ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠬᠦᠭᠵᠢᠭᠦᠯᠦᠯᠲᠡ ᠶᠢᠨ ᠰᠠᠭᠤᠷᠢ ᠮᠦᠩᠭᠦᠨ ᠤ ᠭᠡᠷ᠎ᠡ ᠲᠤᠭᠲᠠᠬᠤ ᠶᠤᠰᠤᠯᠠᠯ ᠠᠮᠵᠢᠯᠲᠠᠲᠠᠢ ᠶᠠᠪᠤᠭᠳᠠᠪᠠ
ᠨᠡᠶᠢᠲᠡᠯᠡᠭᠰᠡᠨ ᠴᠠᠭ᠄
2017/4/28
     4 ᠳ᠋ᠦ᠋ᠭᠡᠷ ᠰᠠᠷ᠎ᠠ ᠶᠢᠨ 26᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠡᠳ᠋ ᠤᠨ ᠵᠠᠰᠠᠭ ᠤᠨ ᠲᠢᠩᠭᠢᠮ᠂ ᠶᠠᠳᠠᠭᠤ ᠶᠢ ᠲᠡᠳᠬᠦᠬᠦ ᠠᠯᠪᠠᠨ ᠭᠡᠷ᠂ ᠲᠠᠷᠢᠶᠠᠯᠠᠩ ᠮᠠᠯ ᠠᠵᠤ ᠠᠬᠤᠢ ᠶᠢᠨ ᠲᠢᠩᠭᠢᠮ ᠬᠢᠭᠡᠳ ᠮᠠᠨ ᠤ ᠤᠷᠤᠨ ᠳᠤ ᠰᠠᠭᠤᠭ᠎ᠠ ᠮᠦᠩᠭᠦᠨ ᠭᠦᠢᠯᠭᠡᠭᠡᠨ ᠤ ᠪᠠᠶᠢᠭᠤᠯᠤᠮᠵᠢ ᠬᠠᠮᠳᠤᠷᠠᠨ ᠪᠠᠶᠢᠭᠤᠯᠤᠭᠰᠠᠨ ᠦᠪᠡᠷᠳᠡᠭᠡᠨ ᠵᠠᠰᠠᠬᠤ ᠤᠷᠤᠨ ᠤ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠰᠠᠭᠤᠷᠢ ᠮᠦᠩᠭᠦ ᠶᠢᠨ ᠪᠦᠳᠦᠭᠦᠪᠴᠢ ᠬᠡᠯᠡᠯᠴᠡᠭᠡᠷ ᠲᠤᠭᠲᠠᠬᠤ ᠶᠤᠰᠤᠯᠠᠯ ᠬᠦᠬᠡᠬᠤᠳᠠ ᠳᠤ ᠶᠠᠪᠤᠭᠳᠠᠪᠠ᠃      ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠵᠠᠩ ᠬᠤᠸᠠ ᠬᠤᠷᠠᠯ ᠳᠤ ᠤᠷᠤᠯᠴᠠᠵᠤ ᠶᠠᠷᠢᠶ᠎ᠠ ᠲᠠᠯᠪᠢᠵᠠᠢ᠃      ᠵᠠᠩ ᠬᠤᠸᠠ᠂ ᠮᠠᠨ ᠤ ᠤᠷᠤᠨ ᠤ ᠡᠯ᠎ᠠ ᠭᠠᠵᠠᠷ ᠤᠷᠤᠨ ᠤ ᠶᠠᠳᠠᠭᠤᠷᠠᠯ ᠤᠨ ᠰᠢᠯᠳᠠᠭᠠᠨ ᠨᠢ ᠡᠴᠤᠰ ᠳᠡᠭᠡᠨ ᠴᠦᠮ ᠠᠵᠤ ᠦᠢᠯᠡᠰ ᠤᠨ ᠬᠦᠭᠵᠢᠯᠳᠡ ᠭᠦᠢᠴᠡᠳ ᠦᠭᠡᠢ ᠠᠴᠠ ᠪᠤᠯᠵᠠᠢ᠃ ᠶᠠᠳᠠᠭᠤ ᠶᠢ ᠲᠡᠳᠬᠦᠬᠦ ᠠᠵᠤ ᠦᠢᠯᠡᠰ ᠤᠨ ᠲᠦᠷᠦᠯ ᠵᠦᠢᠯ ᠢ ᠬᠦᠭᠵᠢᠭᠦᠯᠵᠦ᠂ ᠶᠠᠳᠠᠭᠤ ᠶᠢ ᠲᠡᠳᠬᠦᠬᠦ ᠪᠡᠯᠡ ᠮᠦᠩᠭᠦ ᠲᠤᠬᠢᠷᠠᠭᠤᠯᠤᠨ᠂ ᠶᠠᠳᠠᠭᠤ ᠬᠦᠴᠢᠷᠳᠡᠢ ᠭᠠᠵᠠᠷ ᠤᠷᠤᠨ ᠤ ︽ᠴᠢᠰᠤ ᠪᠦᠳᠦᠭᠡᠬᠦ ᠴᠢᠳᠠᠪᠤᠷᠢ︾᠎ ᠶᠢ ᠰᠡᠷᠭᠦᠭᠡᠨ ᠬᠦᠭᠵᠢᠭᠦᠯᠪᠡᠯ ᠰᠠᠶ᠋ᠢ ᠶᠠᠳᠠᠭᠤᠷᠠᠯ ᠢ ᠦᠨᠳᠦᠰᠦᠨ ᠠᠴᠠ ᠨᠢ ᠰᠢᠢᠳᠪᠦᠷᠢᠯᠡᠵᠦ ᠴᠢᠳᠠᠨ᠎ᠠ ᠭᠡᠵᠦ ᠵᠢᠭᠠᠵᠤ ᠭᠠᠷᠭᠠᠪᠠ᠃      ᠵᠠᠩ ᠬᠤᠸᠠ᠂ ᠠᠵᠤ ᠦᠢᠯᠡᠰ ᠤᠨ ᠬᠦᠭᠵᠢᠯᠳᠡ ᠨᠢ ᠮᠦᠩᠭᠦᠨ ᠭᠦᠢᠯᠭᠡᠭᠡᠨ ᠤ ᠰᠢᠨ᠎ᠠ ᠶᠢ ᠡᠭᠦᠳᠬᠦ ᠪᠤᠯᠤᠨ ᠲᠡᠮᠵᠢᠯᠭᠡ ᠠᠴᠠ ᠰᠠᠯᠵᠤ ᠴᠢᠳᠠᠬᠤ ᠦᠭᠡᠢ᠃ ᠤᠨᠢᠨ ᠲᠡᠭᠡᠷ᠎ᠠ ᠨᠢ ᠶᠠᠳᠠᠭᠤ ᠶᠢ ᠲᠡᠳᠬᠦᠬᠦ᠂ ᠤᠨᠢᠨ ᠲᠡᠭᠡᠷ᠎ᠠ ᠨᠢ ᠶᠠᠳᠠᠭᠤ ᠠᠴᠠ ᠠᠩᠭᠢᠵᠢᠷᠠᠭᠤᠯᠬᠤ ᠳᠤ ᠴᠢᠭᠯᠡᠭᠦᠯᠵᠦ᠂ ᠤᠳᠤ ᠦᠶ᠎ᠠ ᠶᠢᠨ ᠮᠠᠯ ᠠᠵᠤ ᠠᠬᠤᠢ ᠲᠠᠷᠢᠶᠠᠯᠠᠩ ᠤᠨ ᠭᠤᠤᠯᠳᠠᠯᠭ᠎ᠠ ᠲᠠᠢ ᠲᠡᠮᠵᠢᠬᠦ ᠬᠦᠷᠢᠶ᠎ᠠ ᠴᠠᠷᠠᠭ᠎ᠠ ᠶᠢ ᠬᠠᠷᠠᠭᠠᠰᠤᠯᠠᠵᠤ᠂ ᠶᠠᠳᠠᠭᠤ ᠬᠦᠴᠢᠷᠳᠡᠢ ᠭᠠᠵᠠᠷ ᠤᠷᠤᠨ ᠤ ᠬᠦᠭᠵᠢᠯᠳᠡ ᠳᠤ ᠲᠤᠬᠢᠷᠠᠭᠰᠠᠨ ᠲᠠᠪᠠᠭᠤᠯᠢᠭ ᠤᠨᠴᠠᠯᠢᠭᠲᠤ ᠠᠵᠤ ᠦᠢᠯᠡᠰ ᠢ ᠤᠷᠢᠳᠠᠪᠠᠷ ᠲᠡᠮᠵᠢᠵᠦ᠂ ᠶᠠᠳᠠᠭᠤ ᠬᠦᠴᠢᠷᠳᠡᠢ ᠡᠷᠦᠭᠡ ᠶᠢ ᠳᠠᠶᠢᠴᠢᠯᠠᠨ ᠲᠤᠭᠳᠠᠭᠤᠨ ᠢᠶᠠᠷ ᠤᠷᠤᠯᠭ᠎ᠠ ᠨᠡᠮᠡᠭᠳᠡᠭᠦᠯᠵᠦ ᠴᠢᠳᠠᠬᠤ ᠲᠠᠭᠠᠭᠤᠯᠤᠭᠴᠢ ᠠᠵᠤ ᠠᠬᠤᠶᠢᠯᠠᠯ᠂ ᠮᠠᠯᠴᠢᠨ ᠲᠠᠷᠢᠶᠠᠴᠢᠨ ᠤ ᠬᠤᠷᠰᠢᠭᠰᠠᠨ ᠵᠤᠬᠢᠶᠠᠨ ᠪᠠᠶᠢᠭᠤᠯᠤᠯᠲᠠ ᠵᠡᠷᠭᠡ ᠰᠢᠨ᠎ᠠ ᠬᠡᠯᠪᠡᠷᠢ ᠶᠢᠨ ᠡᠵᠡᠩᠨᠡᠯᠳᠡ ᠶᠢᠨ ᠭᠤᠤᠯ ᠴᠤᠭᠴᠠ ᠶᠢ ᠲᠡᠮᠵᠢᠬᠦ ᠬᠡᠷᠡᠭᠳᠡᠢ︔ ᠠᠵᠤ ᠦᠢᠯᠡᠰ ᠤᠨ ︽ᠴᠢᠰᠤ ᠶᠡᠭᠦᠯᠡᠬᠦ︾᠎ ᠪᠠᠷ ᠲᠠᠮᠵᠢᠨ ᠶᠠᠳᠠᠭᠤ ᠬᠦᠴᠢᠷᠳᠡᠢ ᠤᠯᠠᠨ ᠲᠦᠮᠡᠨ ᠤ ᠦᠪᠡᠷ ᠪᠡᠶ᠎ᠠ ᠶᠢᠨ ︽ᠴᠢᠰᠤ ᠪᠦᠳᠦᠭᠡᠬᠦ︾ ᠴᠢᠳᠠᠪᠤᠷᠢ ᠶᠢ ᠬᠦᠭᠵᠢᠭᠡᠵᠦ᠂ ᠶᠠᠳᠠᠭᠤ ᠬᠦᠴᠢᠷᠳᠡᠢ ᠤᠯᠠᠨ ᠲᠦᠮᠡᠨ ᠢ ᠠᠵᠤ ᠦᠢᠯᠡᠰ ᠤᠨ ᠬᠡᠯᠬᠢᠶ᠎ᠠ ᠪᠤᠯᠤᠨ ᠦᠷᠳᠡᠭ ᠤᠨ ᠬᠡᠯᠬᠢᠶ᠎ᠠ ᠠᠴᠠ ᠨᠡᠩ ᠶᠡᠭᠡ ᠠᠰᠢᠭ ᠬᠦᠷᠳᠡᠬᠦ ᠪᠤᠯᠭᠠᠵᠤ᠂ ᠶᠠᠳᠠᠭᠤ ᠠᠴᠠ ᠠᠩᠭᠢᠵᠢᠷᠠᠨ ᠪᠠᠶᠠᠵᠢᠯ ᠤᠨ ᠵᠠᠮ ᠢᠶᠠᠷ ᠵᠠᠮᠨᠠᠬᠤ ᠶᠢ ᠲᠦᠷᠭᠡᠳᠭᠡᠬᠦ ᠬᠡᠷᠡᠭᠳᠡᠢ ᠭᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号