ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠵᠥᠪᠯᠡᠯᠭᠡ ᠥᠭᠬᠦ ᠰᠤᠳᠤᠯᠭᠠᠨ ᠤ ᠰᠡᠳᠦᠪ ᠤᠨ 2017 ᠣᠨ ᠤ ᠰᠡᠳᠦᠪ ᠤᠨ ᠳᠠᠭᠠᠭᠠᠴᠢᠯᠠᠯᠲᠠ ᠵᠠᠷᠯᠠᠬᠤ ᠠᠯᠪᠠᠨ ᠵᠠᠷ
ᠨᠡᠶᠢᠲᠡᠯᠡᠭᠰᠡᠨ ᠴᠠᠭ᠄
2017/4/5
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠵᠥᠪᠯᠡᠯᠭᠡ ᠥᠭᠬᠦ ᠰᠤᠳᠤᠯᠭᠠᠨ ᠤ ᠰᠡᠳᠦᠪ ᠤᠨ 2017 ᠣᠨ ᠤ ᠰᠡᠳᠦᠪ ᠳᠤ ᠨᠡᠶᠢᠭᠡᠮ ᠨᠡᠶᠢᠲᠡ ᠳᠤ ᠢᠯᠡ ᠪᠠᠷ ᠳᠠᠭᠠᠭᠠᠴᠢᠯᠠᠯᠲᠠ ᠵᠠᠷᠯᠠᠵᠤ ᠪᠠᠶᠢᠨ᠎ᠠ᠂ ᠡᠳᠦᠭᠡ ᠬᠠᠮᠢᠶ᠎ᠠ ᠪᠦᠭᠦᠢ ᠶᠠᠪᠤᠳᠠᠯ ᠢ ᠮᠡᠳᠡᠭᠳᠡᠪᠡ᠄      ᠨᠢᠭᠡ᠂ ᠳᠠᠭᠠᠭᠠᠴᠢᠯᠠᠯᠲᠠ ᠵᠠᠷᠯᠠᠬᠤ ᠰᠡᠳᠦᠪ ᠤᠨ ᠭᠠᠷᠴᠠᠭ      1. ᠥᠪᠥᠷ ᠮᠣᠩᠭᠤᠯ ᠤᠨ ᠮᠠᠯᠴᠢᠨ ᠲᠠᠷᠢᠶᠠᠴᠢᠨ ᠤ ᠣᠷᠣᠯᠭ᠎ᠠ ᠶᠢ ᠳᠡᠭᠡᠭᠰᠢᠯᠡᠭᠦᠯᠬᠦ ᠠᠷᠭ᠎ᠠ ᠵᠠᠮ ᠤᠨ ᠲᠤᠬᠠᠶ ᠰᠤᠳᠤᠯᠤᠯ︔      2. ᠥᠪᠥᠷ ᠮᠣᠩᠭᠤᠯ ᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠷᠭ᠎ᠠ ᠪᠣᠳᠣᠯᠭ᠎ᠠ ᠶᠢᠨ ᠲᠤᠬᠠᠶ ᠰᠤᠳᠤᠯᠤᠯ︔      3. ᠥᠪᠥᠷ ᠮᠣᠩᠭᠤᠯ ᠤᠨ ᠲᠤᠮᠤ ᠳ᠋ᠠᠶᠢᠲ᠋ᠠ ᠶᠢᠨ ᠠᠵᠤ ᠦᠢᠯᠡᠰ ᠤᠨ ᠬᠡᠷᠡᠭᠯᠡᠭᠡᠨ ᠤ ᠬᠥᠭᠵᠢᠯᠲᠡ ᠶᠢᠨ ᠲᠤᠬᠠᠶ ᠰᠤᠳᠤᠯᠤᠯ︔      4. ᠥᠪᠥᠷ ᠮᠣᠩᠭᠤᠯ ᠤᠨ ᠴᠠᠰᠤ ᠮᠥᠰᠥᠨ ᠤ ᠠᠵᠤ ᠦᠢᠯᠡᠰ ᠤᠨ ᠬᠥᠭᠵᠢᠯᠲᠡ ᠶᠢᠨ ᠲᠤᠬᠠᠶ ᠰᠤᠳᠤᠯᠤᠯ︔      5. ᠥᠪᠥᠷ ᠮᠣᠩᠭᠤᠯ ᠤᠨ ᠪᠣᠳᠠᠰ ᠤᠨ ᠪᠤᠰᠤ ᠰᠣᠶᠣᠯ ᠤᠨ ᠥᠪ ᠢ ᠵᠠᠯᠭᠠᠮᠵᠢᠯᠠᠬᠤ ᠪᠠ ᠬᠠᠮᠠᠭᠠᠯᠠᠬᠤ ᠲᠤᠬᠠᠶ ᠰᠤᠳᠤᠯᠤᠯ︔      6. ᠥᠪᠥᠷ ᠮᠣᠩᠭᠤᠯ ᠤᠨ ᠮᠣᠩᠭᠤᠯ ᠡᠮ ᠡᠮᠨᠡᠯᠭᠡ ᠶᠢ ᠪᠠᠷᠢᠮᠵᠢᠶᠠᠵᠢᠭᠤᠯᠥᠡ ᠬᠥᠭᠵᠢᠭᠦᠯᠬᠦ ᠲᠤᠬᠠᠶ ᠰᠤᠳᠤᠯᠤᠯ︔      7. ᠥᠪᠥᠷ ᠮᠣᠩᠭᠤᠯ ᠤᠨ ︽ᠳᠣᠯᠤᠭᠠᠨ ᠰᠦᠯᠵᠢᠶ᠎ᠡ ᠶᠢᠨ ᠪᠦᠲᠦᠭᠡᠨ ᠪᠠᠶᠢᠭᠤᠯᠤᠯᠲᠠ︾᠎ ᠶᠢ ᠵᠠᠬ᠎ᠠ ᠳᠡᠯᠭᠡᠭᠦᠷᠴᠢᠯᠡᠬᠦ ᠪᠡᠯᠡ ᠲᠣᠬᠢᠷᠠᠭᠤᠯᠭ᠎ᠠ ᠶᠢᠨ ᠰᠤᠳᠤᠯᠤᠯ︔      8. ᠥᠪᠥᠷ ᠮᠣᠩᠭᠤᠯ ᠤᠨ ᠡᠯ᠎ᠡ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠢ ᠰᠤᠳᠤᠯᠤᠨ ᠬᠥᠭᠵᠢᠭᠦᠯᠬᠦ ᠪᠠᠶᠢᠭᠤᠯᠤᠮᠵᠢ ᠪᠠ ᠲᠠᠪᠴᠠᠩ ᠤᠨ ᠠᠵᠢᠯᠯᠠᠭᠠᠨ ᠤ ᠪᠠᠶᠢᠳᠠᠯ ᠤᠨ ᠲᠤᠬᠠᠶ ᠪᠠᠶᠢᠴᠠᠭᠠᠯᠲᠠ︔      9. ᠥᠪᠥᠷ ᠮᠣᠩᠭᠤᠯ ᠤᠨ ᠶᠠᠰᠤ ᠴᠢᠨᠠᠷ ᠤᠨ ᠬᠥᠭᠵᠢᠭᠦᠯᠦᠯᠲᠡ ᠶᠢᠨ ᠪᠠᠶᠢᠯᠳᠤᠬᠤ ᠪᠤᠳᠤᠯᠭ᠎ᠠ ᠶᠢ ᠲᠦᠷᠭᠡᠳᠬᠡᠨ ᠬᠡᠷᠡᠭᠵᠢᠭᠦᠯᠬᠦ ᠰᠤᠳᠤᠯᠤᠯ︔      10. ᠥᠪᠥᠷ ᠮᠣᠩᠭᠤᠯ ᠤᠨ ᠰᠣᠶᠣᠯ ᠬᠢᠭᠡᠳ ᠬᠤᠯᠪᠣᠭᠳᠠᠯ ᠪᠦᠬᠦᠢ ᠠᠵᠤ ᠦᠢᠯᠡᠰ ᠤᠨ ᠠᠭᠤᠰᠤᠯᠳᠤᠨ ᠬᠥᠭᠵᠢᠬᠦ ᠶᠢ ᠲᠥᠷᠭᠡᠳᠬᠡᠬᠦ ᠲᠤᠬᠠᠢ ᠰᠣᠳᠤᠯᠤᠯ︔      ᠬᠤᠶᠠᠷ᠂ ᠳᠠᠭᠠᠭᠠᠴᠢᠯᠠᠯᠲᠠ ᠵᠠᠷᠯᠠᠬᠤ ᠱᠠᠭᠠᠷᠳᠠᠯᠭ᠎ᠠ      1. ᠰᠡᠳᠦᠪ ᠭᠤᠶᠤᠴᠢᠯᠠᠭᠴᠢ ᠨᠢ ᠳᠡᠭᠡᠳᠦ ᠵᠡᠷᠭᠡ ᠶᠢᠨ ᠮᠡᠷᠭᠡᠵᠢᠯ ᠤᠨ ᠳᠡᠳ᠋ ᠴᠣᠯᠠ ᠠᠴᠠ ᠳᠡᠭᠡᠭᠰᠢ ᠴᠣᠯᠠ ᠲᠠᠢ ᠪᠤᠶᠤ ᠳᠡᠳ᠋ ᠭᠠᠵᠠᠷ ᠤᠨ ᠳᠡᠰ ᠠᠴᠠ ᠳᠡᠭᠡᠭᠰᠢ ᠲᠤᠰᠢᠶᠠᠯ ᠲᠠᠢ ᠪᠠᠶᠢᠵᠤ᠂ ᠭᠤᠣᠯ ᠤᠷᠤᠯᠴᠠᠭᠰᠠᠳ ᠨᠢ ᠰᠤᠳᠤᠯᠭᠠᠨ ᠪᠠ ᠪᠣᠳᠠᠲᠠᠶ ᠠᠵᠢᠯ ᠤᠨ ᠠᠬᠤᠶ ᠪᠠᠶᠢᠳᠠᠯ ᠲᠠᠢ ᠪᠠᠶᠢᠬᠤ ᠬᠡᠷᠡᠭᠲᠡᠢ᠃      2. ᠰᠡᠳᠦᠪ ᠭᠤᠶᠤᠴᠢᠯᠠᠭᠴᠢ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠵᠥᠪᠯᠡᠯᠭᠡ ᠥᠭᠬᠦ ᠰᠤᠳᠤᠯᠭᠠᠨ ᠤ ᠰᠡᠳᠦᠪ ᠤᠨ ᠬᠠᠮᠢᠶᠠᠷᠤᠯᠲᠠ ᠶᠢᠨ ᠠᠷᠭ᠎ᠠ︾᠎ ᠶᠢ ᠴᠢᠩᠭ᠎ᠠ ᠵᠢᠷᠤᠮᠯᠠᠬᠤ ᠠᠮᠠᠯᠠᠯᠲᠠ ᠬᠢᠵᠦ᠂ ᠰᠤᠳᠤᠯᠬᠤ ᠠᠵᠢᠯ ᠢᠶᠠᠨ ᠨᠠᠷᠢᠨ ᠬᠢᠨᠠᠮᠠᠭᠠᠶ ᠥᠷᠨᠢᠭᠦᠯᠵᠦ᠂ ᠡᠯ᠎ᠡ ᠱᠠᠲᠤᠨ ᠤ ᠰᠤᠳᠤᠯᠭᠠᠨ ᠤ ᠦᠷ᠎ᠡ ᠪᠦᠲᠦᠮᠵᠢ ᠪᠠᠨ ᠴᠠᠭ ᠲᠤᠬᠠᠶ ᠳᠤᠨᠢ ᠲᠤᠰᠢᠶᠠᠬᠤ ᠬᠡᠷᠡᠭᠲᠡᠶ᠃      3. ᠰᠡᠳᠦᠪ ᠰᠣᠳᠤᠯᠬᠤ ᠴᠠᠭ ᠬᠤᠭᠤᠴᠠᠭ᠎ᠠ ᠶᠢ ᠵᠢᠷᠭᠤᠭᠠᠨ ᠰᠠᠷ᠎ᠠ ᠪᠠᠷ ᠬᠢᠵᠠᠭᠠᠷᠯᠠᠨ᠎ᠠ᠃      4. ᠰᠡᠳᠦᠪ ᠨᠢᠭᠡᠪᠦᠷᠢ ᠶᠢᠨ ᠲᠤᠰᠠᠯᠠᠮᠵᠢ ᠶᠢᠨ ᠵᠠᠷᠤᠳᠠᠯ ᠢ 10 ᠲᠦᠮᠡᠨ ᠲᠥᠭᠦᠷᠢᠭ ᠠᠴᠠ ᠳᠤᠲᠠᠭᠤ ᠪᠠᠶᠢᠯᠭᠠᠬᠤ ᠦᠭᠡᠢ᠃      ᠭᠤᠷᠪᠠ᠂ ᠳᠠᠭᠠᠭᠠᠴᠢᠯᠠᠯᠲᠠ ᠵᠠᠷᠯᠠᠬᠤ ᠴᠠᠭ ᠬᠤᠭᠤᠴᠠᠭ᠎ᠠ      ᠠᠯᠪᠠᠨ ᠵᠠᠷ ᠨᠡᠶᠢᠲᠡᠯᠡᠭᠰᠡᠨ ᠡᠳᠦᠷ ᠠᠴᠠ ᠡᠬᠢᠯᠡᠨ 2017 ᠣᠨ ᠤ 4 ᠳ᠋ᠦ᠋ᠭᠡᠷ ᠰᠠᠷ᠎ᠠ ᠶᠢᠨ 20᠎ ᠤ ᠡᠳᠦᠷ ᠬᠦᠷᠲᠡᠯ᠎ᠡ ᠶᠠᠪᠤᠭᠳᠠᠨ᠎ᠠ᠃ ᠬᠤᠭᠤᠴᠠᠭ᠎ᠠ ᠬᠡᠲᠦᠷᠡᠪᠡᠯ ᠬᠦᠯᠢᠶᠡᠨ ᠠᠪᠬᠤ ᠦᠭᠡᠢ᠃      ᠲᠦᠷᠪᠡ᠂ ᠳᠠᠭᠠᠭᠠᠴᠢᠯᠠᠯᠲᠠ ᠵᠠᠷᠯᠠᠬᠤ ᠳᠡᠰ ᠳᠠᠷᠠᠭᠠᠯᠠᠯ      1. ᠰᠡᠳᠦᠪ ᠭᠤᠶᠤᠴᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠫᠣᠷᠲ᠋ᠧᠯ ᠰᠦᠯᠵᠢᠶ᠎ᠡ ︵http᠄ www.nmg.gov.cn︶ ᠪᠤᠶᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠤᠳᠤᠯᠠᠬᠤ ᠭᠡᠷ ᠤᠨ ᠫᠣᠷᠲ᠋ᠧᠯ ᠰᠦᠯᠵᠢᠶ᠎ᠡ ︵http : www.nmgyj.gov.cn︶᠎ ᠳᠤ ᠭᠠᠷᠴᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠤ ᠵᠥᠪᠯᠡᠯᠭᠡ ᠥᠭᠬᠦ ᠰᠤᠳᠤᠯᠭᠠᠨ ᠤ ᠰᠡᠳᠦᠪ ᠤᠨ ᠭᠤᠶᠤᠴᠢᠯᠠᠯ ᠤᠨ ᠪᠢᠴᠢᠭ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠤ ᠵᠥᠪᠯᠡᠯᠭᠡ ᠥᠭᠬᠦ ᠰᠤᠳᠤᠯᠭᠠᠨ ᠤ ᠰᠡᠳᠦᠪ ᠤᠨ ᠰᠤᠳᠤᠯᠭᠠᠨ ᠤ ᠬᠥᠲᠥᠯᠪᠦᠷᠢ︾ ︵ᠳᠤᠷᠤᠭᠰᠢ ︽ᠭᠤᠶᠤᠴᠢᠯᠠᠯ ᠤᠨ ᠪᠢᠴᠢᠭ︾᠂ ︽ᠰᠤᠳᠤᠯᠭᠠᠨ ᠤ ᠬᠥᠲᠥᠯᠪᠦᠷᠢ︾ ᠭᠡᠵᠦ ᠲᠤᠪᠴᠢᠯᠠᠨ᠎ᠠ︶ ᠵᠡᠷᠭᠡ ᠬᠤᠯᠪᠣᠭᠳᠠᠯ ᠪᠦᠬᠦᠢ ᠮᠠᠲ᠋ᠧᠷᠢᠶᠠᠯ ᠢ ᠪᠠᠭᠤᠯᠭᠠᠨ ᠠᠪᠤᠨ᠎ᠠ᠃      2. ᠰᠡᠳᠦᠪ ᠭᠤᠶᠤᠴᠢᠯᠠᠭᠴᠢ ︽ᠭᠤᠶᠤᠴᠢᠯᠠᠯ ᠤᠨ ᠪᠢᠴᠢᠭ︾᠂ ︽ᠰᠤᠳᠤᠯᠭᠠᠨ ᠤ ᠬᠦᠲᠦᠯᠪᠦᠷᠢ︾᠎ ᠶᠢ ᠦᠨᠡᠨ ᠮᠥᠨ ᠢᠶᠠᠷ ᠨᠢ ᠲᠠᠭᠯᠠᠨ ᠪᠢᠴᠢᠵᠦ᠂ ᠠᠭᠤᠯᠭ᠎ᠠ ᠶᠢ ᠲᠣᠪᠴᠢ ᠲᠣᠳᠣᠷᠬᠠᠶ᠂ ᠭᠤᠣᠯᠳᠠᠯᠭ᠎ᠠ ᠶᠢ ᠲᠤᠪᠦ᠋ᠢᠯᠭᠠᠬᠤ ᠬᠡᠷᠡᠭᠲᠡᠶ᠃ ᠡᠭᠦᠨ ᠳᠤ ︽ᠭᠤᠶᠤᠴᠢᠯᠠᠯ ᠤᠨ ᠪᠢᠴᠢᠭ︾᠎ ᠲᠤ ᠡᠷᠬᠡᠪᠰᠢ ᠰᠡᠳᠦᠪ ᠭᠤᠶᠤᠴᠢᠯᠠᠭᠴᠢ ᠶᠢᠨ ᠨᠢᠭᠡᠴᠡ ᠨᠢ ᠬᠢᠨᠠᠨ ᠬᠠᠷᠭᠤᠭᠤᠯᠤᠭᠰᠠᠨ ᠰᠠᠨᠠᠯ ᠳᠤ ᠭᠠᠷ ᠤᠨ ᠦᠰᠦᠭ ᠵᠢᠷᠤᠬᠤ ᠶᠢᠨ ᠬᠠᠮᠲᠤ ᠠᠯᠪᠠᠨ ᠲᠠᠮᠠᠭ᠎ᠠ ᠳᠠᠷᠤᠭᠰᠠᠨ ᠪᠠᠶᠢᠬᠤ ᠬᠡᠷᠡᠭᠲᠡᠢ︔ ︽ᠰᠤᠳᠤᠯᠭᠠᠨ ᠤ ᠬᠥᠲᠥᠯᠪᠦᠷᠢ︾᠎ ᠳᠤ ᠰᠡᠳᠦᠪ ᠭᠤᠶᠤᠴᠢᠯᠠᠭᠴᠢ ᠶᠢᠨ ᠤᠪᠦᠬ ᠨᠡᠷ᠎ᠡ᠂ ᠨᠢᠭᠡᠴᠡ ᠵᠡᠷᠭᠡ ᠬᠤᠯᠪᠣᠭᠳᠠᠯ ᠪᠦᠬᠦᠢ ᠮᠡᠳᠡᠭᠡ ᠵᠠᠩᠭᠢ ᠶᠢ ᠪᠢᠴᠢᠵᠦ ᠪᠤᠯᠬᠤ ᠦᠭᠡᠢ᠂ ᠡᠰᠡ ᠲᠡᠶᠢᠮᠦ ᠪᠣᠯ ᠬᠦᠴᠦᠨ ᠦᠭᠡᠢ ᠮᠡᠳᠡᠭᠦᠯᠦᠯᠲᠡ ᠪᠠᠷ ᠰᠢᠢᠳᠪᠦᠷᠢᠯᠡᠨ᠎ᠡ᠃      3. ᠰᠡᠳᠦᠪ ᠭᠤᠶᠤᠴᠢᠯᠠᠭᠴᠢ ᠳᠠᠭᠠᠭᠠᠴᠢᠯᠠᠯᠲᠠ ᠵᠠᠷᠯᠠᠬᠤ ᠴᠠᠭ ᠤᠨ ᠬᠢᠵᠠᠭᠠᠷ ᠳᠣᠲᠣᠷ᠎ᠠ ︽ᠭᠤᠶᠤᠴᠢᠯᠠᠯ ᠤᠨ ᠪᠢᠴᠢᠭ︾ ᠪᠤᠯᠤᠨ ︽ᠰᠤᠳᠤᠯᠭᠠᠨ ᠤ ᠬᠥᠲᠥᠯᠪᠦᠷᠢ︾ ︵ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ ᠨᠢᠭᠡ ᠮᠠᠶ᠋ᠢᠭ ᠤᠨ 7 ᠬᠤᠪᠢ ᠶᠢ ᠲᠤᠰ ᠲᠤᠰ ᠳᠠᠷᠤᠮᠠᠯᠯᠠᠨ ᠦᠳᠡᠵᠦ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠤᠳᠤᠯᠬᠤ ᠭᠡᠷ ᠲᠤ ᠬᠦᠷᠭᠡᠬᠦ ᠶᠢᠨ ᠳᠠᠭᠠᠤ ᠡᠯᠧᠺᠲᠷᠣᠨ ᠰᠢᠦᠳᠠᠨ ᠢᠶᠠᠷ ᠳᠠᠮᠵᠢᠭᠤᠯᠤᠨ ᠡᠯᠧᠺᠲᠷᠣᠨ ᠬᠡᠪᠯᠡᠯ ᠤᠨ ᠪᠢᠴᠢᠭ ᠢᠶᠠᠨ ᠮᠡᠳᠡᠭᠦᠯᠦᠨ ᠬᠦᠷᠭᠡᠬᠦ ᠬᠡᠷᠡᠭᠲᠡᠶ᠃      4. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠤᠳᠤᠯᠬᠤ ᠭᠡᠷ ᠥᠪᠡᠷ ᠤᠨ ᠫᠣᠷᠲ᠋ᠧᠯ ᠰᠦᠯᠵᠢᠶᠡᠨ ᠳᠡᠭᠡᠷ᠎ᠡ ᠪᠠᠨ ︵http : www.nmgyj.gov.cnᠳᠠᠭᠠᠭᠠᠴᠢᠯᠠᠯᠲᠠ ᠣᠯᠤᠭᠰᠠᠨ ᠦᠷ᠎ᠡ ᠳ᠋ᠦᠩ ᠢ ᠴᠠᠭ ᠲᠤᠬᠠᠢ ᠳᠤᠨᠢ ᠵᠠᠷᠯᠠᠨ ᠨᠡᠶᠢᠲᠡᠯᠡᠵᠦ᠂ ᠵᠠᠷᠯᠠᠯ ᠤᠨ ᠬᠤᠭᠤᠴᠠᠭ᠎ᠠ ᠳᠠᠭᠤᠰᠤᠭᠰᠠᠨ ᠤ ᠳᠠᠷᠠᠭ᠎ᠠ ᠳᠠᠭᠠᠭᠠᠴᠢᠯᠠᠯᠲᠠ ᠣᠯᠤᠭᠴᠢ ᠵᠢᠴᠢ ᠲᠡᠭᠦᠨ ᠤ ᠪᠠᠶᠢᠭ᠎ᠠ ᠨᠢᠭᠡᠴᠡ ᠳᠤ ︽ᠳᠠᠭᠠᠭᠠᠴᠢᠯᠠᠯᠲᠠ ᠣᠯᠤᠭᠰᠠᠨ ᠮᠡᠳᠡᠭᠳᠡᠯ ᠤᠨ ᠪᠢᠴᠢᠭ︾ ᠶᠠᠪᠤᠭᠤᠯᠤᠨ᠎ᠠ᠃      ᠲᠠᠪᠤ᠂ ᠬᠠᠷᠢᠯᠴᠠᠬᠤ ᠬᠡᠯᠪᠡᠷᠢ      ᠨᠢᠭᠡᠴᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠤᠳᠤᠯᠬᠤ ᠭᠡᠷ      ᠬᠠᠶ᠋ᠢᠭ᠄ ᠥᠪᠥᠷ ᠮᠣᠩᠭᠤᠯ ᠤᠨ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ ᠶᠢᠨ 1 ᠳ᠋ᠦ᠋ᠭᠡᠷ ᠨᠤᠮᠧᠷ      ᠥᠪᠥᠷ ᠮᠣᠩᠭᠤᠯ ᠤᠨ ᠵᠠᠰᠠᠭ ᠤᠨ ᠣᠷᠳᠣᠨ ᠤ ᠰᠤᠳᠤᠯᠬᠤ ᠭᠡᠷ ᠤᠨ 1246 ᠦᠷᠦᠭᠡ᠂ ᠰᠢᠦᠳᠠᠨ ᠨᠤᠮᠧᠷ ᠄ 010098      ᠬᠠᠷᠢᠯᠴᠠᠬᠤ ᠬᠥᠮᠦᠨ᠄ ᠸᠧᠨ ᠵᠠᠨ ᠮᠣᠣ᠂ ᠰᠦᠩ ᠬᠠᠶ᠂ ᠠᠰᠬᠠᠨ      ᠳ᠋ᠢᠶᠠᠩᠬᠤᠸᠠ᠄ 0471 - 4826120᠂ 4824535᠂ 4824923      ᠹᠠᠺᠰ᠄ 0471 - 4824535      ᠢᠮᠧᠯ᠄ nmgzfjczx@163.com ᠳᠠᠭᠠᠯᠳᠤᠭᠤᠯᠤᠯ᠄      1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠤ ᠵᠥᠪᠯᠡᠯᠭᠡ ᠥᠭᠬᠦ ᠰᠤᠳᠤᠯᠭᠠᠨ ᠤ ᠰᠡᠳᠦᠪ ᠤᠨ 2017 ᠣᠨ ᠤ ᠳᠠᠭᠠᠭᠠᠴᠢᠯᠠᠯᠲᠠ ᠵᠠᠷᠯᠠᠬᠤ ᠰᠡᠳᠦᠪ ᠤᠨ ᠵᠦᠭᠯᠡᠭᠦᠷ      2. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠤ ᠵᠥᠪᠯᠡᠯᠭᠡ ᠥᠭᠬᠦ ᠰᠤᠳᠤᠯᠭᠠᠨ ᠤ ᠰᠡᠳᠦᠪ ᠤᠨ ᠬᠠᠮᠢᠶᠠᠷᠤᠯᠲᠠ ᠶᠢᠨ ᠠᠷᠭ᠎ᠠ      3. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠤ ᠵᠥᠪᠯᠡᠯᠭᠡ ᠥᠭᠬᠦ ᠰᠤᠳᠤᠯᠭᠠᠨ ᠤ ᠰᠡᠳᠦᠪ ᠤᠨ ᠭᠤᠶᠤᠴᠢᠯᠠᠯ ᠤᠨ ᠪᠢᠴᠢᠭ      4. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠤ ᠵᠥᠪᠯᠡᠯᠭᠡ ᠥᠭᠬᠦ ᠰᠤᠳᠤᠯᠭᠠᠨ ᠤ ᠰᠡᠳᠦᠪ ᠤᠨ ᠰᠤᠳᠤᠯᠭᠠᠨ ᠤ ᠬᠥᠲᠥᠯᠪᠦᠷᠢ      ᠡᠭᠦᠨ ᠤ ᠲᠤᠯᠠ ᠣᠨᠴᠣᠭᠤᠶᠢᠯᠠᠨ ᠵᠠᠷᠯᠠᠪᠠ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠤᠳᠤᠯᠬᠤ ᠬᠡᠷ                                            2017 ᠤᠨ ᠤ 3 ᠳ᠋ᠤᠭᠠᠷ ᠰᠠᠷ᠎ᠠ ᠶᠢᠨ 24᠎ ᠤ ᠡᠳᠦᠷ ︵ᠳᠠᠭᠠᠯᠳᠤᠭᠤᠯᠤᠯ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠢᠲᠠᠳ ᠰᠦᠯᠵᠢᠶ᠎ᠡ ᠠᠴᠠ ᠯᠠᠪᠯᠠᠭᠠᠷᠠᠢ︶
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号