᠠ᠃ ᠡᠯ᠎ᠠ ᠱᠠᠳᠤᠨ ᠤ ᠵᠠᠰᠠᠭ ᠤᠨ ᠤᠷᠳᠤᠨ ᠰᠤᠶᠤᠯ ᠤᠨ ᠬᠦᠭᠵᠢᠯᠳᠡ ᠶᠢ ᠨᠡᠩ ᠴᠢᠬᠤᠯᠠ ᠪᠠᠶᠢᠷᠢᠨ ᠳᠤ ᠲᠠᠯᠪᠢᠵᠤ᠂ ᠪᠡᠯᠡ ᠤᠷᠤᠭᠤᠯᠬᠤ ᠪᠠ ᠬᠦᠬᠢᠭᠦᠯᠦᠨ ᠱᠠᠩᠨᠠᠬᠤ ᠲᠤᠬᠳᠠᠴᠠ ᠶᠢ ᠪᠠᠶᠢᠭᠤᠯᠤᠨ ᠲᠡᠭᠦᠯᠳᠡᠷᠵᠢᠭᠦᠯᠵᠤ᠂ ᠵᠤᠬᠢᠶᠠᠯ ᠪᠦᠳᠦᠭᠡᠯ ᠵᠤᠬᠢᠶᠠᠨ ᠪᠦᠳᠦᠭᠡᠬᠦ᠂ ᠴᠢᠳᠠᠪᠤᠷᠢᠳᠠᠨ ᠬᠦᠮᠦᠵᠢᠭᠦᠯᠭᠦ ᠳᠤ ᠠᠰᠢᠬ ᠲᠠᠢ ᠪᠠᠶᠢᠭᠤᠯᠤᠮᠵᠢ ᠲᠤᠬᠳᠠᠴᠠ ᠶᠢ ᠪᠦᠷᠢᠯᠳᠦᠭᠦᠯᠵᠤ᠂ ᠤᠳᠬ᠎ᠠ ᠤᠷᠠᠯᠢᠭ ᠤᠨ ᠴᠢᠳᠠᠪᠤᠷᠢᠳᠠᠨ ᠢ ᠬᠦᠨᠳᠦᠳᠭᠡᠭᠦ᠂ ᠰᠤᠶᠤᠯ ᠤᠷᠠᠯᠢᠭ ᠤᠨ ᠵᠤᠬᠢᠶᠠᠨ ᠪᠦᠳᠦᠭᠡᠯᠭᠡ ᠶᠢ ᠬᠦᠨᠳᠦᠳᠭᠡᠭᠦ ᠠᠭᠤᠷ ᠠᠮᠢᠰᠬᠤᠯ ᠢ ᠪᠤᠢ ᠪᠤᠯᠭᠠᠵᠤ᠂ ᠤᠳᠬ᠎ᠠ ᠤᠷᠠᠯᠢᠭ ᠤᠨ ᠴᠢᠳᠠᠪᠤᠷᠢᠳᠠᠨ ᠴᠤᠯᠭᠤᠷᠠᠨ ᠭᠠᠷᠬᠤ ᠳᠤ ᠨᠦᠬᠦᠴᠡᠯ ᠪᠦᠷᠢᠯᠳᠦᠭᠦᠯᠦᠨ ᠦᠭᠬᠦ ᠬᠡᠷᠡᠭᠳᠡᠢ ᠬᠡᠵᠡᠢ᠃      ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠯᠢᠦ ᠰᠢᠨ ᠯᠧ ᠶᠠᠷᠢᠯᠴᠠᠬᠤ ᠬᠤᠷᠠᠯ ᠳᠤ ᠤᠷᠤᠯᠴᠠᠬᠤ ᠶᠢᠨ ᠬᠠᠮᠳᠤ ᠶᠠᠷᠢᠶ᠎ᠠ ᠲᠠᠯᠪᠢᠬᠤ ᠳᠠᠭᠠᠨ ᠵᠢᠭᠠᠵᠤ ᠭᠠᠷᠭᠠᠬᠰᠠᠨ ᠨᠢ᠂ ᠲᠡᠷᠢᠭᠦᠨ ᠤ ᠰᠤᠶᠤᠯ ᠤᠨ ᠤᠷᠤᠬᠰᠢᠯᠠᠯᠳᠠ ᠶᠢᠨ ᠴᠢᠭᠯᠡᠯ ᠢ ᠢᠮᠠᠬᠳᠠ ᠪᠠᠷᠢᠮᠳᠠᠯᠠᠵᠤ᠂ ᠲᠦᠪ ᠤᠨ ᠰᠤᠶᠤᠯ ᠤᠨ ᠪᠠᠶᠢᠭᠤᠯᠤᠯᠳᠠ ᠶᠢᠨ ᠲᠤᠬᠠᠢ ᠪᠦᠬᠦᠯᠢ ᠴᠤᠬᠴᠠ ᠶᠢᠨ ᠪᠠᠶᠢᠷᠢᠯᠠᠭᠤᠯᠤᠯᠳᠠ ᠪᠠ ᠦᠪᠡᠷᠳᠡᠭᠡᠨ ᠵᠠᠰᠠᠬᠤ ᠤᠷᠤᠨ ᠤ ᠦᠨᠳᠦᠰᠦᠳᠡᠨ ᠨᠦᠭᠦᠳ ᠤᠨ ᠤᠯᠠᠨ ᠲᠦᠮᠡᠨ ᠤ ᠤᠶᠤᠨ ᠰᠠᠨᠠᠭ᠎ᠠ ᠰᠤᠶᠤᠯ ᠤᠨ ᠬᠡᠷᠡᠭᠴᠡᠭᠡ ᠶᠢ ᠨᠢᠭᠡᠳᠭᠡᠵᠤ᠂ ᠦᠨᠳᠦᠰᠦᠳᠡᠨ ᠤ ᠰᠤᠶᠤᠯ ᠤᠨ ᠬᠦᠴᠦᠷᠭᠡᠭ ᠤᠷᠤᠨ ᠢ ᠪᠠᠶᠢᠭᠤᠯᠬᠤ ᠬᠠᠷᠠᠯᠳᠠ ᠶᠢᠨ ᠲᠤᠭᠤᠷᠢᠨ ᠳᠤ᠂ ᠰᠤᠶᠤᠯ ᠤᠨ ᠬᠦᠭᠵᠢᠯᠳᠡ ᠶᠢᠨ ᠰᠡᠳᠬᠢᠴᠡ ᠶᠢᠨ ᠰᠢᠨ᠎ᠠ ᠶᠢ ᠡᠭᠦᠳᠴᠤ᠂ ᠰᠤᠶᠤᠯ ᠤᠨ ᠡᠭᠦᠳᠦᠨ ᠪᠦᠳᠦᠭᠡᠭᠦ ᠠᠮᠢᠵᠢᠷᠠᠯ ᠤᠨ ᠬᠦᠴᠦᠨ ᠢ ᠬᠦᠭᠵᠢᠭᠡᠵᠤ᠂ ᠲᠠᠯ᠎ᠠ ᠨᠤᠳᠤᠭ ᠤᠨ ᠰᠤᠶᠤᠯ ᠤᠨ ᠤᠨᠴᠠᠯᠢᠭ ᠲᠠᠪᠠᠭᠤᠯᠢᠭ ᠢ ᠪᠠᠳᠠᠷᠠᠭᠤᠯᠤᠨ᠂ ᠰᠤᠶᠤᠯ ᠬᠢᠭᠡᠳ ᠬᠠᠮᠢᠶ᠎ᠠ ᠪᠦᠬᠦᠢ ᠠᠵᠤ ᠦᠢᠯᠡᠰ ᠤᠨ ᠠᠭᠤᠰᠤᠯᠴᠠᠨ ᠬᠦᠭᠵᠢᠭᠦ ᠶᠢ ᠠᠬᠢᠭᠤᠯᠵᠤ᠂ ᠲᠠᠯ᠎ᠠ ᠨᠤᠳᠤᠭ ᠤᠨ ᠰᠤᠶᠤᠯ ᠤᠨ ᠲᠡᠯᠡᠬᠡᠢ ᠳᠤ ᠭᠠᠷᠴᠤ ᠤᠴᠢᠬᠤ ᠶᠢ ᠠᠬᠢᠭᠤᠯᠬᠤ ᠬᠡᠷᠡᠭᠳᠡᠢ ᠬᠡᠪᠡ᠃      ᠡᠯ᠎ᠠ ᠠᠶᠢᠮᠠᠭ ᠬᠤᠳᠠ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠨᠦᠬᠦᠳ᠂ ᠦᠪᠡᠷᠳᠡᠭᠡᠨ ᠵᠠᠰᠠᠬᠤ ᠤᠷᠤᠨ  ᠤ ᠬᠠᠮᠢᠶ᠎ᠠ ᠪᠦᠬᠦᠢ ᠰᠠᠯᠠᠭ᠎ᠠ ᠮᠦᠴᠢᠷ ᠪᠠ ᠨᠢᠭᠡᠴᠡ ᠶᠢᠨ ᠬᠠᠷᠢᠭᠤᠴᠠᠯᠭᠠᠳᠠᠨ ᠶᠠᠷᠢᠯᠴᠠᠬᠤ ᠬᠤᠷᠠᠯ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号