2017 ᠣᠨ ᠳᠤ᠂ ᠡᠷᠢᠶᠡᠨ ᠬᠤᠳᠠ 10 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ ᠬᠠᠮ | ᠵᠢᠭᠤᠯᠴᠢᠯᠠᠯ ᠤᠨ ᠰᠢᠨ᠎ᠡ ᠬᠡᠪ ᠪᠠᠶᠢᠷᠢᠰᠢᠯ ᠢ ᠪᠣᠢ ᠪᠣᠯᠭᠠᠬᠤ ᠪᠠᠷ ᠲᠥᠯᠥᠪᠯᠡᠵᠦ᠂ ᠳᠤᠮᠳᠠᠳᠤ ᠮᠣᠩᠭᠤᠯ ᠤᠨ ᠬᠢᠯᠢ | ᠠᠯᠤᠰᠯᠠᠭᠰᠠᠨ ᠵᠢᠭᠤᠯᠴᠢᠯᠠᠯ ᠤᠨ ᠬᠠᠮᠲᠤᠷᠠᠯᠴᠠᠭᠠᠨ ᠤ ᠣᠷᠣᠨ ᠤ ᠰᠠᠭᠤᠷᠢ ᠪᠡᠯᠡᠳᠬᠡᠮᠵᠢ᠂ ᠬᠢᠯᠢ ᠶᠢᠨ ᠠᠷᠠᠳ ᠤᠨ | ᠵᠠᠬ᠎ᠠ ᠶᠢᠨ ᠠᠷᠠᠯᠵᠢᠶᠠᠨ ᠤ ᠲᠣᠭᠤᠷᠢᠭ ᠤᠨ ᠬᠤᠶᠠᠳᠤᠭᠠᠷ ᠬᠤᠭᠤᠴᠠᠭ᠎ᠠ᠂ ᠤᠯᠤᠰ ᠤᠨ ᠡᠭᠦᠳᠡ ᠶᠢᠨ ᠦᠵᠡᠮᠵᠢᠲᠦ | ᠲᠣᠭᠤᠷᠢᠭ ᠤᠨ ᠭᠤᠷᠪᠠᠳᠤᠭᠠᠷ ᠬᠤᠭᠤᠴᠠᠭ᠎ᠠ᠂ ᠳᠠᠪᠤᠰᠤᠨ ᠰᠣᠶᠣᠯ ᠤᠨ ᠵᠢᠭᠤᠯᠴᠢᠯᠠᠯ ᠤᠨ ᠲᠣᠭᠤᠷᠢᠭ᠂ ᠤᠯᠠᠭ᠎ᠠ | ᠥᠷᠲᠡᠭᠡᠨ ᠤ ᠰᠣᠶᠣᠯ ᠤᠨ ᠵᠢᠭᠤᠯᠴᠢᠯᠠᠯ ᠤᠨ ᠲᠣᠭᠤᠷᠢᠭ᠂ ᠬᠤᠨᠳᠣ ᠨᠠᠭᠤᠷ ᠤᠨ ᠨᠤᠭᠤ ᠭᠠᠵᠠᠷ ᠤᠨ ᠴᠡᠴᠡᠷᠯᠢᠭ᠂ | ᠭᠤᠪᠢ ᠶᠢᠨ ᠠᠮᠢ ᠠᠬᠤᠶ ᠶᠢᠨ ᠴᠡᠴᠡᠷᠯᠢᠭ ᠪᠣᠯᠤᠨ ᠵᠢᠭᠤᠯᠴᠢᠯᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ | ᠳᠤᠮᠳᠠᠳᠤ ᠮᠣᠩᠭᠤᠯ ᠤᠨ ᠣᠯᠠᠨ ᠤᠯᠤᠰ ᠤᠨ ᠮᠣᠷᠢᠨ ᠮᠡᠷᠭᠡᠵᠢᠯ ᠤᠨ ᠦᠵᠡᠭᠦᠯᠦᠯᠭᠡ ᠶᠢᠨ ᠰᠠᠭᠤᠷᠢᠨ ᠭᠠᠵᠠᠷ ᠤᠨ | ᠳᠡᠰ ᠳᠡᠪᠰᠢᠭᠦᠯᠦᠯᠲᠡ᠂ ᠳᠤᠮᠳᠠᠳᠤ ᠮᠣᠩᠭᠤᠯ ᠣᠷᠣᠰ ᠤᠨ ᠣᠯᠠᠨ ᠤᠯᠤᠰ ᠤᠨ ᠬᠤᠭᠤᠷᠤᠨᠳᠤᠬᠢ ᠮᠠᠰᠢᠨ ᠲᠡᠷᠭᠡᠨ ᠤ | ᠬᠡᠭᠡᠷ᠎ᠡ ᠪᠠᠭᠤᠳᠠᠯᠯᠠᠬᠤ ᠴᠡᠴᠡᠷᠯᠢᠭ᠂ ᠠᠪᠤᠷᠭᠤ ᠭᠦᠷᠪᠡᠯ ᠤᠨ ᠭᠠᠵᠠᠷ ᠰᠢᠨᠵᠢᠯᠡᠭᠡᠨ ᠤ ᠴᠡᠴᠡᠷᠯᠢᠭ ᠤᠨ ᠳᠡᠰ | ᠳᠡᠪᠰᠢᠭᠦᠯᠦᠯᠲᠡ ᠂ ᠣᠨᠴᠠᠯᠢᠭᠲᠤ ᠵᠢᠭᠤᠯᠴᠢᠯᠠᠯ ᠤᠨ ᠠᠶᠢᠯ ᠲᠣᠰᠬᠤᠨ᠂ 30 ᠰᠠᠭᠤᠷᠢ ᠵᠢᠭᠤᠯᠴᠢᠯᠠᠯ ᠤᠨ ᠵᠣᠷᠯᠣᠩ | ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠦᠵᠡᠮᠵᠢ ᠶᠢᠨ ᠴᠢᠭ᠋ ᠢ ᠨᠡᠮᠡᠭᠳᠡᠭᠦᠯᠦᠨ᠂ | ᠬᠢᠯᠠᠰ ᠴᠢᠭ᠋ ᠢ ᠪᠤᠢ ᠪᠣᠯᠭᠠᠵᠤ᠂ ᠨᠠᠷᠠᠲᠤ ᠲᠥᠷᠥᠯ ᠲᠡᠮᠳᠡᠭᠲᠦ ᠦᠵᠡᠮᠵᠢᠲᠦ ᠣᠷᠣᠨ ᠢ ᠡᠭᠦᠳᠦᠨ ᠪᠠᠶᠢᠭᠤᠯᠬᠤ | ᠠᠵᠢᠯ ᠢ ᠠᠬᠢᠭᠤᠯᠬᠤ︔ ᠵᠠᠮ ᠬᠠᠷᠢᠯᠴᠠᠭᠠᠨ ᠤ ᠴᠢᠳᠠᠪᠤᠷᠢ ᠶᠢ ᠳᠡᠭᠡᠭᠰᠢᠯᠡᠭᠦᠯᠦᠨ᠂ ᠤᠯᠤᠰ ᠤᠨ ᠳᠣᠲᠣᠭᠠᠳᠤ ᠶᠢᠨ | ᠠᠭᠠᠷ ᠤᠨ ᠠᠶᠠᠯᠠᠯ ᠤᠨ ᠱᠤᠭᠤᠮ ᠢ 10 ᠵᠣᠷᠪᠣᠰ᠂ ᠣᠯᠠᠨ ᠤᠯᠤᠰ ᠤᠨ ᠠᠭᠠᠷ ᠤᠨ ᠠᠶᠠᠯᠠᠯ ᠤᠨ ᠱᠤᠭᠤᠮ ᠢ 2 | ᠵᠣᠷᠪᠤᠰ ᠨᠡᠪᠲᠡᠷᠡᠭᠦᠯᠵᠦ᠂ ᠪᠣᠭᠤᠮᠲᠠ ᠶᠢᠨ ᠭᠠᠵᠠᠷ ᠣᠷᠣᠨ ᠤ ᠬᠠᠮ ᠵᠢᠭᠤᠯᠴᠢᠯᠠᠯ ᠤᠨ ᠰᠢᠨ᠎ᠡ ᠬᠡᠪ ᠪᠠᠶᠢᠷᠢᠰᠢᠯ ᠢ ᠪᠤᠢ | ᠪᠣᠯᠭᠠᠬᠤ ᠪᠠᠷ ᠪᠠᠶᠢᠨ᠎ᠠ᠃ |