ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠦᠨᠦ ᠵᠢᠯ ᠤᠨ 4 ᠳ᠋ᠦ᠋ᠭᠡᠷ ᠰᠠᠷ᠎ᠠ ᠶᠢᠨ ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠤᠬᠢᠷᠠᠭᠤᠯᠤᠯᠲᠠ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2017/4/5
     ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠦᠨᠦ ᠵᠢᠯ ᠤᠨ 4 ᠳ᠋ᠦ᠋ᠭᠡᠷ ᠰᠠᠷ᠎ᠠ ᠶᠢᠨ ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠤᠬᠢᠷᠠᠭᠤᠯᠤᠯᠲᠠ ᠶᠢ ᠨᠡᠶᠢᠲᠡᠯᠡᠪᠡ᠃ ᠦᠴᠦᠭᠡᠳᠦᠷ᠂ ᠦᠪᠦᠷ ᠮᠣᠩᠭᠤᠯ ᠤᠨ ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠦᠪ ᠠᠴᠠ ︽ᠦᠪᠦᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ︾᠎ ᠶᠢᠨ ᠠᠯᠪᠠᠨ ᠪᠢᠴᠢᠯ ᠳᠤ ᠰᠤᠷᠠᠭ ᠵᠡᠩᠭᠢ ᠨᠡᠶᠢᠲᠡᠯᠡᠵᠤ᠂ 2017 ᠤᠨ ᠤ 4 ᠳ᠋ᠦ᠋ᠭᠡᠷ ᠰᠠᠷ᠎ᠠ ᠳᠤ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠳᠤ ᠨᠡᠶᠢᠲᠡ 7 ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠲᠠᠢ᠃      ᠤᠶᠢᠯᠠᠭᠠᠭᠰᠠᠨ ᠢᠶᠠᠷ᠂ ᠪᠤᠲᠠᠲᠠᠢ ᠰᠢᠯᠭᠠᠬᠤ ᠴᠠᠭ ᠪᠤᠯᠤᠨ ᠨᠡᠷ᠎ᠠ ᠪᠦᠷᠢᠳᠭᠡᠭᠦᠯᠬᠦ ᠴᠠᠭ ᠨᠢ᠄ 4 ᠳ᠋ᠦ᠋ᠭᠡᠷ ᠰᠠᠷ᠎ᠠ ᠶᠢᠨ 9᠎ ᠤ ᠡᠳᠦᠷ᠂ ᠡᠩ ᠤᠨ ᠶᠡᠭᠡ ᠲᠡᠭᠡᠲᠤ ᠰᠤᠷᠭᠠᠭᠤᠯᠢ ᠦᠨᠳᠦᠰᠦᠲᠡᠨ ᠤ ᠬᠢᠲᠡᠳ ᠢᠶᠠᠷ ᠰᠢᠯᠭᠠᠬᠤ ᠭᠤᠷᠪᠠᠳᠤᠭᠠᠷ ᠳᠡᠰ ᠤᠨ ᠰᠢᠯᠭᠠᠯᠲᠠ ᠶᠠᠪᠤᠭᠳᠠᠨ᠎ᠠ᠃ 4 ᠳ᠋ᠦ᠋ᠭᠡᠷ ᠰᠠᠷ᠎ᠠ ᠶᠢᠨ 15᠎ ᠤ ᠡᠳᠦᠷ᠂ ᠪᠠᠭᠰᠢ ᠶᠢᠨ ᠦᠨᠡᠮᠯᠡᠯ ᠢ ᠭᠤᠶᠤᠴᠢᠯᠠᠬᠤ ᠰᠤᠷᠭᠠᠨ ᠬᠦᠮᠦᠵᠢᠯ ᠤᠨ ᠤᠬᠠᠭᠠᠨ ᠪᠤᠯᠤᠨ ᠰᠡᠳᠭᠢᠴᠡ ᠵᠦᠢ ᠶᠢᠨ ᠤᠬᠠᠭᠠᠨ ᠤ ᠰᠢᠯᠭᠠᠯᠲᠠ ᠶᠠᠪᠤᠭᠳᠠᠨ᠎ᠠ᠃ 4 ᠳ᠋ᠦ᠋ᠭᠡᠷ ᠰᠠᠷ᠎ᠠ ᠶᠢᠨ 15᠎ ᠠᠴᠠ 16᠎ ᠤ ᠡᠳᠦᠷ ᠪᠤᠯᠲᠠᠯ᠎ᠠ᠂ ᠲᠡᠭᠡᠲᠤ ᠵᠡᠷᠭᠡ ᠶᠢᠨ ᠰᠤᠷᠭᠠᠨ ᠬᠦᠮᠦᠵᠢᠯ ᠤᠨ ᠦᠪᠡᠷ ᠢᠶᠠᠨ ᠰᠤᠷᠤᠭᠰᠠᠳ ᠤᠨ ᠰᠢᠯᠭᠠᠯᠲᠠ ᠶᠢᠨ ᠲᠡᠭᠡᠷ᠎ᠠ ᠬᠠᠭᠠᠰ ᠵᠢᠯ ᠤᠨ ᠪᠦᠬᠦ ᠤᠯᠤᠰ ᠤᠨ ᠨᠢᠭᠡᠳᠦᠯᠲᠠᠢ ᠰᠢᠯᠭᠠᠯᠲᠠ᠃ 4 ᠳ᠋ᠦ᠋ᠭᠡᠷ ᠰᠠᠷ᠎ᠠ ᠶᠢᠨ 22᠎ ᠠᠴᠠ 23 ᠡᠳᠦᠷ ᠪᠤᠯᠲᠠᠯ᠎ᠠ᠂ ᠡᠩ ᠤᠨ ᠶᠡᠭᠡ ᠲᠡᠭᠡᠳᠤ ᠰᠤᠷᠭᠠᠭᠤᠯᠢ ᠶᠢᠨ ᠬᠦᠳᠡᠯᠭᠡᠭᠡᠨ ᠤ ᠳᠠᠰᠬᠠᠵᠢᠭᠤᠯᠤᠯ ᠤᠨ ᠦᠱᠦ ᠵᠢᠴᠢ ᠦᠨᠳᠦᠰᠦᠲᠡᠨ ᠤ ᠤᠯᠠᠮᠵᠢᠯᠠᠯᠲᠤ ᠲᠡᠮᠢᠷ ᠤᠨ ᠲᠤᠰᠬᠠᠢ ᠮᠡᠷᠭᠡᠵᠢᠯ ᠤᠨ ᠲᠤᠰᠠᠭᠠᠷ ᠰᠤᠷᠤᠭᠴᠢ ᠡᠯᠰᠡᠬᠦ ᠰᠤᠶᠤᠯ ᠤᠨ ᠬᠢᠴᠢᠶᠡᠯ ᠤᠨ ᠰᠢᠯᠭᠠᠯᠲᠠ ᠶᠠᠪᠤᠭᠳᠠᠨ᠎ᠠ᠃ 4 ᠳ᠋ᠦ᠋ᠭᠡᠷ ᠰᠠᠷ᠎ᠠ ᠶᠢᠨ 21᠎ ᠠᠴᠠ 30᠎ ᠤ ᠡᠳᠦᠷ ᠪᠤᠯᠲᠠᠯ᠎ᠠ᠂ 2016 —2017 ᠤᠨ ᠤ ᠰᠤᠷᠤᠯᠭ᠎ᠠ ᠶᠢᠨ ᠵᠢᠯ ᠤᠨ ᠬᠤᠶᠠᠳᠤᠭᠠᠷ ᠬᠤᠭᠤᠴᠠᠭᠠᠨ ᠤ ᠲᠡᠭᠡᠲᠤ ᠳᠤᠮᠳᠠᠳᠤ ᠶᠢᠨ ᠰᠤᠷᠤᠯᠭ᠎ᠠ ᠶᠢᠨ ᠬᠢᠷᠢ ᠬᠡᠮᠵᠢᠶᠠᠨ ᠤ ᠰᠢᠯᠭᠠᠯᠲᠠ ᠳᠤ ᠨᠡᠷ᠎ᠡ ᠪᠦᠷᠢᠳᠭᠡᠭᠦᠯᠦᠨ᠎ᠠ᠃ 4 ᠳ᠋ᠦ᠋ᠭᠡᠷ ᠰᠠᠷ᠎ᠠ ᠶᠢᠨ 25᠎ ᠠᠴᠠ 5 ᠳ᠋ᠤᠭᠠᠷ ᠰᠠᠷ᠎ᠠ ᠶᠢᠨ 2᠎ ᠤᠨ ᠡᠳᠦᠷ ᠪᠤᠯᠳᠠᠯ᠎ᠠ᠂ ᠪᠦᠬᠦ ᠤᠯᠤᠰ ᠤᠨ ᠶᠡᠭᠡ ᠰᠤᠷᠭᠠᠭᠤᠯᠢ ᠶᠢᠨ ᠠᠩᠭ᠍ᠯᠢ ᠬᠡᠯᠡᠨ ᠤ ᠲᠦᠷᠪᠡ᠂ ᠵᠢᠷᠭᠤᠳᠤᠭᠠᠷ ᠳᠡᠰ ᠤᠨ ᠶᠠᠷᠢᠶ᠎ᠠ ᠶᠢᠨ ᠰᠢᠯᠭᠠᠯᠲᠠ ᠶᠢᠨ ᠨᠡᠷ᠎ᠠ ᠪᠦᠷᠢᠳᠭᠡᠭᠦᠯᠦᠨ᠎ᠠ᠃ ᠤᠷᠢᠳᠴᠢᠯᠠᠨ ᠲᠤᠭᠠᠴᠠᠭᠠᠯᠠᠭᠰᠠᠨ ᠢᠶᠠᠷ᠂ 4 ᠳ᠋ᠦ᠋ᠭᠡᠷ ᠰᠠᠷ᠎ᠠ ᠶᠢᠨ ᠰᠡᠭᠦᠯᠴᠢ ᠳᠤ᠂ ᠬᠦᠳᠡᠭᠡ ᠤᠷᠤᠨ ᠨᠤᠲᠤᠭ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠲᠤᠨ ᠳᠠᠬᠢ ᠪᠠᠭᠰᠢ ᠶᠢᠨ ᠤᠨᠴᠠ ᠲᠤᠬᠢᠷᠠᠭᠤᠯᠤᠭᠰᠠᠨ ᠠᠵᠢᠯ ᠤᠨ ᠪᠠᠶᠢᠷᠢ ᠶᠢᠨ ᠲᠦᠯᠦᠪᠯᠡᠭᠡ ᠶᠢᠨ ᠰᠢᠯᠭᠠᠯᠲᠠ ᠳᠤ ᠨᠡᠷ᠎ᠠ ᠪᠦᠷᠢᠳᠭᠡᠭᠦᠯᠦᠨ᠎ᠠ᠃
 
ᠢᠷᠡᠯᠲᠡ᠄ ᠰᠢᠨᠬᠤᠸᠠ ᠮᠣᠩᠭᠤᠯ ᠨᠧᠲ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号