ᠮᠠᠨᠵᠤᠤᠷ ᠬᠤᠲᠠ ᠴᠠᠬᠢᠯᠭᠠᠨᠵᠢᠭᠤᠯᠤᠭᠰᠠᠨ ᠲᠡᠮᠦᠷ ᠵᠠᠮ ᠤᠨ ᠲᠥᠷᠥᠯ ᠵᠦᠢᠯ ᠤᠨ ᠦᠨᠳᠦᠰᠦᠨ ᠪᠦᠳᠦᠭᠡᠨ ᠪᠠᠶᠢᠭᠤᠯᠤᠯᠲᠠ ᠶᠢ ᠨᠢᠭᠡᠨᠲᠡ ᠳᠠᠭᠤᠰᠬᠠᠪᠠ
ᠨᠡᠶᠢᠲᠡᠯᠡᠭᠰᠡᠨ ᠴᠠᠭ᠄
2017/4/25
     ᠨᠢᠭᠡ ᠦᠶ᠎ᠡ ᠶᠢᠨ ᠶᠠᠭᠠᠷᠠᠯᠲᠠᠶ ᠠᠵᠢᠯᠯᠠᠭᠰᠠᠨ ᠢᠶᠠᠷ ᠳᠠᠮᠵᠢᠭᠠᠳ᠂ ᠮᠠᠨᠵᠤᠤᠷ ᠤᠨ ᠲᠡᠮᠦᠷ ᠵᠠᠮ ᠤᠨ ᠥᠷᠲᠡᠭᠡᠨ ᠳᠠᠬᠢ ᠴᠠᠬᠢᠯᠭᠠᠨᠵᠢᠭᠤᠯᠤᠭᠰᠠᠨ ᠲᠡᠮᠦᠷ ᠵᠠᠮ ᠤᠨ ᠲᠥᠷᠥᠯ ᠵᠦᠢᠯ ᠤᠨ ᠦᠨᠳᠦᠰᠦᠨ ᠪᠦᠳᠦᠭᠡᠨ ᠪᠠᠶᠢᠭᠤᠯᠤᠯᠲᠠ᠂ ᠬᠦᠷᠦᠯᠴᠡᠬᠦᠷ ᠲᠣᠣᠷ ᠤᠨ ᠪᠦᠲᠦᠭᠡᠨ ᠪᠠᠶᠢᠭᠤᠯᠤᠯᠲᠠ᠂ ᠴᠢᠷᠦᠯᠲᠡ ᠶᠢᠨ ᠴᠠᠬᠢᠯᠭᠠᠨ ᠥᠭᠡᠷᠡᠴᠢᠯᠡᠬᠦ ᠭᠠᠵᠠᠷ ᠪᠠᠶᠢᠭᠤᠯᠤᠯᠲᠠ ᠶᠢ ᠨᠢᠭᠡᠨᠲᠡ ᠪᠡᠶᠡᠯᠡᠭᠦᠯᠪᠡ᠃ ᠵᠢᠱᠢᠯᠲᠡ ᠪᠠᠷ ᠡᠨᠡ ᠵᠢᠯ ᠤᠨ 5 ᠳ᠋ᠤᠭᠠᠷ ᠰᠠᠷ᠎ᠠ ᠳᠤ ᠲᠤᠷᠰᠢᠨ ᠠᠵᠢᠯᠯᠠᠬᠤ ᠪᠣᠯᠤᠨ᠎ᠠ᠃      ᠴᠠᠬᠢᠯᠭᠠᠨᠵᠢᠭᠤᠯᠤᠭᠰᠠᠨ ᠲᠡᠮᠦᠷ ᠵᠠᠮ ᠪᠣᠯ ᠴᠠᠬᠢᠯᠭᠠᠨ ᠬᠦᠴᠦᠨ ᠤ ᠪᠤᠬ᠎ᠠ ᠲᠡᠷᠭᠡ ᠪᠤᠶᠤ ᠬᠥᠳᠡᠯᠭᠡᠭᠦᠷᠲᠦ ᠴᠤᠪᠤᠭ᠎ᠠ ᠲᠡᠷᠭᠡ ᠬᠤᠶᠠᠷ ᠵᠦᠢᠯ ᠤᠨ ᠲᠡᠮᠦᠷ ᠵᠠᠮ ᠤᠨ ᠭᠠᠯᠲᠤ ᠲᠡᠷᠬᠡ ᠶᠢᠨ ᠭᠤᠣᠯ ᠠᠶᠠᠯᠠᠵᠤ ᠪᠠᠶᠢᠭ᠎ᠠ ᠲᠡᠮᠦᠷ ᠵᠡᠮ ᠪᠣᠯᠣᠨ᠎ᠠ᠃ ᠴᠠᠬᠢᠯᠭᠠᠨᠵᠢᠭᠤᠯᠤᠭᠰᠠᠨ ᠲᠡᠮᠦᠷ ᠵᠠᠮ ᠤᠨ ᠴᠢᠷᠦᠯᠲᠡ ᠶᠢᠨ ᠬᠦᠳᠡᠯᠭᠡᠭᠦᠷ ᠬᠦᠴᠦᠨ ᠨᠢ ᠴᠠᠬᠢᠯᠭᠠᠨ ᠬᠦᠴᠦᠨ ᠤ ᠪᠤᠬ᠎ᠠ ᠲᠡᠷᠭᠡ ᠪᠠᠶᠢᠵᠤ᠂ ᠪᠤᠬ᠎ᠠ ᠲᠡᠷᠭᠡᠨ ᠤ ᠲᠤᠰ ᠪᠡᠶ᠎ᠡ ᠨᠢ ᠡᠨᠧᠷᠭᠢ ᠪᠠᠶᠢᠬᠤ ᠦᠭᠡᠢ᠂ ᠬᠡᠷᠡᠭᠴᠡᠭᠡ ᠪᠦᠬᠦᠢ ᠡᠨᠧᠷᠭᠢ ᠶᠢ ᠨᠢ ᠴᠠᠬᠢᠯᠭᠠᠨ ᠬᠦᠴᠦᠨ ᠤ ᠴᠢᠷᠦᠯᠲᠡ ᠶᠢᠨ ᠴᠠᠬᠢᠯᠭᠠᠨ ᠬᠠᠩᠭᠠᠬᠤ  ᠰᠢᠰᠲ᠋ᠧᠮᠵᠢ ᠬᠠᠩᠭᠠᠳᠠᠭ᠃ ᠴᠠᠬᠢᠯᠭᠠᠨ ᠬᠦᠴᠦᠨ ᠤ ᠴᠢᠷᠦᠯᠲᠡ ᠨᠢ ᠬᠦᠴᠦ ᠶᠡᠭᠡ᠂ ᠬᠤᠷᠳᠤᠴᠠ ᠲᠦᠷᠭᠡᠨ᠂  ᠡᠨᠧᠷᠭᠢ ᠶᠢᠨ ᠬᠤᠷᠣᠭᠳᠠᠯ ᠪᠠᠭ᠎ᠠ᠂ ᠦᠷ᠎ᠡ ᠪᠦᠲᠦᠮᠵᠢ ᠥᠨᠳᠥᠷ ᠵᠡᠷᠭᠡ ᠣᠨᠴᠠᠯᠢᠭ ᠲᠠᠢ ᠪᠠᠷ ᠢᠶᠠᠨ᠂ ᠲᠡᠭᠡᠭᠡᠪᠦᠷᠢᠯᠡᠬᠦ ᠴᠢᠳᠠᠪᠤᠷᠢ ᠶᠢ ᠮᠡᠳᠡᠭᠳᠡᠬᠦ᠋ᠢᠴᠡ ᠳᠡᠭᠡᠭᠰᠢᠯᠡᠭᠦᠯᠵᠦ ᠴᠢᠳᠠᠳᠠᠭ ᠶᠤᠮ᠃ ᠡᠭᠦᠨ ᠤ  ᠬᠠᠮᠲᠤ᠂ ᠪᠤᠬ᠎ᠠ ᠲᠡᠷᠭᠡᠨ ᠤ ᠴᠢᠳᠠᠮᠵᠢ ᠪᠠ ᠣᠷᠴᠢᠨ ᠨᠥᠬᠦᠴᠡᠯ ᠨᠢ ᠤᠳᠤ ᠶᠢᠨ ᠬᠡᠷᠡᠭᠵᠢᠭᠦᠯᠵᠦ ᠪᠠᠶᠢᠭ᠎ᠠ ᠳᠣᠲᠣᠭᠠᠳᠤ ᠰᠢᠲᠠᠯᠲᠠ ᠶᠢᠨ ᠪᠤᠬ᠎ᠠ ᠲᠡᠷᠭᠡ ᠠᠴᠠ ᠨᠡᠩ ᠰᠠᠶᠢᠨ᠂ ᠨᠡᠩ ᠪᠣᠬᠢᠷᠳᠣᠯ ᠦᠭᠡᠢ ᠪᠠᠶᠢᠬᠤ᠂ ᠮᠠᠨ ᠤ ᠤᠯᠤᠰ ᠤᠨ ᠳᠡᠮᠤᠷ ᠵᠠᠮ ᠤᠨ ᠴᠢᠷᠦᠯᠲᠡ ᠶᠢᠨ ᠬᠦᠳᠡᠯᠭᠡᠭᠦᠷ ᠬᠦᠴᠦᠨ ᠤ ᠬᠥᠭᠵᠢᠯᠲᠡ ᠶᠢᠨ ᠬᠠᠨᠳᠤᠰᠢ ᠪᠣᠯᠣᠨ᠎ᠠ᠃ ᠲᠤᠰ ᠤᠳᠠᠭᠠᠨ ᠤ ᠴᠠᠬᠢᠯᠭᠠᠨᠵᠢᠭᠤᠯᠤᠨ ᠥᠭᠡᠷᠡᠴᠢᠯᠡᠬᠦ ᠲᠥᠷᠥᠯ ᠵᠦᠢᠯ ᠨᠢ ᠬᠤᠵᠢᠮ ᠤᠨ ᠭᠠᠯᠲᠤ ᠲᠡᠷᠭᠡᠨ ᠤ ᠬᠤᠷᠳᠤᠴᠠ ᠶᠢ ᠨᠡᠮᠡᠭᠳᠡᠭᠦᠯᠬᠦ ᠵᠢᠴᠢ ᠮᠠᠨᠵᠤᠤᠷ ᠬᠤᠲᠠ  ᠳᠤ ᠳᠡᠭᠡᠳᠦ ᠬᠤᠷᠳᠤᠴᠠᠲᠤ ᠳᠡᠮᠦᠷ ᠵᠠᠮ ᠪᠠ ᠬᠥᠳᠡᠯᠭᠡᠭᠦᠷᠲᠦ ᠴᠤᠪᠤᠭ᠎ᠠ ᠲᠡᠷᠭᠡ ᠨᠡᠪᠲᠡᠷᠡᠬᠦ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃       ᠴᠠᠬᠢᠯᠭᠠᠨᠵᠢᠭᠤᠯᠤᠨ ᠥᠭᠡᠷᠡᠴᠢᠯᠡᠭᠰᠡᠨ ᠤ ᠳᠠᠷᠠᠭ᠎ᠠ᠂ ᠪᠤᠬ᠎ᠠ ᠲᠡᠷᠭᠡᠨ ᠤ ᠴᠢᠷᠦᠯᠲᠡ ᠶᠢᠨ ᠠᠷᠭ᠎ᠠ ᠬᠡᠯᠪᠡᠷᠢ ᠨᠢ ᠳᠣᠲᠣᠭᠠᠳᠤ ᠰᠢᠲᠠᠯᠲᠠ ᠶᠢᠨ ᠪᠤᠬ᠎ᠠ ᠲᠡᠷᠭᠡ ᠪᠠᠷ ᠴᠢᠷᠴᠦ ᠪᠠᠶᠢᠭᠰᠠᠨ ᠠᠴᠠ ᠪᠠᠨ ᠴᠠᠬᠢᠯᠭᠠᠨ ᠬᠦᠴᠦᠨ ᠤ ᠪᠤᠬ᠎ᠠ ᠲᠡᠷᠭᠡ ᠪᠠᠷ ᠴᠢᠷᠬᠦ ᠪᠣᠯᠵᠤ᠂ ᠰᠢᠲᠠᠭᠠᠯᠭ᠎ᠠ ᠶᠢᠨ ᠲᠣᠰᠣ ᠶᠢ ᠲᠦᠰᠢᠭᠯᠡᠵᠦ ᠪᠠᠶᠢᠭᠰᠠᠨ ᠲᠡᠦᠬᠡ ᠠᠴᠠ ᠠᠶᠠᠷᠯᠠᠨ᠂ ᠭᠠᠯᠲᠤ ᠲᠡᠷᠭᠡᠨ ᠤ ᠬᠤᠷᠳᠤᠴᠠ ᠶᠢ ᠪᠦᠲᠦᠮᠵᠢᠲᠡᠢ ᠲᠥᠷᠭᠡᠳᠬᠡᠵᠦ᠂ ᠲᠡᠭᠡᠭᠡᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠲᠡᠭᠡᠭᠡᠪᠦᠷᠢ ᠶᠢᠨ ᠥᠪᠡᠷ ᠤᠨ ᠦᠷᠲᠡᠭ ᠶᠢ ᠪᠠᠭᠤᠷᠠᠭᠤᠯᠤᠨ᠂ ᠬᠤᠣᠷᠲᠤ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢ ᠪᠠᠭᠠᠰᠬᠠᠵᠤ᠂ ᠮᠠᠨᠵᠤᠤᠷ ᠪᠣᠭᠤᠮᠲᠠ ᠪᠣᠯᠤᠨ ᠬᠠᠷᠠᠮᠥ᠋ᠷᠡᠨ ᠮᠤᠵᠢ ᠶᠢᠨ ᠪᠠᠷᠠᠭᠤᠨ ᠬᠡᠰᠡᠭ ᠤᠨ ᠭᠠᠵᠠᠷ ᠣᠷᠣᠨ ᠤ ᠪᠦᠬᠦ ᠤᠯᠤᠰ ᠤᠨ ᠭᠤᠣᠯ ᠪᠣᠯᠬᠤ ᠬᠤᠲᠠ ᠯᠤᠭ᠎ᠠ ᠶᠢᠨ ᠠᠵᠤ ᠠᠬᠤᠶ ᠠᠷᠠᠯᠵᠢᠶ᠎ᠠ ᠶᠢᠨ ᠰᠣᠯᠢᠯᠴᠠᠭ᠎ᠠ ᠬᠢᠵᠦ ᠶᠢ ᠠᠬᠢᠭᠤᠯᠵᠤ᠂ ᠬᠢᠯᠢ ᠬᠢᠵᠠᠭᠠᠷ ᠳᠠᠭᠠᠤ ᠭᠠᠵᠠᠷ ᠣᠷᠣᠨ ᠤ ᠣᠷᠴᠢᠨ ᠲᠣᠭᠤᠷᠢᠨ ᠢ ᠬᠠᠮᠠᠭᠠᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号