ᠯᠢ ᠵᠢᠢ ᠾᠧᠩ ᠪᠤᠭᠤᠲᠤ ᠬᠤᠲᠠ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ | ᠰᠢᠨ᠎ᠠ ᠶᠢ ᠡᠭᠦᠳᠭᠦ ᠪᠠᠷ ᠬᠦᠳᠡᠯᠭᠡᠭᠦᠷ ᠪᠣᠯᠭᠠᠬᠤ ᠪᠠ ᠴᠡᠷᠢᠭ ᠠᠷᠠᠳ ᠤᠨ ᠬᠡᠷᠡᠭᠯᠡᠭᠡ ᠶᠢ | ᠬᠦᠨᠵᠡᠭᠡᠢ ᠠᠭᠤᠰᠤᠯᠴᠠᠭᠤᠯᠤᠨ ᠬᠦᠭᠵᠢᠭᠦᠯᠭᠦ ᠶᠢ ᠪᠠᠷᠢᠮᠳᠠᠯᠠᠵᠤ | ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠳᠠᠬᠢᠨ ᠰᠢᠨ᠎ᠠ ᠲᠡᠭᠳᠡᠷ ᠲᠤ ᠭᠠᠷᠬᠤ ᠶᠢ ᠠᠬᠢᠭᠤᠯᠬᠤ ᠬᠡᠷᠡᠭᠲᠡᠢ | | | | 4 ᠳ᠋ᠦ᠋ᠭᠡᠷ ᠰᠠᠷ᠎ᠠ ᠶᠢᠨ 24 ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ | ᠪᠤᠭᠤᠲᠤ ᠬᠤᠲᠠ ᠶᠢᠨ ᠳ᠋ᠦᠩ ᠾᠧ ᠲᠤᠭᠤᠷᠢᠭ ᠤᠨ ᠪᠤᠭᠤᠲᠤ ᠬᠦᠩᠭᠡᠨᠴᠡᠭᠠᠨ ᠤ ᠦᠢᠯᠡᠰ ᠤᠨ ᠠᠵᠤ ᠦᠢᠯᠡᠰ ᠤᠨ | ᠬᠦᠷᠢᠶᠡᠯᠡᠩ ᠲᠤᠭᠤᠷᠢᠭ ᠲᠤ ᠬᠦᠷᠴᠦ᠂ ᠬᠤᠸᠠ ᠶᠦᠨ ᠬᠠᠶᠢᠯᠤᠰᠢ ᠬᠦᠩᠭᠡᠨᠴᠡᠭᠠᠨ ᠤ ᠲᠦᠷᠦᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ | | | | 4 ᠳ᠋ᠦ᠋ᠭᠡᠷ ᠰᠠᠷ᠎ᠠ ᠶᠢᠨ 25 ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ | ᠪᠤᠭᠤᠲᠤ ᠬᠤᠲᠠ ᠶᠢᠨ ᠪᠠᠶᠠᠨ ᠤᠪᠤᠭ᠎ᠠ ᠠᠭᠤᠷᠬᠠᠢ ᠶᠢᠨ ᠲᠤᠭᠤᠷᠢᠭ ᠲᠤ ᠬᠦᠷᠴᠦ ᠪᠠᠶᠠᠨ ᠤᠪᠤᠭ᠎ᠠ ᠲᠡᠮᠦᠷ ᠤᠨ | ᠠᠭᠤᠷᠬᠠᠢ ︵ᠵᠡᠭᠦᠨ ᠠᠭᠤᠷᠬᠠᠢ︶ ᠶᠢᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ | | 4 ᠳ᠋ᠦ᠋ᠭᠡᠷ ᠰᠠᠷ᠎ᠠ ᠶᠢᠨ 24 ᠤ ᠡᠳᠦᠷ ᠠᠴᠠ 25 ᠤ ᠡᠳᠦᠷ ᠪᠤᠯᠳᠠᠯ᠎ᠠ᠂ ᠦᠪᠡᠷᠳᠡᠭᠡᠨ ᠵᠠᠰᠠᠬᠤ ᠤᠷᠤᠨ ᠤ | ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠪᠤᠭᠤᠳᠤ ᠬᠤᠳᠠ ᠳᠤ ᠪᠠᠶᠢᠴᠠᠭᠠᠨ ᠰᠤᠳᠤᠯᠤᠯᠳᠠ ᠬᠢᠭᠦ ᠳᠡᠭᠡᠨ | ᠴᠢᠬᠤᠯᠠᠴᠢᠯᠠᠬᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠮᠠᠨ ᠤ ᠤᠷᠤᠨ ᠳᠤ ᠰᠢᠨᠵᠢᠯᠡᠨ ᠪᠠᠶᠢᠴᠠᠭᠠᠬᠤ | ᠦᠶ᠎ᠠ ᠳᠤ ᠲᠤᠷᠠᠳᠤᠬᠰᠠᠨ ᠦᠨᠳᠦᠷ ᠲᠤ ᠵᠤᠬᠰᠤᠨ ᠠᠯᠤᠰ ᠢ ᠪᠠᠷᠠᠯᠠᠬᠤ ᠴᠢᠬᠤᠯᠠ ᠱᠠᠭᠠᠷᠳᠠᠯᠭ᠎ᠠ ᠶᠢ ᠬᠦᠨᠵᠡᠭᠡᠢ | ᠲᠤᠤᠱᠯᠠᠭᠤᠯᠵᠤ᠂ ᠰᠢᠨ᠎ᠡ ᠶᠢ ᠡᠭᠦᠳᠭᠦ ᠪᠠᠷ ᠬᠦᠳᠡᠯᠭᠡᠭᠦᠷ ᠪᠣᠯᠭᠠᠬᠤ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢ | ᠶᠡᠭᠡ ᠪᠠᠷ ᠬᠡᠷᠡᠭᠵᠢᠭᠦᠯᠵᠤ᠂ ᠴᠡᠷᠢᠭ ᠠᠷᠠᠳ ᠤᠨ ᠬᠡᠷᠡᠭᠯᠡᠭᠡ ᠶᠢ ᠬᠦᠨᠵᠡᠭᠡᠢ ᠠᠭᠤᠰᠤᠯᠴᠠᠭᠤᠯᠤᠨ ᠬᠦᠭᠵᠢᠭᠦᠯᠭᠦ ᠶᠢ | ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠲᠠᠬᠢᠨ | ᠰᠢᠨ᠎ᠠ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠳᠡᠢ ᠬᠡᠵᠡᠢ᠃ | ᠪᠤᠭᠤᠳᠤ ᠪᠤᠯ ᠤᠯᠤᠰ ᠤᠨ ᠰᠢᠨᠵᠢᠯᠡᠭᠦ ᠤᠬᠠᠭᠠᠨ ᠮᠡᠷᠭᠡᠵᠢᠯ ᠤᠨ ᠲᠠᠪᠰᠢᠯᠳᠠ ᠶᠢᠨ ᠵᠢᠱᠢᠶ᠎ᠡ ᠦᠵᠡᠭᠦᠯᠭᠦ | ᠬᠤᠳᠠ ᠪᠠ ᠪᠦᠬᠦ ᠤᠯᠤᠰ ᠤᠨ ᠲᠦᠷᠦᠭᠦᠦ ᠪᠦᠯᠦᠭ ᠤᠨ 20 ᠰᠢᠨ᠎ᠠ ᠶᠢ ᠡᠭᠦᠳᠭᠦ ᠬᠡᠯᠪᠡᠷᠢ ᠶᠢᠨ ᠲᠤᠷᠰᠢᠯᠳᠠ ᠶᠢᠨ | ᠴᠢᠭ᠋ ᠤᠨ ᠬᠤᠳᠠ ᠶᠢᠨ ᠨᠢᠭᠡ ᠪᠤᠯᠤᠨ᠎ᠠ᠂ ᠬᠡᠷᠬᠢᠨ ᠪᠦᠬᠦ ᠤᠷᠤᠨ ᠳᠤ ᠲᠦᠷᠦᠭᠦᠯᠡᠨ ᠰᠢᠨ᠎ᠠ ᠶᠢ ᠡᠭᠦᠳᠭᠦ ᠪᠠᠷ | ᠬᠦᠳᠡᠯᠭᠡᠭᠦᠷ ᠪᠣᠯᠭᠠᠭᠰᠠᠨ ᠬᠦᠭᠵᠢᠯᠳᠡ ᠶᠢᠨ ᠵᠠᠮ ᠢᠶᠠᠷ ᠵᠠᠮᠨᠠᠬᠤ ᠶᠢ ᠯᠢ ᠵᠢᠢ ᠾᠧᠩ ᠲᠦᠢᠯ ᠢᠶᠠᠷ ᠬᠠᠯᠠᠮᠵᠢᠯᠠᠵᠤ | ᠪᠠᠶᠢᠯ᠎ᠠ᠃ ᠬᠤᠸᠠ ᠶᠦᠨ ᠬᠠᠶᠢᠯᠤᠰᠢ ᠬᠦᠩᠭᠡᠨᠴᠡᠭᠠᠨ ᠤ ᠲᠦᠷᠦᠯ ᠵᠦᠢᠯ᠂ ᠪᠤᠭᠤᠳᠤ ᠶᠢᠨ ᠱᠧᠨ ᠬᠤᠸᠠ | ᠪᠦᠯᠦᠭᠯᠡᠯ ᠤᠨ ᠨᠡᠭᠦᠷᠡᠰᠦ ᠪᠠᠷ ᠠᠯᠺᠧᠨ ᠦᠢᠯᠡᠳᠬᠦ ᠶᠢ ᠲᠡᠰ ᠲᠡᠪᠰᠢᠭᠦᠯᠬᠦ ᠵᠢᠱᠢᠶ᠎ᠠ ᠦᠵᠡᠭᠦᠯᠭᠦ ᠲᠦᠷᠦᠯ ᠵᠦᠢᠯ ᠪᠠ | ᠮᠢᠩ ᠲᠦᠸᠧ ᠪᠦᠯᠦᠭᠯᠡᠯ ᠤᠨ ᠦᠨᠳᠦᠷ ᠨᠡᠭᠦᠷᠡᠰᠦᠲᠥ᠋ᠷᠥᠭᠴᠢᠲᠦ ᠾᠷᠦᠮᠳᠦ ᠲᠡᠮᠦᠷ ᠤᠨ ᠲᠦᠷᠦᠯ ᠵᠦᠢᠯ ᠢ | ᠬᠡᠷᠡᠭᠵᠢᠭᠦᠯᠵᠤ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠵᠤ᠂ ᠪᠤᠭᠤᠳᠤ ᠶᠢᠨ ᠲᠢᠶᠠᠨ ᠾᠧ ᠰᠤᠷᠢᠨᠵᠢᠨ | ᠮᠠᠲ᠋ᠧᠷᠢᠶᠠᠯ ᠤᠨ ᠮᠡᠷᠬᠡᠵᠢᠯ ᠤᠨ ᠬᠢᠵᠠᠭᠠᠷᠳᠦ ᠺᠤᠮᠫᠠᠨᠢ᠂ ᠪᠠᠶᠠᠨ ᠤᠪᠤᠭ᠎ᠠ ᠲᠡᠮᠤᠷ ᠤᠨ ᠠᠭᠤᠷᠬᠠᠢ ᠵᠢᠴᠢ ᠪᠤᠤ ᠱᠠᠨ | ᠠᠭᠤᠷᠬᠠᠢ ᠶᠢᠨ ᠦᠢᠯᠡᠰ ᠤᠨ ᠦᠢᠯᠡᠳᠪᠦᠷᠢᠯᠡᠯ ᠡᠵᠡᠩᠨᠡᠯᠳᠡ ᠶᠢᠨ ᠪᠠᠶᠢᠳᠠᠯ ᠢ ᠰᠢᠨᠵᠢᠯᠡᠨ ᠪᠠᠶᠢᠴᠠᠭᠠᠭᠰᠠᠨ ᠤ ᠲᠠᠷᠠᠭ᠎ᠠ᠂ | ᠲᠡᠷᠡ ᠵᠢᠭᠠᠵᠤ ᠭᠠᠷᠭᠠᠬᠰᠠᠨ ᠨᠢ᠂ ᠪᠤᠭᠤᠳᠤ ᠬᠤᠳᠠ ᠰᠢᠨ᠎ᠠ ᠶᠢ ᠡᠭᠦᠳᠭᠦ ᠶᠢ ᠬᠦᠭᠵᠢᠯᠳᠡ ᠶᠢᠨ ᠪᠦᠬᠦ ᠲᠠᠯ᠎ᠠ ᠶᠢᠨ | ᠭᠤᠤᠯᠯᠠᠭᠴᠢ ᠪᠠᠶᠢᠷᠢᠨ ᠳᠤ ᠲᠠᠯᠪᠢᠵᠤ᠂ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠭᠤᠤᠯ ᠳᠠᠶᠢᠨ ᠤ | ᠲᠠᠯᠠᠪᠤᠷ ᠲᠤ ᠬᠠᠨᠳᠤᠨ ᠢᠳᠡᠪᠬᠢᠳᠡᠢ ᠪᠠᠷ ᠰᠢᠨ᠎ᠠ ᠶᠢ ᠡᠭᠦᠳᠴᠤ᠂ ᠵᠠᠬ᠎ᠠ ᠲᠡᠯᠭᠡᠭᠦᠷ ᠢ ᠰᠢᠨ᠎ᠠ ᠶᠢ ᠡᠭᠦᠳᠭᠦ ᠡᠬᠢ | ᠪᠠᠶᠠᠯᠢᠭ ᠢ ᠲᠤᠬᠢᠷᠠᠭᠤᠯᠬᠤ ᠰᠢᠢᠳᠪᠦᠷᠢᠯᠡᠭᠴᠢ ᠴᠢᠨᠠᠷᠳᠠᠢ ᠬᠦᠴᠦᠨ ᠪᠤᠯᠭᠠᠵᠤ᠂ ᠡᠯ᠎ᠠ ᠵᠦᠢᠯ ᠤᠨ ᠰᠢᠨ᠎ᠠ ᠶᠢ ᠡᠭᠦᠳᠭᠦ | ᠭᠤᠤᠯ ᠴᠤᠬᠴᠠ ᠶᠢᠨ ᠬᠠᠮᠵᠢᠯᠴᠠᠨ ᠰᠢᠨ᠎ᠡ ᠶᠢ ᠡᠭᠦᠳᠭᠦ ᠶᠢ ᠠᠬᠢᠭᠤᠯᠵᠤ᠂ ᠰᠢᠨ᠎ᠠ ᠶᠢ ᠡᠭᠦᠳᠭᠦ ᠪᠠᠷ ᠬᠦᠳᠡᠯᠭᠡᠭᠦᠷ | ᠪᠣᠯᠭᠠᠬᠤ ᠶᠢᠨ ᠴᠢᠳᠠᠪᠤᠷᠢᠳᠠᠨ ᠤ ᠲᠤᠯᠭᠠᠭᠤᠷᠢᠯᠠᠯ ᠢ ᠴᠢᠩᠭᠠᠷᠠᠭᠤᠯᠵᠤ᠂ ᠰᠢᠨᠵᠢᠯᠡᠭᠦ ᠤᠬᠠᠭᠠᠨ ᠮᠡᠷᠭᠡᠵᠢᠯ ᠤᠨ | ᠰᠢᠨ᠎ᠠ ᠶᠢ ᠡᠭᠦᠳᠭᠦ ᠬᠦᠷᠢᠶᠡᠨ ᠳᠠᠬᠢ ᠦᠭᠡᠷᠡᠴᠢᠯᠡᠯᠳᠡ ᠨᠡᠭᠡᠭᠡᠯᠳᠡ ᠶᠢ ᠭᠦᠨᠵᠡᠭᠡᠶᠢᠷᠡᠭᠦᠯᠵᠦ᠂ ᠬᠠᠳᠤᠨ ᠭᠤᠤᠯ ᠲᠠᠭᠠᠤ | ᠠᠵᠤ ᠠᠬᠤᠢ ᠶᠢᠨ ᠪᠦᠰᠡ ᠶᠢᠨ ᠲᠦᠯᠦᠪᠵᠢᠭᠦᠯᠭᠡ ᠪᠦᠳᠦᠭᠡᠨ ᠪᠠᠶᠢᠭᠤᠯᠤᠯᠲᠠ ᠶᠢ ᠢᠳᠡᠪᠬᠢᠳᠡᠢ ᠠᠬᠢᠭᠤᠯᠵᠤ᠂ | ᠬᠤᠪᠤᠷ ᠰᠢᠷᠤᠢ ᠶᠢᠨ ᠰᠢᠨ᠎ᠠ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠲᠤᠭᠤᠷᠢᠭ ᠤᠨ ᠪᠦᠳᠦᠭᠡᠨ | ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠳᠬᠤᠵᠤ᠂ ᠰᠢᠨ᠎ᠠ ᠶᠢ ᠡᠭᠦᠳᠭᠦ ᠪᠠᠷ ᠬᠦᠳᠡᠯᠭᠡᠭᠦᠷ ᠪᠣᠯᠭᠠᠬᠤ ᠪᠠᠷ | ᠲᠠᠮᠵᠢᠭᠤᠯᠣᠨ ᠤᠯᠠᠮᠵᠢᠯᠠᠯᠳᠦ ᠠᠵᠤ ᠦᠢᠯᠡᠰ ᠤᠨ ᠰᠢᠨ᠎ᠠ ᠠᠮᠢᠵᠢᠷᠠᠯ ᠤᠨ ᠬᠦᠴᠦᠨ ᠢ ᠬᠦᠭᠵᠢᠭᠡᠨ᠂ ᠰᠢᠨ᠎ᠠ ᠪᠠᠷ | ᠮᠠᠨᠳᠤᠵᠤ ᠪᠠᠶᠢᠭ᠎ᠠ ᠠᠵᠤ ᠦᠢᠯᠡᠰ ᠤᠨ ᠦᠷᠢᠰᠦᠯᠳᠦᠭᠦ ᠬᠦᠴᠦᠨ ᠢ ᠴᠢᠩᠭᠠᠷᠠᠭᠤᠯᠵᠣ᠂ ᠠᠵᠤ ᠠᠬᠤᠢ ᠶᠢᠨ | ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠭᠦ ᠠᠯᠬᠤᠴᠠ ᠪᠠᠨ ᠲᠦᠷᠭᠡᠳᠭᠡᠭᠦ ᠬᠡᠷᠡᠭᠳᠡᠢ ᠬᠡᠪᠡ᠃ | ᠯᠢ ᠵᠢᠢ ᠾᠧᠩ ᠪᠸᠢ ᠹᠠᠩ ᠪᠧᠨ ᡂᠢ ᠬᠦᠨᠳᠦ ᠠᠴᠢᠶᠠᠨ ᠤ ᠮᠠᠰᠢᠨ ᠲᠡᠷᠭᠡᠨ ᠤ ᠪᠦᠯᠦᠭᠯᠡᠯ ᠺᠤᠮᠫᠠᠨᠢ ᠶᠢᠨ | ᠦᠢᠯᠡᠳᠪᠦᠷᠢᠯᠡᠯ ᠤᠨ ᠲᠠᠰᠤᠭ ᠲᠤ ᠬᠦᠷᠴᠤ᠂ ᠴᠡᠷᠢᠭ ᠠᠷᠠᠳ ᠤᠨ ᠬᠡᠷᠡᠭᠯᠡᠭᠡ ᠶᠢ ᠬᠦᠨᠵᠡᠭᠡᠢ ᠠᠭᠤᠰᠤᠯᠴᠠᠭᠤᠯᠤᠨ | ᠬᠦᠭᠵᠢᠭᠦᠯᠵᠤ ᠪᠠᠶᠢᠭ᠎ᠠ ᠪᠠᠶᠢᠳᠠᠯ ᠢ ᠨᠠᠷᠢᠨ ᠤᠶᠢᠯᠠᠭᠠᠵᠠᠢ᠃ ᠠᠵᠤ ᠠᠬᠤᠶᠢᠯᠠᠯ ᠤᠨ ᠦᠢᠯᠡᠳᠪᠦᠷᠢᠯᠡᠯ ᠪᠤᠷᠤᠯᠠᠭᠤᠯᠭ᠎ᠠ | ᠪᠦᠷ ᠰᠠᠶᠢᠨ᠂ ᠦᠢᠯᠡᠳᠭᠦᠨ ᠨᠢ ᠵᠠᠬ᠎ᠠ ᠲᠡᠯᠭᠡᠭᠦᠷ ᠲᠤ ᠬᠠᠯᠠᠭᠤᠨ ᠢᠶᠠᠷ ᠬᠦᠷᠢᠶᠡᠯᠡᠭᠳᠡᠵᠤ ᠪᠠᠶᠢᠬᠤ ᠶᠢ ᠰᠤᠨᠤᠰᠴᠣ᠂ | ᠮᠦᠷ ᠮᠦᠷ ᠢᠶᠠᠷ ᠵᠢᠬᠰᠠᠭᠠᠬᠰᠠᠨ ᠦᠢᠯᠡᠳᠪᠦᠷᠢ ᠠᠴᠠ ᠭᠠᠷᠭᠠᠬᠤ ᠪᠠᠷ ᠪᠠᠶᠢᠭ᠎ᠠ ᠰᠢᠨ᠎ᠠ ᠡᠨ᠋ᠸᠧᠷᠬᠢ ᠤᠨ ᠠᠶᠠᠨᠴᠢᠨ ᠤ | ᠮᠠᠰᠢᠨ ᠳᠡᠷᠭᠡ ᠪᠠ ᠤᠯᠠᠨ ᠬᠡᠯᠪᠡᠷᠢ ᠶᠢᠨ ᠤᠨᠴᠠ ᠲᠦᠷᠦᠯ ᠤᠨ ᠮᠠᠰᠢᠨ ᠲᠡᠷᠭᠡ ᠶᠢ ᠬᠠᠷᠠᠭᠠᠳ ᠲᠡᠷᠡ ᠮᠠᠰᠢ ᠪᠠᠶᠠᠷᠳᠠᠢ | ᠪᠠᠶᠢᠯ᠎ᠠ᠃ ᠯᠢ ᠵᠢᠢ ᠾᠧᠩ ᠵᠢᠭᠠᠵᠤ ᠭᠠᠷᠭᠠᠬᠰᠠᠨ ᠨᠢ᠂ ᠴᠡᠷᠢᠭ ᠠᠷᠠᠳ ᠤᠨ ᠬᠡᠷᠡᠭᠯᠡᠭᠡ ᠶᠢ ᠬᠦᠨᠵᠡᠭᠡᠢ | ᠠᠭᠤᠰᠤᠯᠴᠠᠭᠤᠯᠤᠨ ᠬᠦᠭᠵᠢᠭᠦᠯᠭᠦ ᠪᠣᠯ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ | ᠬᠤᠷᠢᠶ᠎ᠠ ᠶᠢᠨ ᠲᠤᠬᠳᠠᠭᠠᠬᠰᠠᠨ ᠴᠢᠬᠤᠯᠠ ᠪᠠᠶᠢᠯᠳᠤᠬᠤ ᠪᠤᠳᠤᠯᠭ᠎ᠠ ᠶᠢᠨ ᠰᠢᠢᠳᠪᠦᠷᠢᠳᠦ ᠪᠤᠳᠤᠯᠭ᠎ᠠ ᠪᠤᠯᠤᠨ᠎ᠠ᠃ | ᠪᠤᠭᠤᠳᠤ ᠬᠤᠳᠠ ᠪᠦᠬᠦ ᠬᠦᠴᠦᠨ ᠵᠦᠢᠯ ᠢ ᠠᠭᠤᠰᠤᠯᠴᠠᠭᠤᠯᠬᠤ᠂ ᠤᠯᠠᠨ ᠬᠦᠷᠢᠶ᠎ᠠ ᠶᠢ ᠠᠭᠤᠰᠤᠯᠴᠠᠭᠤᠯᠬᠤ᠂ | ᠦᠨᠳᠦᠷ ᠦᠷ᠎ᠠ ᠠᠰᠢᠭ ᠲᠠᠢ ᠠᠭᠤᠰᠤᠯᠴᠠᠭᠤᠯᠬᠤ ᠶᠢ ᠪᠠᠷᠢᠮᠳᠠᠯᠠᠵᠤ᠂ ᠠᠵᠤ ᠦᠢᠯᠡᠰ ᠢ ᠬᠠᠮᠳᠣᠪᠠᠷ | ᠠᠭᠤᠰᠤᠯᠴᠠᠭᠤᠯᠬᠤ᠂ ᠰᠢᠨᠵᠢᠯᠡᠭᠦ ᠤᠬᠠᠭᠠᠨ ᠮᠡᠷᠭᠡᠵᠢᠯ ᠢ ᠬᠠᠮᠳᠤᠪᠡᠷ ᠮᠠᠨᠳᠤᠭᠤᠯᠬᠤ᠂ ᠪᠡᠯᠡᠳᠬᠡᠮᠵᠢ ᠶᠢ ᠬᠠᠮᠳᠤᠪᠡᠷ | ᠪᠠᠶᠢᠭᠤᠯᠬᠤ᠂ ᠦᠢᠯᠡᠴᠢᠯᠡᠭᠡ ᠶᠢ ᠬᠠᠮᠳᠤᠪᠡᠷ ᠡᠳ᠋ᠯᠡᠭᠦ ᠶᠢ ᠦᠨᠡᠨᠭᠦ ᠠᠬᠢᠭᠤᠯᠵᠤ᠂ ᠠᠵᠤ ᠠᠬᠤᠢ ᠶᠢᠨ ᠪᠦᠳᠦᠭᠡᠨ | ᠪᠠᠶᠢᠭᠤᠯᠤᠯᠲᠠ ᠪᠠ ᠤᠯᠤᠰ ᠤᠨ ᠪᠠᠳᠤᠯᠠᠨ ᠬᠠᠮᠠᠭᠠᠯᠠᠯᠳᠠ ᠶᠢᠨ ᠪᠦᠳᠦᠭᠡᠨ ᠪᠠᠶᠢᠭᠤᠯᠤᠯᠲᠠ ᠶᠢᠨ ᠬᠠᠷᠢᠯᠴᠠᠨ | ᠠᠬᠢᠭᠤᠯᠵᠤ ᠬᠠᠮᠳᠤᠪᠡᠷ ᠠᠰᠢᠭ ᠬᠦᠷᠳᠡᠭᠦ ᠶᠢ ᠠᠬᠢᠭᠤᠯᠬᠤ ᠬᠡᠷᠡᠭᠳᠡᠢ ᠬᠡᠵᠡᠢ᠃ | ᠪᠸᠢ ᠯᠢᠶᠠᠩ ᠤᠨ ᠨᠢᠰᠤᠯᠳᠠ ᠶᠢᠨ ᠲᠤᠭᠤᠷᠢᠭ ᠤᠨ ᠭᠤᠤᠯᠳᠠᠯᠭ᠎ᠠ ᠲᠠᠢ ᠪᠦᠳᠦᠭᠡᠨ ᠪᠠᠶᠢᠭᠤᠯᠤᠯᠲᠠ ᠶᠢᠨ | ᠲᠦᠷᠦᠯ ᠵᠦᠢᠯ᠂ ᠪᠤᠭᠤᠳᠤ ᠬᠤᠳᠠ ᠶᠢᠨ ᠪᠤᠰᠤᠭ᠎ᠠ ᠴᠤᠬᠴᠠᠳᠦ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ | ᠬᠦᠢᠰᠦ ᠶᠢᠨ ᠲᠦᠷᠦᠯ ᠵᠦᠢᠯ ᠪᠠ ᠬᠤᠳᠠ ᠶᠢᠨ ᠤᠰᠤᠨ ᠤ ᠠᠮᠢ ᠠᠬᠤᠢ ᠶᠢ ᠰᠠᠶᠢᠵᠢᠷᠠᠭᠤᠯᠵᠤ ᠶᠡᠷᠦᠩᠬᠡᠶᠢᠯᠡᠨ | ᠠᠰᠢᠬᠯᠠᠬᠤ ᠪᠠᠷᠢᠯᠭ᠎ᠠ ᠶᠢ ᠪᠠᠶᠢᠴᠠᠭᠠᠨ ᠰᠤᠳᠤᠯᠤᠬᠰᠠᠨ ᠤ ᠲᠠᠷᠠᠭ᠎ᠠ᠂ ᠯᠢ ᠵᠢᠢ ᠾᠧᠩ ᠬᠡᠯᠡᠭᠰᠡᠨ ᠨᠢ᠂ ᠬᠤᠳᠠ ᠶᠢᠨ | ᠪᠦᠳᠦᠭᠡᠨ ᠪᠠᠶᠢᠭᠤᠯᠤᠯᠲᠠ ᠳᠤ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ | ᠲᠤᠤᠱᠯᠠᠭᠤᠯᠵᠤ᠂ ᠬᠤᠳᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠪᠠ ᠤᠯᠠᠨ ᠨᠡᠶᠢᠲᠡ ᠶᠢᠨ ᠦᠢᠯᠡᠴᠢᠯᠡᠭᠡᠨ ᠤ | ᠪᠡᠯᠡᠳᠬᠡᠮᠵᠢ ᠶᠢ ᠰᠠᠶᠢᠲᠤᠷ ᠲᠦᠯᠦᠪᠵᠢᠭᠦᠯᠦᠨ ᠪᠦᠳᠦᠭᠡᠨ ᠪᠠᠶᠢᠭᠤᠯᠵᠤ᠂ ᠤᠷᠤᠰᠢᠨ ᠰᠠᠭᠤᠬᠤ ᠳᠤ ᠲᠤᠬᠢᠷᠠᠮᠵᠢᠳᠡᠢ | ᠰᠢᠯᠢᠳᠡᠭ ᠤᠷᠴᠢᠨ ᠲᠤᠭᠤᠷᠢᠨ ᠢ ᠪᠤᠢ ᠪᠤᠯᠭᠠᠵᠤ᠂ ᠠᠷᠠᠳ ᠤᠯᠠᠨ ᠳᠤ ᠨᠡᠩ ᠢᠯᠡᠭᠦᠦ ᠬᠦᠷᠳᠡᠭᠡᠮᠵᠢ ᠶᠢᠨ | ᠲᠦᠷᠦᠭᠳᠡᠯ ᠤᠯᠭᠤᠬᠤ ᠬᠡᠷᠡᠭᠳᠡᠢ ᠬᠡᠵᠡᠢ᠃ | ᠪᠠᠶᠢᠴᠠᠭᠠᠨ ᠰᠤᠳᠤᠯᠬᠤ ᠬᠤᠭᠤᠴᠠᠭᠠᠨ ᠳᠠᠭᠠᠨ᠂ ᠯᠢ ᠵᠢᠢ ᠾᠧᠩ ᠪᠤᠭᠤᠳᠤ ᠬᠤᠳᠠ ᠶᠢᠨ ᠠᠵᠢᠯ ᠤᠨ | ᠬᠠᠷᠢᠭᠤ ᠮᠡᠳᠡᠭᠦᠯᠦᠯᠳᠡ ᠶᠢ ᠰᠤᠨᠤᠰᠪᠡ᠃ ᠲᠡᠷᠡ ᠴᠢᠬᠤᠯᠠᠴᠢᠯᠠᠬᠰᠠᠨ ᠨᠢ᠂ ᠬᠦᠭᠵᠢᠭᠦᠯᠬᠦ ᠪᠤᠯ ᠠᠯᠢᠪᠠ ᠠᠰᠠᠭᠤᠳᠠᠯ ᠢ | ᠰᠢᠢᠳᠪᠦᠷᠢᠯᠡᠭᠦ ᠶᠢᠨ ᠵᠠᠩᠬᠢᠯᠠᠭ᠎ᠠ ᠪᠤᠯᠤᠨ᠎ᠠ᠂ ᠪᠤᠭᠤᠳᠤ ᠬᠤᠳᠠ ᠤᠬᠠᠮᠰᠠᠷ ᠠᠴᠠ ᠪᠠᠨ ᠪᠦᠬᠦ ᠤᠷᠤᠨ ᠪᠦᠬᠦ | ᠤᠯᠤᠰ ᠤᠨ ᠬᠦᠭᠵᠢᠯᠳᠡ ᠶᠢᠨ ᠶᠡᠭᠡ ᠲᠠᠯ᠎ᠠ ᠠᠴᠠ ᠬᠦᠭᠵᠢᠯᠳᠡ ᠪᠠᠨ ᠰᠦᠪᠡᠭᠴᠢᠯᠡᠨ ᠠᠬᠢᠭᠤᠯᠵᠤ᠂ ᠠᠵᠤ | ᠠᠬᠤᠢ ᠶᠢᠨ ᠬᠦᠭᠵᠢᠯᠳᠡ ᠶᠢᠨ ᠰᠢᠨ᠎ᠠ ᠬᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠤᠬᠢᠴᠠᠵᠤ᠂ ᠲᠠᠪᠠᠭᠤᠯᠢᠭ ᠢᠶᠠᠨ | ᠪᠠᠳᠠᠷᠠᠭᠤᠯᠵᠤ ᠲᠤᠳᠠᠭᠤᠳᠠᠯ ᠢᠶᠠᠨ ᠲᠡᠪᠴᠢᠵᠤ᠂ ᠲᠠᠪᠠᠭᠤᠯᠢᠭ ᠲᠠᠭᠠᠨ ᠲᠦᠰᠢᠭᠯᠡᠨ ᠲᠤᠳᠠᠭᠤᠳᠠᠯ ᠢᠶᠠᠨ | ᠨᠦᠬᠦᠪᠦᠷᠢᠯᠡᠵᠤ᠂ ᠬᠦᠭᠵᠢᠯᠳᠡ ᠶᠢᠨ ᠰᠢᠨ᠎ᠠ ᠬᠦᠳᠡᠯᠭᠡᠬᠦ ᠴᠢᠳᠠᠪᠤᠷᠢ ᠶᠢ ᠲᠠᠰᠤᠷᠠᠯᠳᠠ ᠦᠭᠡᠢ ᠪᠤᠶᠢᠵᠢᠭᠤᠯᠤᠨ᠂ | ᠬᠦᠭᠵᠢᠯᠳᠡ ᠶᠢᠨ ᠰᠢᠨ᠎ᠠ ᠲᠠᠪᠠᠭᠤᠯᠢᠭ ᠢ ᠡᠭᠦᠳᠴᠦ᠂ ᠬᠦᠭᠵᠢᠯᠳᠡ ᠶᠢᠨ ᠰᠢᠨ᠎ᠠ ᠪᠠᠶᠢᠳᠠᠯ ᠢ ᠨᠡᠭᠡᠭᠡᠭᠦ ᠬᠡᠷᠡᠭᠳᠡᠢ᠃ ︽ | ᠲᠦᠷᠪᠡᠨ ᠤᠬᠠᠮᠰᠠᠷ︾ ᠢᠶᠠᠨ ᠴᠢᠨᠠᠬᠰᠢᠳᠠ ᠴᠢᠩᠭᠠᠷᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠬᠠᠮᠢᠶᠠᠷᠣᠨ | ᠴᠢᠩᠭ᠎ᠠ ᠵᠠᠰᠠᠵᠤ᠂ ᠦᠨᠡᠨᠬᠦ ᠠᠳᠬᠤᠨ ᠪᠣᠳᠠᠳᠠᠢ ᠠᠵᠢᠯᠯᠠᠬᠤ ᠶᠢ ᠪᠠᠷᠢᠮᠳᠠᠯᠠᠵᠤ᠂ ︽ᠬᠤᠶᠠᠷ ᠢ ᠰᠤᠷᠤᠯᠴᠠᠵᠤ ᠬᠢᠷᠢ | ᠲᠡᠩᠴᠡᠭᠰᠡᠨ ᠨᠠᠮ ᠤᠨ ᠭᠡᠰᠢᠭᠦᠨ ᠪᠤᠯᠬᠤ︾ ᠰᠤᠷᠤᠯᠴᠠᠯᠭ᠎ᠠ ᠬᠦᠮᠦᠵᠢᠯ ᠢ ᠪᠠᠶᠢᠩᠭᠤᠵᠢᠭᠤᠯᠵᠤ ᠲᠦᠷᠢᠮᠵᠢᠭᠦᠯᠭᠦ ᠶᠢ | ᠠᠬᠢᠭᠤᠯᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠡᠷᠴᠢᠮ ᠢᠶᠠᠨ ᠴᠢᠩᠭᠠᠷᠠᠭᠤᠯᠤᠨ᠂ ᠠᠶᠤᠯ | ᠦᠭᠡᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠵᠤ᠂ ᠫᠤᠤ ᠰᠤᠮᠤ ᠶᠢ ᠬᠤᠷᠢᠶᠠᠨ ᠲᠡᠯᠪᠡᠷᠡᠭᠦ ᠡᠳ᠋ ᠢ ᠵᠠᠰᠠᠬᠤ | ᠪᠠ ︽ᠱᠠᠯᠢᠭ ᠵᠠᠪᠬᠠᠢ ᠵᠤᠭᠤᠰ ᠮᠦᠷᠦᠶᠢᠴᠡᠬᠦ ᠬᠤᠤᠷ᠎ᠠ ᠲᠠᠳᠠᠵᠤ ᠰᠠᠷᠢᠭᠠᠯᠠᠬᠤ︾ ᠶᠠᠯᠠᠳᠣ ᠠᠵᠢᠯᠯᠠᠭ᠎ᠠ ᠳᠤ | ᠴᠤᠬᠢᠯᠳᠠ ᠦᠭᠭᠦ ᠲᠤᠰᠬᠠᠢ ᠠᠵᠢᠯᠯᠠᠭ᠎ᠠ ᠶᠢ ᠬᠦᠨᠵᠡᠭᠡᠢ ᠦᠷᠨᠢᠭᠦᠯᠵᠤ᠂ ᠠᠷᠠᠳ ᠤᠨ ᠠᠮᠢᠳᠤᠷᠠᠯ ᠢ ᠬᠦᠴᠦᠯᠡᠨ | ᠪᠠᠳᠤᠯᠠᠨ ᠰᠠᠶᠢᠵᠢᠷᠠᠭᠤᠯᠵᠤ᠂ ᠰᠢᠯᠢᠳᠡᠭ ᠠᠮᠵᠢᠯᠳᠠ ᠪᠠᠷ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ | ᠠᠮᠵᠢᠯᠳᠠ ᠲᠠᠢ ᠬᠤᠷᠠᠯᠳᠤᠬᠤ ᠶᠢ ᠤᠬᠳᠤᠵᠤ᠂ ᠦᠪᠡᠷᠳᠡᠭᠡᠨ ᠵᠠᠰᠬᠠᠤ ᠤᠷᠤᠨ ᠪᠠᠶᠢᠭᠤᠯᠤᠭᠳᠠᠭᠰᠠᠨ 70 ᠵᠢᠯ ᠤᠨ | ᠤᠢ ᠶᠢ ᠪᠡᠯᠭᠡᠯᠡᠭᠦ ᠬᠡᠷᠡᠭᠳᠡᠢ ᠬᠡᠪᠡ᠃ | ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠵᠠᠩ ᠶᠤᠸᠠᠨ ᠵᠦᠩ᠂ ᠸᠠᠩ ᠪᠦᠸᠧ᠂ ᠸᠠᠩ ᠬᠤᠸᠠᠨ | ᠴᠧᠩ ᠪᠠᠶᠢᠴᠠᠭᠠᠨ ᠰᠤᠳᠤᠯᠤᠯᠳᠠ ᠳᠤ ᠤᠷᠤᠯᠴᠠᠵᠠᠢ᠃ |