︽5·1︾ ᠤ ᠬᠤᠭᠤᠴᠠᠭᠠᠨ ᠳᠤ᠂ ᠮᠠᠨ ᠤ ᠣᠷᠣᠨ ᠤ ᠲᠦᠷᠭᠡᠨ ᠬᠤᠷᠳᠤ ᠶᠢᠨ ᠵᠠᠰᠠᠮᠠᠯ ᠵᠠᠮ ᠢᠶᠠᠷ 7 | ᠰᠠᠭᠤᠳᠠᠯ ᠠᠴᠠ ᠳᠤᠷᠤᠭᠰᠢᠬᠢ ᠵᠢᠵᠢᠭ ᠬᠡᠯᠪᠡᠷᠢ ᠶᠢᠨ ᠠᠶᠠᠨᠴᠢᠳ ᠤᠨ ᠮᠠᠰᠢᠨ ᠲᠡᠷᠭᠡ ᠠᠶᠠᠯᠠᠬᠤ ᠳᠤ ᠰᠦᠢᠳᠬᠡᠯ | ᠬᠤᠷᠢᠶᠠᠬᠤ ᠦᠭᠡᠶ ᠨᠡᠪᠲᠡᠷᠡᠭᠦᠯᠦᠨ᠎ᠡ᠂ 4 ᠳ᠋ᠤᠭᠡᠷ ᠰᠠᠷ᠎ᠠ ᠶᠢᠨ 29 ᠤ ᠡᠳᠦᠷ ᠤᠨ ᠲᠡᠭ ᠴᠠᠭ ᠠᠴᠠ 5 ᠳ᠋ᠤᠭᠠᠷ | ᠰᠠᠷ᠎ᠠ ᠶᠢᠨ 1 ᠤ ᠡᠳᠦᠷ ᠤᠨ 24 ᠴᠠᠭ ᠪᠣᠯᠲᠠᠯ᠎ᠠ᠂ ᠡᠩ ᠤᠨ ᠵᠠᠰᠠᠮᠠᠯ ᠵᠠᠮ ᠪᠤᠯ ᠮᠠᠰᠢᠨ ᠲᠡᠷᠭᠡᠨ ᠤ ᠰᠦᠢᠳᠬᠡᠯ | ᠬᠤᠷᠢᠶᠠᠬᠤ ᠦᠷᠳᠡᠭᠡ ᠪᠠᠷ ᠦᠡᠭᠭᠡᠷᠡᠬᠦ ᠴᠠᠭ ᠬᠤᠭᠤᠴᠠᠭ᠎ᠠ ᠪᠠᠷ ᠪᠠᠷᠢᠮᠵᠢᠶ᠎ᠠ ᠪᠤᠯᠭᠠᠵᠤ᠂ ᠲᠦᠷᠭᠡᠨ ᠬᠤᠷᠳᠤ ᠶᠢᠨ | ᠵᠠᠰᠠᠮᠠᠯ ᠵᠠᠮ ᠪᠤᠯ ᠮᠠᠰᠢᠨ ᠲᠡᠷᠭᠡᠨ ᠤ ᠰᠦᠢᠳᠬᠡᠯ ᠬᠤᠷᠢᠶᠠᠬᠤ ᠵᠠᠮ ᠤᠨ ᠭᠠᠷᠴᠠ ᠪᠠᠷ ᠭᠠᠷᠤᠭᠰᠠᠨ ᠴᠠᠭ ᠢᠶᠠᠷ | ᠪᠠᠷᠢᠮᠵᠢᠶ᠎ᠠ ᠪᠣᠯᠭᠠᠨ᠎ᠠ᠃ ᠣᠶᠢᠯᠠᠭᠠᠭᠰᠠᠨ ᠢᠶᠠᠷ᠂ ᠰᠦᠢᠳᠬᠡᠯ ᠥᠯᠥ ᠬᠤᠷᠢᠶᠠᠬᠤ ᠬᠤᠭᠤᠴᠠᠭᠠᠨ ᠳᠤ ᠲᠦᠷᠭᠡᠨ | ᠬᠤᠷᠳᠤ ᠶᠢᠨ ᠵᠠᠰᠠᠮᠠᠯ ᠵᠠᠮ ᠠᠴᠠ ᠪᠠᠭᠤᠪᠠᠯ ᠴᠦᠮ ᠰᠦᠢᠳᠬᠡᠯ ᠬᠤᠷᠢᠶᠠᠬᠤ ᠦᠭᠡᠢ᠃ ᠥᠷᠭᠡᠨ ᠤᠯᠠᠨ ᠵᠢᠯᠣᠭᠤᠴᠢ | ᠦᠢᠯᠡᠴᠢᠯᠡᠭᠴᠢ ᠨᠠᠷ ᠰᠦᠢᠳᠬᠡᠯ ᠬᠤᠷᠢᠶᠠᠬᠤ ᠥᠷᠲᠡᠭᠡᠨ ᠳᠤ ᠮᠥᠷᠯᠡᠨ ᠬᠦᠯᠢᠶᠡᠭᠡᠳ ᠰᠦᠶᠳᠬᠡᠯ ᠬᠤᠷᠢᠶᠠᠬᠤ ᠥᠬᠡᠶ | ᠴᠠᠭ ᠲᠤᠯᠤᠮᠠᠭᠴᠠ ᠲᠦᠷᠭᠡᠨ ᠬᠤᠷᠳᠤ ᠶᠢᠨ ᠵᠠᠰᠠᠮᠠᠯ ᠵᠠᠮ ᠳᠤ ᠭᠠᠷᠴᠤ᠂ ᠵᠠᠮ ᠬᠠᠷᠢᠯᠴᠠᠭ᠎ᠠ ᠶᠢ ᠲᠦᠭᠵᠢᠷᠡᠬᠦᠯᠬᠦ ᠪᠠ | ᠴᠠᠭ ᠢ ᠪᠦᠷᠢᠯᠭᠡᠬᠦ ᠶᠢ ᠴᠡᠭᠡᠷᠯᠡᠬᠦ ᠬᠡᠷᠡᠭᠲᠠᠢ᠃ ETC ᠬᠡᠷᠡᠭᠯᠡᠭᠴᠢᠳ ᠰᠢᠭᠤᠳ ETC ᠲᠡᠷᠭᠡᠨ ᠵᠠᠮ ᠤᠨ ᠠᠦ᠋ᠲ᠋ᠣ᠋ | ᠢᠯᠭᠠᠨ ᠲᠠᠨᠢᠯᠲᠠ ᠪᠠᠷ ᠰᠦᠢᠳᠬᠡᠯ ᠲᠤᠰᠢᠶᠠᠬᠤ ᠦᠭᠡᠶ ᠨᠡᠪᠲᠡᠷᠡᠵᠤ ᠪᠤᠯᠬᠤ ᠪᠦᠭᠡᠳ ᠪᠠᠰᠠ ᠬᠥᠮᠦᠨ ᠤ ᠬᠦᠴᠦᠨ ᠤ | ᠲᠡᠷᠭᠡᠨ ᠵᠠᠮ ᠢᠶᠠᠷ ᠰᠦᠢᠳᠬᠡᠯ ᠲᠤᠰᠢᠶᠠᠬᠤ ᠦᠭᠡᠶ ᠪᠠᠷ ᠨᠡᠪᠲᠡᠷᠡᠵᠤ ᠪᠤᠯᠤᠨ᠎ᠠ᠃ ᠭᠠᠳᠠᠭᠰᠢ ᠭᠠᠷᠬᠤ ᠠᠶᠠᠨᠴᠢᠳ ︽ | ᠥᠪᠥᠷ ᠮᠣᠩᠭᠤᠯ ᠤᠨ ᠲᠦᠷᠭᠡᠨ ᠬᠤᠷᠳᠤ ᠶᠢᠨ ᠵᠠᠰᠠᠮᠠᠯ ᠵᠠᠮ ᠤᠨ ᠲᠡᠷᠭᠡ ᠵᠤᠭᠰᠤᠬᠤ ᠦᠭᠡᠢ ᠪᠠᠷ ᠡᠯᠧᠺᠲᠷᠣᠨ ᠢᠶᠠᠷ | ᠰᠦᠢᠳᠬᠡᠯ ᠬᠤᠷᠢᠶᠠᠬᠤ ︾᠂ ︽ᠥᠪᠥᠷ ᠮᠣᠩᠭᠤᠯ ᠤᠨ ᠲᠦᠷᠭᠡᠨ ᠬᠤᠷᠳᠤ ᠶᠢᠨ ᠵᠠᠰᠠᠮᠠᠯ ᠵᠠᠮ ᠤᠨ ᠦᠢᠯᠡᠴᠢᠯᠡᠭᠡᠨ ᠤ | ᠲᠠᠪᠴᠠᠩ︾ ᠤᠨ ᠸᠢᠴᠠᠲ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ᠂ ᠥᠪᠥᠷ ᠮᠣᠩᠭᠤᠯ ᠤᠨ ETC | ᠰᠦᠯᠵᠢᠶ᠎ᠡ᠂ ︽12122︾ ᠠᠶᠠᠨᠴᠢᠳ ᠤᠨ ᠦᠢᠯᠡᠴᠢᠯᠡᠭᠡᠨ ᠤ ᠤᠲᠠᠰᠤ ᠪᠠᠷ ᠳᠠᠮᠵᠢᠨ ᠵᠠᠮ ᠤᠨ ᠪᠠᠶᠢᠳᠠᠯ ᠤᠨ | ᠮᠡᠳᠡᠭᠡ ᠵᠠᠩᠭᠢ ᠶᠢ ᠴᠠᠭ ᠲᠤᠬᠠᠶ ᠳᠤᠨᠢ ᠤᠯᠠᠨ ᠠᠷᠭ᠎ᠠ ᠵᠠᠮ ᠢᠶᠠᠷ ᠪᠠᠶᠢᠴᠠᠭᠠᠨ ᠤᠶᠢᠯᠠᠭᠠᠵᠤ᠂ ᠬᠠᠮᠤᠭ ᠰᠠᠶᠢᠨ ᠵᠠᠮ | ᠱᠤᠭᠤᠮ ᠢ ᠰᠤᠩᠭᠤᠨ ᠠᠶᠠᠯᠠᠵᠤ ᠪᠤᠯᠤᠨ᠎ᠠ᠃ |