ᠥᠪᠥᠷ ᠮᠣᠩᠭᠤᠯ ᠤᠨ ᠬᠤᠷᠢᠨᠭᠡᠷ ᠰᠢᠨ᠎ᠡ ᠲᠤᠭᠤᠷᠢᠭ ᠤᠨ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠬᠤᠳᠠ ᠶᠢᠨ ᠶᠠᠪᠤᠳᠠᠯ ᠤᠨ ᠴᠡᠴᠡᠷᠯᠢᠭ ᠨᠣᠭᠤᠭᠠᠷᠠᠭᠤᠯᠤᠯᠲᠠ ᠶᠢᠨ ᠵᠢᠷᠤᠭ ᠲᠥᠯᠥᠪᠯᠡᠭᠡ ᠶᠢᠨ ᠦᠢᠯᠡᠴᠢᠯᠡᠭᠡᠨ ᠤ ᠨᠢᠭᠡᠴᠡ ᠶᠢᠨ ᠪᠦᠬᠦ ᠪᠥᠮᠪᠥᠷᠴᠡᠭ ᠠᠴᠠ ᠡᠯᠰᠡᠨ ᠴᠤᠭᠯᠠᠭᠤᠯᠬᠤ ᠠᠯᠪᠠᠨ ᠵᠠᠷ
ᠨᠡᠶᠢᠲᠡᠯᠡᠭᠰᠡᠨ ᠴᠠᠭ᠄
2017/4/5
     ᠥᠪᠥᠷ ᠮᠣᠩᠭᠤᠯ ᠤᠨ ᠬᠤᠷᠢᠨᠭᠡᠷ ᠰᠢᠨ᠎ᠡ ᠲᠤᠭᠤᠷᠢᠭ ᠤᠨ ᠪᠦᠳᠦᠭᠡᠠ ᠪᠠᠶᠢᠭᠤᠯᠤᠯᠲᠠ ᠨᠡᠶᠢᠭᠡᠮ ᠤᠨ ᠡᠯ᠎ᠡ ᠡᠲᠡᠭᠡᠳ ᠤᠨ ᠠᠩᠬᠠᠷᠤᠯ ᠢ ᠥᠷᠭᠡᠨ ᠢᠶᠠᠷ ᠲᠠᠲᠠᠨ ᠶᠡᠬᠡᠳᠡ ᠳᠡᠮᠵᠢᠯᠭᠡ ᠤᠯᠵᠤ᠂ ᠰᠢᠨ᠎ᠡ ᠲᠤᠭᠤᠷᠢᠭ ᠤᠨ ᠲᠦᠯᠦᠪᠵᠢᠭᠦᠯᠦᠨ ᠪᠦᠲᠦᠭᠡᠨ ᠪᠠᠶᠢᠭᠤᠯᠬᠤ ᠡᠯ᠎ᠡ ᠵᠦᠢᠯ ᠤᠨ ᠠᠵᠢᠯ ᠪᠦᠬᠦ ᠲᠠᠯ᠎ᠠ ᠪᠠᠷ ᠡᠮᠬᠢ ᠳᠢᠭᠯᠢᠮ ᠲᠠᠢ ᠡᠬᠢᠯᠡᠪᠡ᠃ ᠰᠢᠨ᠎ᠡ ᠲᠤᠭᠤᠷᠢᠭ ᠢ ᠪᠦᠲᠦᠭᠡᠨ ᠪᠠᠶᠢᠭᠤᠯᠬᠤ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠭᠠᠷᠭᠠᠭᠰᠠᠨ ᠴᠢᠬᠤᠯᠠ ᠶᠡᠭᠡ ᠰᠢᠶᠳᠪᠦᠷᠢᠲᠦ ᠪᠤᠳᠤᠯᠭ᠎ᠠ ᠮᠦᠨ᠂ ᠰᠢᠨ᠎ᠡ ᠲᠤᠭᠤᠷᠢᠭ ᠢ ᠪᠦᠲᠦᠭᠡᠨ ᠪᠠᠶᠢᠭᠤᠯᠬᠤ ᠵᠢᠯᠣᠭᠤᠳᠬᠤ ᠦᠵᠡᠯ ᠰᠠᠨᠠᠭ᠎ᠠ ᠪᠣᠯ ᠤᠷᠢᠳᠠᠪᠠᠷ ᠲᠦᠯᠦᠪᠵᠢᠭᠦᠯᠵᠦ᠂ ᠰᠢᠨᠵᠢᠯᠡᠬᠦ ᠤᠬᠠᠭᠠᠨᠴᠢ ᠪᠠᠷ ᠬᠦᠭᠵᠢᠭᠦᠯᠦᠨ᠎ᠡ᠂ ᠪᠦᠳᠦᠭᠡᠨ ᠪᠠᠶᠢᠭᠤᠯᠤᠯᠲᠠ ᠶᠢᠨ ᠠᠵᠢᠯ ᠤᠨ ᠬᠠᠷᠠᠯᠲᠠ ᠪᠣᠯ ︽ᠨᠢᠭᠡ ᠵᠢᠯ ᠠᠴᠠ ᠡᠬᠢᠯᠡᠵᠦ᠂ ᠭᠤᠷᠪᠠᠨ ᠵᠢᠯ ᠳᠤ ᠬᠡᠯᠪᠡᠷᠢᠵᠢᠭᠦᠯᠵᠦ᠂ ᠲᠠᠪᠤᠨ ᠵᠢᠯ ᠳᠤ ᠬᠢᠷᠢ ᠲᠦᠪᠰᠢᠨ ᠢ ᠳᠡᠭᠡᠭᠰᠢᠯᠡᠭᠦᠯᠵᠦ᠂ ᠠᠷᠪᠠᠨ ᠵᠢᠯ ᠳᠤ ᠶᠡᠭᠡ ᠦᠰᠦᠷᠦᠯᠲᠡ ᠲᠠᠢ︾ ᠪᠤᠯᠤᠨ᠎ᠠ᠂ ᠪᠦᠲᠦᠭᠡᠨ ᠪᠠᠶᠢᠭᠤᠯᠬᠤ ᠡᠮᠬᠢ ᠳᠠᠷᠠᠭᠠᠯᠠᠯ ᠪᠤᠯ ︽ᠤᠷᠢᠳᠠᠪᠠᠷ ᠲᠥᠯᠥᠪᠵᠢᠭᠦᠯᠵᠦ ᠳᠠᠷᠠᠭ᠎ᠠ ᠨᠢ ᠪᠦᠳᠦᠬᠡᠨ ᠪᠠᠶᠢᠭᠤᠯᠬᠤ᠂ ᠤᠷᠢᠳᠠᠪᠠᠷ ᠭᠠᠵᠠᠷ ᠳᠣᠣᠷᠠᠬᠢ ᠶᠢ ᠪᠠᠶᠢᠭᠤᠯᠵᠤ ᠲᠠᠷᠠᠭ᠎ᠠ ᠨᠢ ᠭᠠᠵᠠᠷ ᠳᠡᠭᠡᠷᠡᠬᠢ ᠶᠢ ᠪᠠᠶᠢᠭᠤᠯᠵᠤ᠂ ᠤᠷᠢᠳᠠᠪᠠᠷ ᠠᠮᠢ ᠠᠬᠤᠢ ᠶᠢ ᠬᠠᠮᠠᠭᠠᠯᠠᠨ ᠳᠠᠷᠠᠭ᠎ᠠ ᠨᠢ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠤᠢ ᠪᠤᠯᠭᠠᠵᠤ᠂ ᠤᠷᠢᠳᠠᠪᠠᠷ ᠦᠢᠯᠡᠳᠪᠦᠷᠢᠯᠡᠵᠦ ᠳᠠᠷᠠᠭ᠎ᠠ ᠨᠢ ᠠᠮᠢᠳᠤᠷᠠᠬᠤ︾ ᠪᠤᠯᠤᠨ᠎ᠠ᠃ ᠤᠳᠤᠬᠠᠨ ᠳᠤ᠂ ᠰᠢᠨ᠎ᠡ ᠲᠤᠭᠤᠷᠢᠭ ᠤᠨ ᠶᠡᠷᠦᠩᠬᠡᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠶᠠᠭ ᠠᠯᠬᠤᠮ ᠳᠠᠷᠠᠭ᠎ᠠ ᠲᠠᠢ ᠠᠬᠢᠵᠤ᠂ ᠠᠵᠢᠯ ᠤᠨ ᠲᠥᠯᠥᠪᠯᠡᠭᠡ ᠶᠣᠰᠣᠭᠠᠷ ᠪᠣᠯ᠂ ᠡᠨᠡ ᠵᠢᠯ ᠤᠨ 3 ᠳ᠋ᠤᠭᠠᠷ ᠰᠠᠷ᠎ᠠ ᠶᠢᠨ ᠳᠤᠮᠳᠠᠴᠢ ᠪᠠᠷ ᠶᠡᠷᠦᠩᠬᠡᠶ ᠲᠥᠯᠥᠪᠵᠢᠭᠦᠯᠭᠡ ᠶᠢᠨ ᠲᠥᠰᠦᠯ ᠢ ᠭᠠᠷᠭᠠᠵᠤ᠂ 4 ᠳ᠋ᠦ᠋ᠭᠡᠷ ᠰᠠᠷ᠎ᠠ ᠶᠢᠨ ᠰᠡᠭᠦᠯᠴᠢ ᠪᠠᠷ ᠠᠮᠢ ᠠᠬᠤᠶ ᠶᠢᠨ ᠨᠣᠭᠤᠭᠠᠷᠠᠭᠤᠯᠤᠯᠲᠠ ᠶᠢᠨ ᠦᠵᠡᠮᠵᠢ ᠪᠠ ᠭᠤᠣᠯ ᠤᠨ ᠵᠠᠮ ᠢ ᠵᠠᠰᠠᠬᠤ ᠪᠠᠷᠢᠯᠭ᠎ᠠ ᠶᠢ ᠬᠡᠷᠡᠭᠵᠢᠭᠦᠯᠵᠦ᠂ 6 ᠳ᠋ᠤᠭᠠᠷ ᠰᠠᠷ᠎ᠠ ᠶᠢᠨ ᠰᠡᠭᠦᠯᠴᠢ ᠪᠠᠷ ᠶᠡᠷᠦᠩᠬᠡᠶ ᠲᠥᠯᠥᠪᠵᠢᠭᠦᠯᠭᠡ ᠶᠢᠨ ᠱᠠᠲᠤᠨ ᠤ ᠵᠠᠮ ᠤᠨ ᠰᠢᠰᠲ᠋ᠧᠮ᠂ ᠬᠤᠭᠤᠯᠠᠶ ᠲᠤᠤᠷ ᠤᠨ ᠰᠢᠰᠲ᠋ᠧᠮ ᠪᠣᠯᠤᠨ ᠪᠣᠰᠤᠭ᠎ᠠ ᠴᠢᠭᠯᠡᠯ ᠤᠨ ᠵᠢᠷᠤᠭ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠵᠦ᠂ 7 ᠳ᠋ᠤᠭᠠᠷ ᠰᠠᠷ᠎ᠠ ᠶᠢᠨ ᠡᠬᠢ ᠪᠠᠷ ᠰᠢᠨ᠎ᠡ ᠲᠤᠭᠤᠷᠢᠭ ᠤᠨ ᠲᠦᠪ ᠤᠷᠤᠨ ᠤ ᠬᠤᠳᠠ ᠶᠢᠨ ᠶᠠᠪᠤᠳᠠᠯ ᠤᠨ ᠢᠨᠵᠧᠨᠧᠷᠢᠩ ᠢ ᠪᠡᠶᠡᠯᠡᠭᠦᠯᠬᠦ ᠪᠤᠯᠤᠨ᠎ᠠ᠃ ᠡᠭᠦᠨ ᠤ ᠬᠠᠮᠲᠤ ᠪᠠᠰᠠ ᠤᠯᠠᠨ ᠨᠡᠶᠢᠲᠡ ᠶᠢᠨ ᠴᠢᠬᠤᠯᠠ ᠶᠡᠭᠡ ᠪᠠᠷᠢᠯᠭ᠎ᠠ ᠶᠢᠨ ᠭᠠᠵᠠᠷ ᠰᠣᠩᠭᠤᠬᠤ ᠪᠠ ᠲᠥᠰᠦᠯ ᠤᠨ ᠵᠢᠷᠤᠭ ᠲᠥᠯᠥᠪᠯᠡᠭᠡ ᠶᠢᠨ ᠠᠵᠢᠯ ᠢ ᠦᠷᠨᠢᠭᠦᠯᠦᠨ᠎ᠡ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠤᠷᠠᠳᠤᠭᠰᠠᠨ ᠳᠡᠯᠡᠬᠡᠶ ᠶᠢᠨ ᠲᠡᠷᠢᠭᠦᠨ ᠤ ᠳᠡᠰ᠂ ᠤᠯᠤᠰ ᠤᠨ ᠳᠤᠲᠤᠭᠠᠳᠤ ᠶᠢᠨ ᠲᠡᠷᠢᠭᠦᠨ ᠤ ᠪᠠ ᠥᠨᠳᠥᠷ ᠡᠬᠢᠯᠡᠯᠲᠡ᠂ ᠦᠨᠳᠦᠷ ᠪᠠᠷᠢᠮᠵᠢᠶ᠎ᠠ᠂ ᠥᠨᠳᠥᠷ ᠬᠢᠷᠢ ᠲᠦᠪᠰᠢᠨ ᠢᠶᠠᠷ ᠬᠤᠷᠢᠨᠭᠡᠷ ᠰᠢᠨ᠎ᠡ ᠲᠤᠭᠤᠷᠢᠭ ᠢ ᠲᠦᠯᠦᠪᠵᠢᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠬᠤ ᠱᠠᠭᠠᠷᠳᠠᠯᠭ᠎ᠠ ᠶᠤᠰᠤᠭᠠᠷ᠂ ᠤᠳᠤ ᠪᠠᠷᠢᠯᠭ᠎ᠠ ᠶᠢᠨ ᠵᠢᠷᠤᠭ ᠲᠥᠯᠥᠪᠯᠡᠭᠡ᠂ ᠬᠤᠲᠠ ᠶᠢᠨ ᠶᠠᠪᠤᠳᠠᠯ ᠤᠨ ᠵᠢᠷᠤᠭ ᠲᠦᠯᠦᠪᠯᠡᠭᠡ᠂ ᠴᠡᠴᠡᠷᠯᠢᠭᠵᠢᠭᠦᠯᠦᠨ ᠨᠤᠭᠤᠭᠠᠷᠠᠭᠤᠯᠬᠤ ᠲᠥᠯᠥᠪᠯᠡᠭᠡ ᠶᠢᠨ ᠨᠢᠭᠡᠴᠡ ᠵᠡᠷᠭᠡ ᠨᠢ ᠪᠦᠬᠦ ᠪᠥᠮᠪᠥᠷᠴᠡᠭ ᠠᠴᠠ ᠡᠯᠰᠡᠨ ᠴᠤᠭᠯᠠᠭᠤᠯᠬᠤ ᠪᠠᠷ ᠪᠠᠶᠢᠨ᠎ᠠ᠂ ᠰᠠᠨᠠᠭ᠎ᠠ ᠲᠠᠢ ᠬᠦᠮᠦᠰ ᠯᠠᠪᠯᠠᠨ ᠠᠰᠠᠭᠤᠵᠤ᠂ ᠨᠡᠷ᠎ᠡ ᠮᠡᠳᠡᠭᠦᠯᠬᠦ ᠶᠢ ᠪᠠᠶᠠᠷᠯᠠᠨ ᠤᠭᠲᠤᠵᠤ ᠪᠠᠶᠢᠨ᠎ᠠ᠃ ᠨᠡᠷ᠎ᠡ ᠮᠡᠳᠡᠭᠦᠯᠬᠦ ᠨᠢᠭᠡᠴᠡ ᠨᠢ ᠪᠠᠷᠢᠯᠭ᠎ᠠ᠂ ᠬᠤᠳᠠ ᠶᠢᠨ ᠶᠠᠪᠤᠳᠠᠯ᠂ ᠴᠡᠴᠡᠷᠯᠢᠭ ᠨᠤᠭᠤᠭᠠᠷᠠᠭᠤᠯᠤᠯᠲᠠ ︵ᠭᠤᠣᠯ ᠤᠨ ᠵᠠᠮ ᠢ ᠵᠠᠰᠠᠬᠤ ᠪᠠᠭᠲᠠᠨ᠎ᠠ︶᠎ ᠶᠢᠨ ᠬᠥᠬᠡ ᠳᠡᠰ ᠤᠨ ᠬᠢᠷᠢ ᠴᠢᠳᠠᠯ ︵ᠭᠠᠳᠠᠭᠠᠳᠤ ᠶᠢᠨ ᠤᠷᠤᠨ ᠲᠤᠭᠠᠨ ᠤ ᠨᠢᠭᠡᠴᠡ ᠪᠤᠯ ᠠᠳᠠᠯᠢ ᠲᠡᠭᠰᠢ ᠬᠢᠷᠢ ᠴᠢᠳᠠᠯ ᠢ ᠪᠦᠷᠢᠯᠳᠦᠭᠦᠯᠬᠦ ᠴᠢᠬᠤᠯᠠᠲᠠᠶ︶᠂ ᠠᠵᠢᠯ ᠤᠨ ᠡᠯᠪᠡᠭ ᠪᠠᠶᠠᠯᠢᠭ ᠦᠷ᠎ᠡ ᠪᠦᠲᠦᠮᠵᠢ ᠲᠠᠢ ᠪᠠᠶᠢᠬᠤ ᠬᠡᠷᠡᠭᠲᠡᠢ᠃      ᠰᠢᠨ᠎ᠡ ᠲᠤᠭᠤᠷᠢᠭ ᠤᠨ ᠠᠮᠢ ᠠᠬᠤᠶ ᠶᠢᠨ ᠨᠣᠭᠤᠭᠠᠷᠠᠭᠤᠯᠤᠯᠲᠠ᠂ ᠬᠤᠳᠠ ᠶᠢᠨ ᠶᠠᠪᠤᠳᠠᠯ ᠵᠢᠴᠢ ᠵᠠᠰᠠᠭ ᠤᠨ ᠣᠷᠳᠣᠨ ᠠᠴᠠ ᠬᠠᠷᠢᠭᠤᠴᠠᠵᠤ ᠵᠣᠬᠢᠶᠠᠨ ᠪᠠᠶᠢᠭᠤᠯᠤᠨ ᠪᠦᠲᠦᠭᠡᠨ ᠪᠠᠶᠢᠭᠤᠯᠬᠤ ᠣᠯᠠᠨ ᠨᠡᠶᠢᠲᠡ ᠶᠢᠨ ᠪᠠᠷᠢᠯᠭ᠎ᠠ ᠶᠢᠨ ᠲᠦᠷᠦᠯ ᠵᠦᠢᠯ ᠨᠢ PPP ᠵᠠᠭᠪᠤᠷ ᠢᠶᠠᠷ ᠪᠦᠲᠦᠭᠡᠨ ᠪᠠᠶᠢᠭᠤᠯᠤᠨ᠎ᠠ᠃ ᠤᠷᠤᠯᠴᠠᠬᠤ ᠰᠠᠨᠠᠭ᠎ᠠ ᠲᠠᠢ᠂ ᠪᠣᠳᠠᠲᠤ ᠬᠦᠴᠦᠨ ᠲᠠᠢ ᠺᠣᠮᠫᠠᠨᠢ᠂ ᠠᠵᠤ ᠠᠬᠤᠶᠢᠯᠠᠯ ᠤᠳ ᠰᠢᠨ᠎ᠡ ᠲᠤᠭᠤᠷᠢᠭ ᠤᠨ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠳᠤ ᠤᠷᠤᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃      ᠬᠠᠷᠢᠯᠴᠠᠬᠤ ᠬᠥᠮᠦᠨ᠄ ᠯᠢ ᠪᠦᠸᠧ      ᠬᠠᠷᠢᠯᠴᠠᠬᠤ ᠤᠲᠠᠰᠤ᠄ 0471-2386682      ᠳᠦᠷᠰᠦᠲᠦ ᠴᠠᠬᠢᠯᠭᠠᠨ᠄ 0471-2386682      ᠰᠢᠦᠳᠠᠨ ᠬᠠᠶᠢᠷᠴᠠᠭ᠄ mngxq@163.com      ᠬᠠᠶ᠋ᠢᠭ᠄ ᠬᠥᠬᠡᠬᠤᠲᠠ ᠶᠢᠨ ᠱᠧᠩ ᠯᠧ ᠤᠳᠤ ᠦᠶ ᠎ᠡ ᠶᠢᠨ ᠦᠢᠯᠡᠴᠢᠯᠡᠭᠡᠨ ᠤ ᠦᠢᠯᠡᠰ ᠤᠨ ᠲᠦᠪᠯᠡᠷᠡᠯ ᠣᠷᠣᠨ ᠤ ᠬᠠᠮᠢᠶᠠᠷᠤᠯᠲᠠ ᠶᠢᠨ ᠵᠥᠪᠯᠡᠯ      ᠰᠢᠦᠳᠠᠨ ᠨᠤᠮᠧᠷ᠄ 011500      ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ                                        2017 ᠤᠨ ᠤ 3 ᠳ᠋ᠤᠭᠠᠷ ᠰᠠᠷ᠎ᠠ ᠶᠢᠨ 25᠎ ᠤ ᠡᠳᠦᠷ
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号