| ᠮᠠᠨ ᠤ ᠣᠷᠣᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠬᠦᠮᠦᠰ ᠢ ᠲᠤᠶᠢᠯ ᠤᠨ ᠤᠨᠤᠪᠴᠢᠲᠠᠢ ᠪᠠᠷ | ᠮᠠᠭᠠᠳᠯᠠᠨ ᠲᠣᠭᠲᠠᠭᠠᠵᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠵᠣᠬᠢᠴᠠᠭᠤᠯᠬᠤ ᠪᠠ ᠬᠠᠷᠢᠯᠴᠠᠬᠤ ᠶᠢ ᠤᠯᠠᠮ | ᠨᠢᠭᠡ ᠠᠯᠬᠤᠮ ᠴᠢᠩᠭᠠᠳᠬᠠᠬᠤ ᠶᠢᠨ ᠲᠤᠯᠠᠳᠠ᠂ 3 ᠳ᠋ᠤᠭᠠᠷ ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠶᠠᠪᠤᠳᠠᠯ ᠤᠨ ᠲᠢᠩᠬᠢᠮ ᠬᠢᠭᠡᠳ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ | ᠭᠠᠶᠢᠯᠢ ᠶᠢᠨ ᠶᠠᠪᠤᠳᠠᠯ ᠤᠨ ᠲᠣᠪᠴᠢᠶ᠎ᠠ ᠰᠠᠭᠤᠭᠠᠯᠢ ᠠᠷᠠᠳ ᠤᠨ ᠭᠡᠷ ᠪᠦᠯᠢ ᠶᠢᠨ ᠠᠵᠤ ᠠᠮᠢᠳᠤᠷᠠᠯ ᠤᠨ ᠪᠠᠶᠢᠳᠠᠯ ᠢ | ᠬᠠᠷᠭᠤᠭᠤᠯᠬᠤ ᠰᠢᠰᠲ᠋ᠧᠮ ᠢ ᠵᠣᠯᠭᠠᠭᠤᠯᠬᠤ ᠠᠵᠢᠯ ᠤᠨ ᠲᠤᠬᠠᠢ ᠶᠠᠷᠢᠯᠴᠠᠬᠤ ᠬᠤᠷᠠᠯ ᠬᠢᠪᠡ᠃ ᠣᠷᠣᠨ ᠨᠤᠲᠤᠭ ᠤᠨ | ᠭᠠᠶᠢᠯᠢ ᠶᠢᠨ ᠶᠠᠪᠤᠳᠠᠯ ᠤᠨ ᠲᠤᠪᠴᠢᠶ᠎ᠠ ᠶᠢᠨ ᠭᠠᠶᠢᠯᠢ ᠲᠠᠲᠠᠪᠤᠷᠢ ᠶᠢᠨ ᠬᠤᠶᠠᠳᠤᠭᠠᠷ ᠭᠠᠵᠠᠷ ᠤᠨ ᠳᠠᠷᠤᠭ᠎ᠠ ᠵᠠᠩ ᠮᠸᠢ | ᠵᠢᠶᠤᠸᠠᠨ᠂ ᠭᠠᠶᠢᠯᠢ ᠲᠠᠲᠠᠪᠤᠷᠢ ᠶᠢᠨ ᠭᠤᠷᠪᠠᠳᠤᠭᠠᠷ ᠭᠠᠵᠠᠷ ᠤᠨ ᠳᠠᠷᠤᠭ᠎ᠠ ᠰᠦᠨ ᠭᠠᠨᠭ᠌ ᠪᠣᠯᠤᠨ ᠠᠷᠠᠳ ᠤᠨ | ᠶᠠᠪᠤᠳᠠᠯ ᠤᠨ ᠲᠢᠩᠬᠢᠮ ᠤᠨ ᠨᠡᠶᠢᠭᠡᠮ ᠤᠨ ᠲᠡᠩᠭᠡᠷᠡᠭᠦᠯᠦᠨ ᠲᠤᠰᠠᠯᠠᠬᠤ ᠭᠠᠵᠠᠷ ᠤᠨ ᠬᠠᠮᠢᠶ᠎ᠠ ᠪᠥᠬᠦᠶ ᠬᠥᠮᠦᠰ | ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ ᠠᠷᠠᠳ ᠤᠨ ᠶᠠᠪᠤᠳᠠᠯ ᠤᠨ ᠲᠢᠩᠬᠢᠮ ᠤᠨ ᠠᠵᠢᠯᠲᠠᠨ ᠣᠳᠣᠬᠠᠨ ᠤ ᠮᠠᠨ ᠤ ᠣᠷᠣᠨ ᠤ | ᠰᠠᠭᠤᠭᠠᠯᠢ ᠠᠷᠠᠳ ᠤᠨ ᠭᠡᠷ ᠪᠦᠯᠢ ᠶᠢᠨ ᠠᠵᠤ ᠠᠮᠢᠳᠤᠷᠠᠯ ᠤᠨ ᠪᠠᠶᠢᠳᠠᠯ ᠢ ᠬᠠᠷᠭᠤᠭᠤᠯᠬᠤ ᠠᠵᠢᠯ ᠤᠨ ᠣᠳᠣᠬᠢ | ᠪᠠᠶᠢᠳᠠᠯ ᠢ ᠲᠠᠨᠢᠯᠴᠠᠭᠤᠯᠤᠭᠰᠠᠨ ᠤ ᠬᠠᠮᠲᠤ ᠬᠤᠶᠠᠷ ᠰᠠᠯᠠᠭ᠎ᠠ ᠮᠥᠴᠢᠷ ᠤᠨ ᠬᠤᠭᠤᠷᠤᠨᠳᠤ ᠲᠠᠪᠴᠠᠩ | ᠪᠠᠶᠢᠭᠤᠯᠬᠤ ᠶᠢᠨ ᠴᠢᠬᠤᠯᠠ ᠴᠢᠨᠠᠷ ᠢ ᠲᠤᠲᠤᠷᠬᠠᠶᠢᠯᠠᠭᠰᠠᠨ ᠪᠠᠶᠢᠨ᠎ᠠ᠃ ᠬᠤᠶᠠᠷ ᠲᠠᠯ᠎ᠠ ᠪᠠᠷ ᠢᠶᠠᠨ ᠬᠠᠷᠭᠤᠭᠤᠯᠬᠤ | ᠰᠢᠰᠲ᠋ᠧᠮ ᠤᠨ ᠲᠤᠰᠬᠠᠶ ᠵᠦᠢᠯ ᠤᠨ ᠲᠤᠭ᠎ᠠ ᠪᠠᠷᠢᠮᠲᠠ ᠶᠢ ᠵᠣᠯᠭᠠᠭᠤᠯᠬᠤ ᠠᠷᠭ᠎ᠠ ᠮᠠᠶ᠋ᠢᠭ᠂ ᠵᠣᠯᠭᠠᠭᠤᠯᠬᠤ | ᠪᠡᠯᠡᠳᠭᠡᠮᠵᠢ᠂ ᠵᠤᠯᠭᠠᠭᠤᠯᠬᠤ ᠲᠤᠭ᠎ᠠ ᠪᠠᠷᠢᠮᠲᠠ ᠶᠢᠨ ᠵᠦᠢᠯ᠂ ᠵᠤᠯᠭᠠᠭᠤᠯᠤᠯᠲᠠ ᠶᠢ ᠬᠠᠷᠢᠭᠤ ᠲᠤᠰᠬᠠᠬᠤ | ᠲᠣᠭᠲᠠᠴᠠ ᠵᠡᠷᠭᠡ ᠠᠰᠠᠭᠤᠳᠠᠯ ᠳᠤ ᠴᠢᠭᠯᠡᠭᠦᠯᠦᠨ ᠰᠤᠳᠤᠯᠤᠨ ᠶᠠᠷᠢᠯᠴᠠᠪᠠ᠃ ᠬᠤᠷᠠᠯ ᠠᠴᠠ ᠲᠤᠰᠬᠠᠶ ᠱᠤᠭᠤᠮ | ᠪᠠᠶᠢᠭᠤᠯᠬᠤ᠂ ᠲᠤᠭ᠎ᠠ ᠪᠠᠷᠢᠮᠲᠠ ᠶᠢ ᠪᠠᠶᠢᠴᠠᠭᠠᠬᠤ ᠵᠠᠩᠬᠢᠯᠠᠭ᠎ᠠ ᠶᠢ ᠨᠡᠭᠡᠭᠡᠬᠦ ᠵᠡᠷᠭᠡ ᠠᠷᠭ᠎ᠠ ᠬᠡᠯᠪᠡᠷᠢ ᠪᠠᠷ | ᠳᠠᠮᠵᠢᠭᠤᠯᠤᠨ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠶᠢ ᠠᠬᠢᠭᠤᠯᠤᠨ᠂ ᠡᠭᠦᠨ ᠤ ᠤᠯᠠᠮ ᠢᠶᠠᠷ ᠰᠢᠨ᠎ᠡ ᠪᠠᠷ | ᠭᠤᠶᠤᠴᠢᠯᠠᠵᠤ ᠪᠠᠶᠢᠭ᠎ᠠ ᠪᠠ ᠨᠡᠶᠢᠭᠡᠮ ᠤᠨ ᠲᠡᠩᠭᠡᠷᠡᠭᠦᠯᠦᠨ ᠲᠤᠰᠠᠯᠠᠬᠤ ᠶᠢ ᠬᠦᠷᠲᠡᠵᠤ ᠪᠠᠶᠢᠭ᠎ᠠ ᠭᠡᠷ ᠪᠦᠯᠢ ᠶᠢᠨ | ᠪᠦᠷᠢᠯᠳᠦᠬᠦᠨ ᠤ ᠬᠤᠪᠢ ᠬᠥᠮᠦᠨ ᠤ ᠤᠯᠵᠠᠪᠤᠷᠢ ᠶᠢᠨ ᠭᠠᠶᠢᠯᠢ᠂ ᠨᠡᠶᠢᠭᠡᠮ ᠤᠨ ᠳᠠᠭᠠᠳᠬᠠᠯ ᠲᠤᠰᠢᠶᠠᠭᠰᠠᠨ ᠮᠡᠳᠡᠭᠡ | ᠵᠠᠩᠭᠢ ᠶᠢ ᠬᠠᠷᠭᠤᠭᠤᠯᠤᠨ ᠪᠠᠶᠢᠴᠠᠭᠠᠬᠤ ᠠᠵᠢᠯ ᠢ ᠪᠡᠶᠡᠯᠡᠭᠦᠯᠦᠨ᠎ᠡ ᠬᠡᠵᠤ ᠵᠥᠪᠯᠡᠨ ᠲᠤᠭᠲᠠᠪᠠ᠃ | ᠲᠠᠷᠠᠭᠠᠴᠢ ᠶᠢᠨ ᠠᠯᠬᠤᠮ ᠳᠤ ᠠᠷᠠᠳ ᠤᠨ ᠶᠠᠪᠤᠳᠠᠯ ᠤᠨ ᠲᠢᠩᠬᠢᠮ ᠤᠨ ᠨᠡᠶᠢᠭᠡᠮ ᠤᠨ ᠲᠡᠩᠭᠡᠷᠡᠭᠦᠯᠦᠨ | ᠲᠤᠰᠠᠯᠠᠬᠤ ᠭᠠᠵᠠᠷ ᠨᠢ ᠬᠠᠷᠭᠤᠭᠤᠯᠬᠤ ᠰᠢᠰᠲ᠋ᠧᠮ ᠢ ᠵᠤᠯᠭᠠᠭᠤᠯᠬᠤ ᠬᠡᠷᠡᠭᠵᠢᠭᠦᠯᠦᠯᠲᠡ ᠶᠢᠨ ᠲᠥᠰᠦᠯ ᠢ ᠤᠯᠠᠮ ᠨᠢᠭᠡ | ᠠᠯᠬᠤᠮ ᠨᠠᠷᠢᠯᠢᠭᠵᠢᠭᠤᠯᠵᠤ᠂ ᠮᠡᠷᠭᠡᠵᠢᠯ ᠤᠨ ᠪᠡᠯᠡᠳᠭᠡᠮᠵᠢ ᠶᠢ ᠰᠢᠯᠢᠳᠡᠭᠵᠢᠬᠦᠯᠵᠤ᠂ ᠪᠥᠬᠦ ᠣᠷᠣᠨ ᠤ ᠰᠠᠭᠤᠭᠠᠯᠢ | ᠠᠷᠠᠳ ᠤᠨ ᠭᠡᠷ ᠪᠦᠯᠢ ᠶᠢᠨ ᠠᠵᠤ ᠠᠮᠢᠳᠤᠷᠠᠯ ᠤᠨ ᠪᠠᠶᠢᠳᠠᠯ ᠢ ᠬᠠᠷᠭᠤᠭᠤᠯᠬᠤ ᠲᠠᠪᠴᠠᠩ ᠤᠨ ᠪᠠᠶᠢᠭᠤᠯᠤᠯᠲᠠ ᠶᠢ | ᠴᠢᠩᠭᠠᠳᠬᠠᠵᠤ᠂ ᠨᠡᠶᠢᠭᠡᠮ ᠤᠨ ᠲᠡᠩᠭᠡᠷᠡᠭᠦᠯᠦᠨ ᠲᠤᠰᠠᠯᠠᠬᠤ ᠭᠡᠷ ᠪᠦᠯᠢ ᠶᠢᠨ ᠡᠳ᠋ ᠬᠦᠷᠦᠩᠭᠡ ᠶᠢᠨ ᠪᠠᠶᠢᠳᠠᠯ ᠢ | ᠬᠠᠷᠭᠤᠭᠤᠯᠬᠤ ᠨᠠᠷᠢᠯᠢᠭ ᠤᠨᠤᠪᠴᠢ ᠶᠢᠨ ᠬᠡᠮᠵᠢᠶ᠎ᠡ ᠶᠢ ᠦᠨᠡᠨ ᠬᠦ ᠪᠠᠲᠤᠯᠠᠬᠤ ᠪᠤᠯᠤᠨ᠎ᠠ᠃ |