ᠣᠷᠴᠢᠮᠬᠠᠨ᠂ ᠥᠪᠥᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠵᠥᠪᠯᠡᠯ ᠤᠨ ᠠᠯᠪᠠᠨ ᠬᠡᠷ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2017 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠳᠤ | ᠰᠤᠷᠤᠭᠴᠢ ᠡᠯᠰᠡᠬᠦ ᠰᠢᠯᠭᠠᠯᠲᠠ ᠶᠢᠨ ᠴᠠᠭ ᠤᠨ ᠲᠣᠬᠢᠷᠠᠭᠤᠯᠤᠯᠲᠠ ᠶᠢ ᠨᠡᠶᠢᠲᠡᠯᠡᠪᠡ᠃ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ 2017 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ | ᠰᠢᠯᠭᠠᠯᠲᠠ ︵ᠡᠭᠦᠨ ᠳᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠢᠰᠲ᠋ᠧᠮ ᠢᠶᠠᠷ ᠡᠯᠰᠡᠬᠦ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ᠢ ᠠᠰ ᠢᠶᠠᠷ ᠨᠢ ᠰᠢᠯᠭᠠᠬᠤ ᠪᠠᠭᠲᠠᠨ᠎ᠠ︶ | 2017 ᠣᠨ ᠤ 6 ᠳ᠋ᠤᠭᠠᠷ ᠰᠠᠷ᠎ᠠ ᠶᠢᠨ 7 ᠤ ᠡᠳᠦᠷ ᠠᠴᠠ ᠡᠬᠢᠯᠡᠨ᠂ 9 ᠤ ᠡᠳᠦᠷ ᠲᠤ ᠳᠠᠭᠤᠰᠤᠨ᠎ᠠ᠂ ᠡᠯ᠎ᠡ | ᠬᠢᠴᠢᠶᠡᠯ ᠲᠥᠷᠥᠯ ᠤᠨ ᠰᠢᠯᠭᠠᠯᠲᠠ ᠶᠢᠨ ᠴᠠᠭ ᠢ ᠳᠣᠣᠷᠠᠬᠢ ᠮᠡᠲᠦ ᠲᠣᠬᠢᠷᠠᠭᠤᠯᠪᠠ᠄ | | ᠡᠭᠦᠨ ᠳᠤ᠄ ᠭᠠᠳᠠᠭᠠᠳᠤ ᠬᠡᠯᠡ ︵ᠰᠣᠨᠣᠰᠬᠤ ᠴᠢᠳᠠᠪᠤᠷᠢ ᠶᠢᠨ ᠰᠢᠯᠭᠠᠯᠲᠠ ᠪᠠᠭᠲᠠᠨ᠎ᠠ︶ ᠶᠢᠨ ᠬᠢᠴᠢᠶᠡᠯ | ᠲᠥᠷᠥᠯ ᠨᠢ ᠤᠷᠢᠳᠠᠪᠠᠷ ᠪᠢᠷ ᠤᠨ ᠰᠢᠯᠭᠠᠯᠲᠠ ᠬᠢᠵᠦ᠂ ᠳᠠᠷᠠᠭ᠎ᠠ ᠨᠢ ᠰᠣᠨᠣᠰᠬᠤ ᠴᠢᠳᠠᠪᠤᠷᠢ ᠶᠢᠨ ᠰᠢᠯᠭᠠᠯᠲᠠ ᠬᠢᠨ᠎ᠡ︔ | ᠪᠢᠷ ᠤᠨ ᠰᠢᠯᠭᠠᠯᠲᠠ ᠶᠢᠨ ᠴᠠᠭ ᠨᠢ 100 ᠮᠢᠨᠦ᠋ᠲ᠂ ᠰᠣᠨᠣᠰᠬᠤ ᠴᠢᠳᠠᠪᠤᠷᠢ ᠶᠢᠨ ᠰᠢᠯᠭᠠᠯᠲᠠ ᠶᠢᠨ ᠴᠠᠭ ᠨᠢ | ᠪᠠᠷᠤᠭ 20 ᠮᠢᠨᠦ᠋ᠲ ᠶᠠᠪᠤᠭᠳᠠᠨ᠎ᠠ᠃ | ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠢᠰᠲ᠋ᠧᠮ ᠢᠶᠠᠷ ᠡᠯᠰᠡᠬᠦ ᠳᠤᠮᠳᠠ ᠵᠡᠷᠭᠡ ᠶᠢᠨ | ᠠᠵᠢᠯ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ᠤᠨ ᠠᠰ ᠢᠶᠠᠷ ᠨᠢ ᠰᠢᠯᠭᠠᠬᠤ ᠪᠡᠶ᠎ᠡ ᠶᠢᠨ ᠲᠠᠮᠢᠷ ᠤᠨ | ᠲᠥᠷᠥᠯ ᠤᠨ ᠲᠤᠰᠬᠠᠶ ᠮᠡᠷᠭᠡᠵᠢᠯ ᠤᠨ ᠶᠡᠷᠦᠩᠬᠡᠶᠢᠯᠡᠭᠰᠡᠨ ᠬᠢᠴᠢᠶᠡᠯ ᠲᠥᠷᠥᠯ ᠤᠨ ᠰᠢᠯᠭᠠᠯᠲᠠ ᠶᠢ 6 ᠳ᠋ᠤᠭᠠᠷ | ᠰᠠᠷ᠎ᠠ ᠶᠢᠨ 11 ᠤ ᠡᠳᠦᠷ ᠲᠤ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ︵ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠴᠢᠩᠭᠢᠰ ᠬᠠᠭᠠᠨ ᠶᠡᠭᠡ ᠵᠡᠭᠡᠯᠢ ᠶᠢᠨ 19 ᠳ᠋ᠦ᠋ᠭᠡᠷ | ᠲᠣᠭᠠᠲᠤ︶ ᠳᠤ ᠰᠢᠯᠭᠠᠨ᠎ᠠ᠃ ᠰᠢᠯᠭᠠᠭᠤᠯᠤᠭᠰᠠᠳ 6 ᠳ᠋ᠤᠭᠠᠷ ᠰᠠᠷ᠎ᠠ ᠶᠢᠨ 10 ᠤ ᠡᠳᠦᠷ ᠲᠤ ᠰᠢᠯᠭᠠᠬᠤ | ᠭᠠᠵᠠᠷ ᠲᠠᠭᠠᠨ ᠣᠴᠢᠵᠤ ᠨᠡᠷ᠎ᠡ ᠪᠠᠨ ᠮᠡᠳᠡᠭᠦᠯᠦᠨ᠎ᠡ᠃ | ᠭᠠᠳᠠᠭᠠᠳᠤ ᠬᠡᠯᠡ ᠶᠢᠨ ᠶᠠᠷᠢᠶᠠᠨ ᠤ ᠰᠢᠯᠭᠠᠯᠲᠠ᠂ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ | ᠡᠯᠰᠡᠬᠦ ᠭᠠᠳᠠᠭᠠᠳᠤ ᠬᠡᠯᠡ ᠶᠢᠨ ᠶᠠᠷᠢᠶᠠᠨ ᠤ ᠰᠢᠯᠭᠠᠯᠲᠠ ᠨᠢ 6 ᠳ᠋ᠤᠭᠠᠷ ᠰᠠᠷ᠎ᠠ ᠶᠢᠨ 9 ᠤ ᠡᠳᠦᠷ ᠤᠨ 8᠄ | 00 ᠠᠴᠠ 6 ᠳ᠋ᠤᠭᠠᠷ ᠰᠠᠷ᠎ᠠ ᠶᠢᠨ 14 ᠤ ᠡᠳᠦᠷ ᠤᠨ 18 : 00 ᠠᠴᠠ ᠪᠣᠯᠲᠠᠯ᠎ᠠ ᠶᠠᠪᠤᠭᠳᠠᠨ᠎ᠠ᠂ ᠰᠢᠯᠭᠠᠯᠲᠠ ᠶᠢᠨ | ᠭᠠᠵᠠᠷ ᠵᠢᠴᠢ ᠪᠣᠳᠠᠲᠠᠶ ᠴᠠᠭ ᠢ ᠬᠤᠰᠢᠭᠤ ᠰᠢᠶᠠᠨ ᠲᠣᠭᠤᠷᠢᠭ ᠤᠨ ᠰᠣᠷᠣᠭᠴᠢ ᠡᠯᠰᠡᠬᠦ ᠠᠯᠪᠠᠨ ᠬᠡᠷ ᠠᠴᠠ | ᠲᠣᠭᠲᠠᠭᠠᠬᠤ ᠪᠥᠭᠡᠳ ᠰᠢᠯᠭᠠᠭᠤᠯᠤᠭᠴᠢ ᠶᠢᠨ ᠲᠤᠰ ᠬᠥᠮᠦᠨ ᠳᠤᠨᠢ ᠮᠡᠳᠡᠭᠳᠡᠨ᠎ᠡ᠃ |