ᠨᠢᠭᠡᠳᠦᠭᠡᠷ ᠤᠯᠠᠷᠢᠯ ᠳᠤ ᠬᠥᠯᠥᠨ ᠪᠤᠶᠢᠷ ᠬᠤᠲᠠ ︽ᠪᠥᠬᠦᠨ ᠳᠤ ᠲᠤᠬᠢᠷᠠᠬᠤ ᠺᠠᠷᠲ︾ ᠢᠶᠠᠷ ᠡᠳ᠋ ᠤᠨ ᠵᠠᠰᠠᠭ ᠤᠨ ᠨᠥᠬᠦᠪᠥᠷᠢ ᠪᠡᠯᠡ ᠮᠥᠩᠭᠦ ᠶᠢ 18.44 ᠳ᠋ᠦᠡᠭᠰᠢᠭᠤᠷ ᠲᠥᠭᠦᠷᠢᠭ ᠤᠯᠭᠤᠪᠠ
ᠨᠡᠶᠢᠲᠡᠯᠡᠭᠰᠡᠨ ᠴᠠᠭ᠄
2017/4/27
      2017 ᠤᠨ ᠤ 3 ᠳ᠋ᠤᠭᠠᠷ ᠰᠠᠷ᠎ᠠ ᠶᠢᠨ 31 ᠤ ᠡᠳᠦᠷ ᠪᠤᠯᠲᠠᠯ᠎ᠠ᠂ ᠬᠥᠯᠥᠨ ᠪᠤᠶᠢᠷ ᠬᠤᠲᠠ ︽ᠪᠥᠬᠦᠨ ᠳᠤ ᠲᠤᠬᠢᠷᠠᠬᠤ ᠺᠠᠷᠲ︾ ᠢᠶᠠᠷ ᠡᠳ᠋ ᠤᠨ ᠵᠠᠰᠠᠭ ᠤᠨ ᠨᠥᠬᠦᠪᠥᠷᠢ ᠪᠡᠯᠡ ᠮᠥᠩᠭᠦ ᠶᠢ ᠨᠡᠶᠢᠲᠡ 18.44 ᠳ᠋ᠦᠡᠭᠰᠢᠭᠤᠷ ᠲᠥᠭᠦᠷᠢᠭ ᠤᠯᠭᠤᠵᠤ᠂ 2016 ᠣᠨ ᠤ ᠠᠳᠠᠯᠢ ᠬᠤᠭᠤᠴᠠᠭ᠎ᠠ ᠲᠠᠢ ᠠᠳᠠᠯᠢᠳᠬᠠᠪᠠᠯ 12.17 ᠳ᠋ᠦᠡᠭᠰᠢᠭᠤᠷ ᠲᠥᠭᠦᠷᠢᠭ ᠨᠡᠮᠡᠭᠳᠡᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 194% ᠨᠡᠮᠡᠭᠳᠡᠪᠡ᠃ ᠡᠬᠦᠨ ᠳᠤ ᠄ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠥᠬᠦᠪᠥᠷᠢ ᠪᠡᠯᠡ ᠮᠥᠩᠭᠦ ᠶᠢ 17.76 ᠳ᠋ᠦᠡᠭᠰᠢᠭᠤᠷ ᠲᠥᠭᠦᠷᠢᠭ ᠤᠯᠭᠤᠵᠤ᠂ ᠤᠯᠭᠤᠭᠰᠠᠨ ᠪᠦᠬᠦ ᠲᠣᠭᠠᠨ ᠤ 96.31% ᠶᠢ ᠡᠵᠡᠯᠡᠪᠡ︔ ᠬᠥᠯᠥᠨ ᠪᠤᠶᠢᠷ ᠬᠤᠳᠠ ᠵᠢᠴᠢ ᠬᠠᠷᠢᠶ᠎ᠠ ᠬᠤᠰᠢᠭᠤ ᠰᠢᠶᠠᠨ ᠤ ᠨᠥᠬᠦᠪᠥᠷᠢ ᠪᠡᠯᠡ ᠮᠥᠩᠭᠦ ᠶᠢ 0.68 ᠳ᠋ᠦᠡᠭᠰᠢᠭᠤᠷ ᠲᠥᠭᠦᠷᠢᠭ ᠤᠯᠭᠤᠵᠤ᠂ ᠤᠯᠭᠤᠭᠰᠠᠨ ᠪᠦᠬᠦ ᠲᠣᠭᠠᠨ ᠤ 3.69% ᠶᠢ ᠡᠵᠡᠯᠡᠪᠡ᠃ ᠪᠡᠯᠡ ᠮᠥᠩᠭᠦ ᠨᠢ 10 ᠬᠦᠷᠢᠶᠡᠨ ᠤ 69 ᠲᠥᠷᠥᠯ 84 ᠵᠦᠢᠯ ᠤᠨ ᠨᠥᠬᠦᠪᠥᠷᠢ ᠲᠠᠢ ᠬᠤᠯᠪᠤᠭᠳᠠᠵᠤ᠂ 2016 ᠣᠨ ᠤ ᠠᠳᠠᠯᠢ ᠬᠤᠭᠤᠴᠠᠭ᠎ᠠ ᠲᠠᠢ ᠠᠳᠠᠯᠢᠳᠬᠠᠪᠠᠯ 9 ᠲᠥᠷᠥᠯ 8 ᠵᠦᠢᠯ ᠨᠡᠮᠡᠭᠳᠡᠪᠡ︔ ᠵᠠᠰᠠᠭ ᠤᠨ ᠣᠷᠳᠣᠨ ᠤ ᠵᠠᠷᠤᠯᠭ᠎ᠠ ᠶᠢᠨ ᠴᠢᠳᠠᠮᠵᠢ ᠶᠢᠨ ᠲᠥᠷᠥᠯ ᠵᠦᠢᠯ ᠤᠨ 12 ᠲᠥᠷᠥᠯ 36 ᠵᠤᠷᠪᠤᠰ 58 ᠵᠦᠢᠯ ᠲᠠᠢ ᠬᠤᠯᠪᠤᠭᠳᠠᠵᠤ᠂ ᠠᠳᠠᠯᠢ ᠬᠤᠭᠤᠴᠠᠭᠠᠨ ᠤ ᠬᠢ ᠠᠴᠠ 1 ᠲᠦᠷᠦᠯ 25 ᠵᠤᠷᠪᠤᠰ 5 ᠵᠦᠢᠯ ᠨᠡᠮᠡᠭᠳᠡᠪᠡ᠃ ᠨᠥᠬᠦᠪᠥᠷᠢ ᠪᠡᠯᠡ ᠮᠥᠩᠭᠦ ᠨᠢ ᠮᠠᠯᠴᠢᠨ ᠲᠠᠷᠢᠶᠠᠴᠢᠨ ᠵᠢᠴᠢ ᠬᠤᠳᠠ ᠬᠥᠳᠡᠭᠡ ᠶᠢᠨ ᠰᠠᠭᠤᠭᠠᠯᠢ ᠠᠷᠠᠳ ᠤᠨ 105.24 ᠲᠦᠮᠡᠨ ᠬᠥᠮᠦᠨ ︵ᠤᠳᠠᠭ᠎ᠠ︶ ᠳᠤ ᠠᠰᠢᠭ ᠬᠦᠷᠲᠡᠭᠡᠪᠡ᠂ ᠡᠭᠦᠨ ᠳᠤ᠄ ᠮᠠᠯᠴᠢᠨ ᠲᠠᠷᠢᠶᠠᠴᠢᠳ ᠲᠤ ᠤᠯᠭᠤᠭᠰᠠᠨ ᠨᠥᠬᠦᠪᠥᠷᠢ ᠪᠡᠯᠡ ᠮᠥᠩᠭᠦ ᠨᠢ 17.09 ᠳ᠋ᠦᠡᠭᠰᠢᠭᠤᠷ ᠲᠥᠭᠦᠷᠢᠭ᠂ 85.19 ᠲᠦᠮᠡᠨ ᠬᠥᠮᠦᠨ ︵ᠤᠳᠠᠭ᠎ᠠ︶ ᠳᠤ ᠬᠦᠷᠴᠦ᠂ ᠤᠯᠭᠤᠭᠰᠠᠨ ᠪᠦᠬᠦ ᠲᠣᠭᠠᠨ ᠤ 92.68% ᠶᠢ ᠡᠵᠡᠯᠡᠪᠡ︔ ᠬᠤᠲᠠ ᠪᠠᠯᠭᠠᠰᠤᠨ ᠤ ᠰᠠᠭᠤᠭᠠᠯᠢ ᠠᠷᠠᠳ ᠲᠤ ᠤᠯᠭᠤᠭᠰᠠᠨ ᠨᠥᠬᠦᠪᠥᠷᠢ ᠪᠡᠯᠡ ᠮᠥᠩᠭᠦ ᠨᠢ 1.35 ᠳ᠋ᠦᠡᠭᠰᠢᠭᠤᠷ ᠲᠥᠭᠦᠷᠢᠭ᠂ 20.05 ᠲᠦᠮᠡᠨ ᠬᠥᠮᠦᠨ ︵ᠤᠳᠠᠭ᠎ᠠ︶ ᠳᠤ ᠬᠦᠷᠴᠦ᠂  ᠤᠯᠭᠤᠭᠰᠠᠨ ᠪᠦᠬᠦ ᠲᠣᠭᠠᠨ ᠤ 7.32% ᠢ ᠡᠵᠡᠯᠡᠪᠡ᠃ ᠨᠥᠬᠦᠪᠥᠷᠢ ᠪᠡᠯᠡ ᠮᠥᠩᠭᠦ ᠶᠢᠨ ᠤᠯᠭᠤᠯᠲᠠ ᠨᠢ ᠭᠤᠤᠯᠳᠠᠭᠤ ᠲᠠᠷᠢᠶᠠᠯᠠᠩ ᠢ ᠳᠡᠮᠵᠢᠵᠦ ᠬᠠᠮᠠᠭᠠᠯᠠᠬᠤ ᠨᠥᠬᠦᠪᠥᠷᠢ᠂ ᠰᠢᠷ᠎ᠠ ᠪᠤᠷᠴᠠᠭ ᠤᠨ ᠬᠠᠷᠠᠯᠲᠠᠲᠤ ᠦᠨ᠎ᠡ ᠶᠢᠨ ᠨᠥᠬᠦᠪᠥᠷᠢ᠂ ᠲᠠᠷᠢᠶᠠᠯᠠᠩ ᠤᠨ ᠳᠠᠭᠠᠳᠬᠠᠯ ᠤᠨ ᠲᠥᠯᠥᠪᠦᠷᠢ ᠮᠥᠩᠭᠦ ᠶᠢᠨ ᠨᠥᠬᠦᠪᠥᠷᠢ᠂ ᠲᠠᠷᠢᠶᠠᠯᠠᠩ ᠤᠨ ᠮᠠᠰᠢᠨ ᠪᠠᠭᠠᠵᠢ ᠬᠤᠳᠠᠯᠳᠤᠨ ᠠᠪᠬᠤ ᠨᠥᠬᠦᠪᠥᠷᠢ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠲᠤᠰᠠᠯᠠᠵᠤ ᠱᠠᠩᠨᠠᠬᠤ ᠪᠡᠯᠡ ᠮᠥᠩᠭᠦ᠂ ᠤᠢ ᠰᠢᠭᠤᠶ ᠶᠢᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ᠂ ᠴᠢᠯᠠᠭᠤᠨ ᠳᠤᠰᠤᠨ ᠤ ᠦᠨ᠎ᠡ ᠬᠠᠩᠰᠢ ᠶᠢᠨ ᠥᠭᠡᠷᠡᠴᠢᠯᠡᠯᠲᠡ ᠠᠴᠠ ᠤᠯᠭᠤᠭᠰᠠᠨ ᠵᠠᠮ ᠬᠠᠷᠢᠯᠴᠠᠭᠠᠨ ᠤ ᠲᠡᠭᠡᠭᠡᠪᠦᠷᠢ ᠶᠢᠨ ᠨᠥᠬᠦᠪᠥᠷᠢ᠂ ᠭᠠᠵᠠᠷ ᠲᠠᠲᠠᠪᠤᠷᠢᠯᠠᠬᠤ ᠨᠤᠷᠠᠭᠠᠵᠤ ᠨᠡᠭᠦᠯᠭᠡᠬᠦ ᠨᠦᠬᠦᠪᠦᠷᠢ᠂ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠭᠡᠷ ᠪᠠᠶᠢᠰᠢᠩ ᠢ ᠵᠠᠰᠠᠨ ᠰᠠᠶᠢᠵᠢᠷᠠᠭᠤᠯᠬᠤ ᠨᠥᠬᠦᠪᠥᠷᠢ᠂ ᠬᠤᠳᠠ ᠶᠢᠨ ᠰᠠᠭᠤᠭᠠᠯᠢ ᠠᠷᠠᠳ ᠵᠢᠴᠢ ᠮᠠᠯᠵᠢᠬᠤ ᠲᠠᠷᠢᠶᠠᠯᠠᠬᠤ ᠣᠷᠣᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠨᠥᠬᠦᠪᠥᠷᠢ ᠵᠡᠷᠭᠡ ᠲᠠᠯ᠎ᠠ ᠳᠤ ᠲᠦᠪᠯᠡᠷᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号