ᠯᠢ ᠵᠢᠢ ᠡᡁᠧᠩ᠄ ︽ᠲᠤᠯᠤᠭᠠᠨ ᠲᠤᠤᠷ︾᠎ ᠢ ᠬᠠᠮᠳᠤ ᠪᠠᠷ ᠪᠠᠶᠢᠭᠤᠯᠣᠨ ᠰᠠᠭᠤᠷᠢ ᠪᠠᠨ ᠪᠠᠳᠤᠳᠬᠠᠵᠣ ︽ᠲᠤᠯᠤᠭᠠᠨ ᠦᠢᠯᠡᠰ︾᠎ ᠢ ᠵᠡᠷᠭᠡᠪᠡᠷ ᠮᠠᠨᠳᠣᠭᠤᠯᠣᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠬᠡᠷᠡᠭᠳᠠᠢ
ᠨᠡᠶᠢᠲᠡᠯᠡᠭᠰᠡᠨ ᠴᠠᠭ᠄
2017/4/7
     ᠯᠢ ᠵᠢᠢ ᠡᡁᠧᠩ ᠪᠦᠬᠦ ᠤᠷᠤᠨ ᠤ ᠶᠡᠷᠦᠩᠬᠡᠶᠢᠯᠡᠭᠰᠡᠨ ᠰᠠᠭᠤᠷᠢ ᠲᠦᠬᠦᠬᠡᠷᠦᠮᠵᠢ ᠶᠢᠨ ᠪᠦᠳᠦᠭᠡᠨ ᠪᠠᠶᠢᠭᠤᠯᠤᠯᠳᠠ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠡ ᠪᠠᠷ ᠮᠠᠨᠳᠣᠵᠣ ᠪᠠᠶᠢᠭ᠎ᠠ ᠠᠵᠤ ᠦᠢᠯᠡᠰ ᠤᠨ ᠬᠦᠭᠵᠢᠯᠳᠡ ᠵᠢᠴᠢ 2017ᠣᠨ ᠤ ᠬᠠᠪᠤᠷ ᠤᠨ ᠤᠯᠠᠷᠢᠯ ᠤᠨ ᠴᠢᠬᠤᠯᠠ ᠶᠡᠭᠡ ᠲᠦᠷᠦᠯ ᠵᠦᠢᠯ ᠢ ᠲᠦᠪᠯᠡᠷᠡᠭᠦᠯᠦᠨ ᠪᠠᠷᠢᠯᠭ᠎ᠠ ᠡᠬᠢᠯᠡᠭᠦᠯᠵᠦ ᠪᠦᠳᠦᠭᠡᠨ ᠪᠠᠶᠢᠭᠤᠯᠬᠤ ᠳᠠᠶᠢᠴᠢᠯᠠᠯᠳᠠ ᠶᠢᠨ ᠶᠡᠭᠡ ᠬᠤᠷᠠᠯ ᠳᠡᠭᠡᠷ᠎ᠡ ᠴᠢᠬᠤᠯᠠᠴᠢᠯᠠᠭᠰᠠᠨ ᠨᠢ      ︽ᠲᠤᠯᠤᠭᠠᠨ ᠲᠤᠤᠷ︾᠎ ᠢ ᠬᠠᠮᠳᠤᠪᠡᠷ ᠪᠠᠶᠢᠭᠤᠯᠣᠨ ᠰᠠᠭᠤᠷᠢ ᠪᠠᠨ ᠪᠠᠳᠤᠳᠬᠠᠵᠣ ︽ᠲᠤᠯᠤᠭᠠᠨ ᠦᠢᠯᠡᠰ︾ ᠎ ᠢ ᠵᠡᠷᠭᠡᠪᠡᠷ ᠮᠠᠨᠳᠣᠭᠤᠯᠣᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ ᠪᠦᠬᠦ ᠤᠷᠤᠨ ᠤ ᠠᠵᠤ ᠠᠬᠤᠢ ᠨᠡᠶᠢᠬᠡᠮ ᠎ ᠤᠨ ᠬᠦᠭᠵᠢᠯᠳᠡ ᠶᠢᠨ ᠨᠡᠩ ᠦᠨᠳᠦᠷ ᠲᠦᠪᠰᠢᠨ ᠳᠤ ᠭᠠᠷᠬᠤ ᠶᠢ ᠠᠬᠢᠭᠤᠯᠬᠤ ᠬᠡᠷᠡᠭᠳᠠᠢ      ᠪᠦ᠋ ᠰᠢᠶᠤᠤ ᠯᠢᠨ ᠬᠤᠷᠠᠯ ᠡᠷᠬᠢᠯᠡᠵᠦ ᠷᠧᠨ ᠶᠠ ᠫᠢᠩ ᠨᠠᠷ ᠬᠤᠷᠠᠯ ᠳᠤ ᠤᠷᠤᠯᠴᠠᠪᠠ
     4 ᠳ᠋ᠤᠭᠡᠷ ᠰᠠᠷ᠎ᠠ ᠶᠢᠨ 5᠎ ᠤ ᠡᠳᠦᠷ᠂ ᠪᠦᠬᠦ ᠤᠷᠤᠨ ᠤ ᠶᠡᠷᠦᠩᠬᠡᠶᠢᠯᠡᠭᠰᠡᠨ ᠰᠠᠭᠤᠷᠢ ᠲᠦᠬᠦᠬᠡᠷᠦᠮᠵᠢ ᠶᠢᠨ ᠪᠦᠳᠦᠭᠡᠨ ᠪᠠᠶᠢᠭᠤᠯᠤᠯᠳᠠ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠡ ᠪᠠᠷ ᠮᠠᠨᠳᠣᠵᠣ ᠪᠠᠶᠢᠭ᠎ᠠ ᠠᠵᠦ ᠦᠢᠯᠡᠰ ᠤᠨ ᠬᠦᠭᠵᠢᠯᠳᠡ ᠵᠢᠴᠢ 2017 ᠣᠨ ᠤ ᠬᠠᠪᠤᠷ ᠤᠨ ᠤᠯᠠᠷᠢᠯ ᠤᠨ ᠴᠢᠬᠤᠯᠠ ᠶᠡᠭᠡ ᠲᠦᠷᠦᠯ ᠵᠦᠢᠯ ᠢ ᠲᠦᠪᠯᠡᠷᠡᠭᠦᠯᠦᠨ ᠠᠵᠢᠯ ᠡᠬᠢᠯᠡᠬᠦᠯᠵᠦ ᠪᠦᠳᠦᠭᠡᠨ ᠪᠠᠶᠢᠭᠤᠯᠬᠤ ᠳᠠᠶᠢᠴᠢᠯᠠᠯᠳᠠ ᠶᠢᠨ ᠶᠡᠭᠡ ᠬᠤᠷᠠᠯ ᠬᠦᠬᠡᠬᠤᠳᠠ ᠳᠤ ᠬᠤᠷᠠᠯᠳᠣᠪᠠ᠃      4 ᠳ᠋ᠤᠭᠡᠷ ᠰᠠᠷ᠎ᠠ ᠶᠢᠨ 5᠎ ᠠᠴᠠ 6᠎ ᠤ ᠡᠳᠤᠷ ᠪᠤᠯᠳᠠᠯ᠎ᠠ᠂ ᠪᠦᠬᠦ ᠤᠷᠤᠨ ᠤ ᠶᠡᠷᠦᠩᠬᠡᠶᠢᠯᠡᠭᠰᠡᠨ ᠰᠠᠭᠤᠷᠢ ᠲᠦᠬᠦᠬᠡᠷᠦᠮᠵᠢ ᠶᠢᠨ ᠪᠦᠳᠦᠭᠡᠨ ᠪᠠᠶᠢᠭᠤᠯᠤᠯᠳᠠ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠡ ᠪᠠᠷ ᠮᠠᠨᠳᠣᠵᠣ ᠪᠠᠶᠢᠭ᠎ᠠ ᠠᠵᠦ ᠦᠢᠯᠡᠰ ᠤᠨ ᠬᠦᠭᠵᠢᠯᠳᠡ ᠵᠢᠴᠢ 2017 ᠣᠨ ᠤ ᠬᠠᠪᠤᠷ ᠤᠨ ᠤᠯᠠᠷᠢᠯ ᠤᠨ ᠴᠢᠬᠤᠯᠠ ᠶᠡᠭᠡ ᠲᠦᠷᠦᠯ ᠵᠦᠢᠯ ᠢ ᠲᠦᠪᠯᠡᠷᠡᠭᠦᠯᠦᠨ ᠠᠵᠢᠯ ᠡᠬᠢᠯᠡᠬᠦᠯᠵᠦ ᠪᠦᠳᠦᠭᠡᠨ ᠪᠠᠶᠢᠭᠤᠯᠬᠤ ᠳᠠᠶᠢᠴᠢᠯᠠᠯᠳᠠ ᠶᠢᠨ ᠶᠡᠭᠡ ᠬᠤᠷᠠᠯ ᠬᠦᠬᠡᠬᠤᠳᠠ ᠳᠤ ᠬᠤᠷᠠᠯᠳᠣᠪᠠ᠃ ᠶᠡᠭᠡ ᠬᠤᠷᠠᠯ ᠨᠢ ᠲᠣᠬᠠᠢ ᠶᠢᠨ ᠳᠠᠯᠠᠪᠠᠢ ᠳᠤ ᠳᠣᠭᠤᠷᠢᠨ ᠦᠵᠡᠬᠦ ᠪᠠ ᠬᠠᠷᠠᠭᠠᠨ ᠳᠠᠪᠲᠠᠮᠵᠢ ᠶᠢᠨ ᠬᠤᠷᠠᠯ ᠬᠢᠬᠦ ᠶᠢ ᠤᠶᠠᠯᠳᠤᠭᠤᠯᠬᠤ ᠬᠡᠯᠪᠡᠷᠢ ᠪᠠᠷ ᠶᠠᠪᠤᠭᠳᠠᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠡᡁᠧᠩ ᠬᠤᠷᠠᠯ ᠳᠤ ᠤᠷᠤᠯᠴᠠᠬᠤ ᠶᠢᠨ ᠬᠠᠮᠳᠣ ᠴᠢᠬᠤᠯᠠ ᠶᠠᠷᠢᠶ᠎ᠠ ᠳᠠᠯᠪᠢᠵᠤ ᠴᠢᠬᠤᠯᠠᠴᠢᠯᠠᠭᠰᠠ ᠨᠢ᠂ ᠠᠩᠬᠠᠷᠣᠯ ᠢᠶᠠᠨ ᠲᠦᠪᠯᠡᠷᠡᠭᠦᠯᠦᠨ ᠬᠦᠴᠦ ᠪᠠᠨ ᠬᠠᠮᠳᠤᠳᠬᠠᠵᠦ ︽ᠲᠤᠯᠤᠭᠠᠨ ᠲᠤᠤᠷ︾᠎ ᠢ ᠬᠠᠮᠳᠤ ᠪᠠᠷ ᠪᠠᠶᠢᠭᠤᠯᠵᠤ᠂ ︽ᠲᠤᠯᠤᠭᠠᠨ ᠦᠢᠯᠡᠰ︾᠎ ᠢ ᠵᠡᠷᠭᠡᠪᠡᠷ ᠮᠠᠨᠳᠣᠭᠤᠯᠬᠤ ᠶᠢ ᠠᠬᠢᠭᠤᠯᠵᠣ᠂ ᠰᠢᠯᠢᠳᠡᠭ ᠬᠢᠷᠢ ᠪᠦᠳᠦᠮᠵᠢ ᠪᠠᠷ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠳᠠ ᠲᠠᠢ ᠬᠤᠷᠠᠯᠳᠤᠬᠤ ᠶᠢ ᠣᠭᠳᠣᠵᠣ᠂ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠬᠡᠷᠡᠭᠳᠡᠢ ᠬᠡᠪᠡ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠳᠡᠷᠢᠭᠦᠯᠡᠭᠴᠢ ᠪᠦ᠋ ᠰᠢᠶᠤᠤ ᠯᠢᠨ ᠬᠤᠷᠠᠯ ᠡᠷᠬᠢᠯᠡᠵᠤ᠂ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠤᠳᠤᠷᠢᠳᠤᠯᠭ᠎ᠠ ᠬᠤᠷᠠᠯ ᠳᠤ ᠤᠷᠤᠯᠴᠠᠪᠠ᠃       ᠬᠠᠷᠠᠭᠠᠨ ᠳᠠᠪᠲᠠᠮᠵᠢ ᠶᠢᠨ ᠬᠤᠷᠠᠯ ᠠᠴᠠ ᠡᠮᠦᠨ᠎ᠡ᠂ ᠯᠢ ᠵᠢᠢ ᠡᡁᠧᠩ᠂ ᠪᠦ᠋ ᠰᠢᠶᠣᠣ ᠯᠢᠨ ᠠᠩᠬᠢ ᠳᠠᠭᠠᠭᠤᠯᠤᠨ ᠳᠤᠮᠳᠠᠳᠤ ᠤᠯᠤᠰ ᠤᠨ ᠰᠢᠯᠵᠢᠭᠡ ᠬᠤᠯᠪᠤᠭ᠎ᠠ ︵ᠬᠦᠬᠡᠬᠤᠳᠠ︶᠎ ᠶᠢᠨ ᠳ᠋ᠠᠶᠢᠲ᠋ᠠ ᠶᠢᠨ ᠲᠦᠪ ᠤᠨ ᠲᠦᠷᠦᠯ ᠵᠦᠢᠯ᠂ ᠶᠦᠨ ᠺᠧ IT᠎ ᠤᠨ ᠲᠦᠬᠦᠬᠡᠷᠦᠮᠵᠢ ᠶᠢ ᠳᠠᠬᠢᠨ ᠦᠢᠯᠡᠳᠪᠦᠷᠢᠯᠡᠬᠦ ᠠᠵᠤ ᠤᠶᠢᠯᠡᠰ ᠤᠨ ᠰᠠᠭᠤᠷᠢᠨ᠂᠎ ᠶᠢᠨ ᠢᠦᠢ ᠠᠮᠢᠳᠤ ᠪᠤᠳᠠᠰ ᠤᠨ ᠰᠢᠨᠵᠢᠯᠡᠬᠦ ᠣᠬᠠᠭᠠᠨ ᠮᠡᠷᠭᠡᠵᠢᠯ ᠤᠨ ᠠᠵᠦ ᠦᠢᠯᠡᠰ ᠤᠨ ᠬᠦᠷᠢᠶᠡᠯᠡᠩ ᠳᠣᠭᠤᠷᠢᠭ ᠤᠨ ᠲᠦᠷᠦᠯ ᠵᠦᠢᠯ᠂ ᠸᠧᠲ᠋ᠧᠮᠠ ᠰᠢᠨ᠎ᠡ ᠡᠨᠧᠷᠬᠢ ᠶᠢᠨ ᠮᠠᠰᠢᠨ ᠳᠡᠷᠭᠡ ᠶᠢᠨ ᠠᠵᠤ ᠦᠢᠯᠡᠰ ᠤᠨ ᠬᠦᠷᠢᠶᠡᠯᠡᠩ᠂ ᠬᠦᠬᠡᠬᠤᠳᠠ ᠶᠢᠨ ᠭᠠᠵᠠᠷ ᠲᠤᠤᠷᠠᠬᠢ ᠳᠡᠮᠦᠷ ᠵᠠᠮ ᠤᠨ ᠨᠢᠭᠡᠳᠦᠭᠡᠷ ᠱᠣᠭᠤᠮ ᠤᠨ ᠬᠦᠬᠡᠬᠤᠳᠠ ᠶᠢᠨ ᠪᠣᠯᠣᠳ ᠲᠡᠮᠦᠷ ᠤᠨ ᠦᠢᠯᠡᠳᠪᠦᠷᠢ ᠶᠢᠨ ᠵᠡᠭᠦᠨ ᠵᠠᠮ ᠳᠠᠬᠢ ᠦᠷᠳᠡᠭᠡ ᠶᠢᠨ ᠪᠦᠳᠦᠭᠡᠨ ᠪᠠᠶᠢᠭᠤᠯᠣᠯᠳᠠ ᠶᠢᠨ ᠪᠠᠶᠢᠳᠠᠯ ᠢ ᠲᠤᠭᠤᠷᠢᠨ ᠦᠵᠡᠵᠤ᠂ ᠬᠤᠷᠢᠨᠭᠡᠷ ᠰᠢᠨ᠎ᠡ ᠲᠤᠭᠤᠷᠢᠭ ᠤᠨ ᠬᠠᠪᠤᠷ ᠤᠨ ᠤᠯᠠᠷᠢᠯ ᠤᠨ ᠴᠢᠬᠤᠯᠠ ᠶᠡᠭᠡ ᠲᠦᠷᠦᠯ ᠵᠦᠢᠯ ᠤᠨ ᠠᠵᠢᠯ ᠡᠬᠢᠯᠡᠭᠦᠯᠬᠦ ᠳᠠᠶᠢᠴᠢᠯᠠᠯᠳᠠ ᠶᠢᠨ ᠶᠡᠭᠡ ᠬᠤᠷᠠᠯ ᠳᠤ ᠤᠷᠤᠯᠴᠠᠪᠠ᠃      ᠯᠢ ᠵᠢᠢ ᠡᡁᠧᠩ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠰᠠᠭᠤᠷᠢ ᠲᠦᠭᠦᠭᠡᠷᠦᠮᠵᠢ ᠶᠢᠨ ︽ᠲᠤᠯᠤᠭᠠᠨ ᠲᠤᠤᠷ︾᠎ ᠢ ᠬᠠᠮᠳᠤ ᠪᠠᠷ ᠪᠠᠶᠢᠭᠤᠯᠬᠤ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠡ ᠪᠠᠷ ᠮᠠᠨᠳᠣᠵᠣ ᠪᠠᠶᠢᠭ᠎ᠠ ᠠᠵᠤ ᠦᠢᠯᠡᠰ ᠤᠨ ︽ᠲᠤᠯᠤᠭᠠᠨ ᠦᠢᠯᠡᠰ︾᠎ ᠢ ᠵᠡᠷᠭᠡᠪᠡᠷ ᠮᠠᠨᠳᠣᠭᠤᠯᠬᠤ ᠶᠢ ᠠᠬᠢᠭᠤᠯᠬᠤ ᠪᠤᠯ᠂ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠪᠣᠯᠣᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ ᠠᠴᠠ ᠭᠠᠷᠭᠠᠭᠰᠠᠨ ᠴᠢᠬᠤᠯᠠ ᠪᠠᠶᠢᠯᠳᠤᠬᠤ ᠪᠤᠳᠤᠯᠭ᠎ᠠ ᠶᠢᠨ ᠰᠢᠢᠳᠪᠦᠷᠢᠳᠦ ᠪᠣᠳᠣᠯᠬ᠎ᠠ ᠪᠣᠯᠣᠨ᠎ᠠ᠂ ᠦᠪᠦᠷ ᠮᠤᠩᠭᠤᠯ ᠤᠨ ᠰᠢᠨ᠎ᠡ ᠬᠦᠭᠵᠢᠯᠳᠡ ᠶᠢᠨ ᠣᠨᠣᠯᠵᠢᠬᠤᠨ ᠢ ᠦᠢᠯᠡᠳᠦᠯᠭᠡᠵᠢᠭᠦᠯᠬᠦ ᠴᠢᠬᠤᠯᠠ ᠠᠷᠭ᠎ᠠ ᠬᠡᠮᠵᠢᠶ᠎ᠡ ᠪᠤᠯᠤᠨ᠎ᠠ᠃ ᠡᠯ᠎ᠡ ᠱᠠᠳᠤᠨ ᠤ ᠬᠢᠨ ᠰᠢᠵᠢᠷ ᠠᠯᠳᠠᠨ ᠤᠯᠠᠷᠢᠯ ᠢ ᠠᠮᠵᠢᠨ᠂ ᠱᠠᠯᠠᠪᠳᠠᠨ ᠬᠦᠳᠡᠯᠦᠯᠴᠡᠵᠡᠭᠡᠵᠤ᠂ ᠳᠡᠮᠦᠷ ᠵᠠᠮ ᠤᠨ ᠲᠤᠤᠷ᠂ ᠵᠠᠰᠠᠮᠠᠯ ᠵᠠᠮ ᠤᠨ ᠲᠤᠤᠷ᠂ ᠠᠭᠠᠷ ᠤᠨ ᠠᠶᠠᠯᠠᠯ ᠤᠨ ᠲᠤᠤᠷ᠂ ᠬᠤᠳᠠ ᠶᠢᠨ ᠶᠠᠪᠤᠳᠠᠯ ᠤᠨ ᠲᠤᠤᠷ᠂ ᠤᠰᠤᠨ ᠠᠰᠢᠭᠯᠠᠯᠳᠠ ᠶᠢᠨ ᠲᠤᠤᠷ᠂ ᠡᠨᠧᠷᠬᠢ ᠶᠢᠨ ᠲᠤᠤᠷ᠂ ᠮᠡᠳᠡᠭᠡ ᠵᠠᠩᠬᠢ ᠴᠢᠮᠡᠭᠡ ᠬᠤᠯᠪᠣᠭ᠎ᠠ ᠶᠢᠨ ᠲᠤᠤᠷ ᠵᠡᠷᠭᠡ ᠰᠠᠭᠤᠷᠢ ᠲᠦᠭᠦᠭᠡᠷᠦᠮᠵᠢ ᠶᠢᠨ ︽ᠲᠤᠯᠤᠭᠠᠨ ᠲᠤᠤᠷ︾᠎ ᠢ ᠬᠠᠮᠳᠤ ᠪᠡᠷᠢ ᠪᠠᠶᠢᠭᠤᠯᠬᠤ ᠪᠣᠭᠤᠮᠳᠠ ᠰᠢᠪᠳᠣᠯᠬᠤ ᠳᠠᠶᠢᠯᠠᠯᠳᠣᠭᠠᠨ ᠢ ᠪᠦᠬᠦ ᠳᠠᠯ᠎ᠠ ᠪᠠᠷ ᠬᠢᠵᠦ᠂ ᠰᠢᠨ᠎ᠡ ᠡᠨᠧᠷᠬᠢ᠂ ᠰᠢᠨ᠎ᠡ ᠮᠠᠲ᠋ᠧᠷᠢᠶᠠᠯ᠂ ᠡᠨᠧᠷᠬᠢ ᠠᠷᠪᠢᠯᠠᠨ ᠤᠷᠴᠢᠨ ᠲᠤᠭᠤᠷᠢᠨ ᠢ ᠬᠠᠮᠠᠭᠠᠯᠠᠬᠤ᠂ ᠳᠡᠭᠡᠳᠦ ᠳᠡᠰ ᠤᠨ ᠲᠤᠨᠤᠭ ᠲᠦᠭᠦᠭᠡᠷᠦᠮᠵᠢ᠂ ᠲᠤᠮᠤ ᠳ᠋ᠠᠶᠢᠲ᠋ᠠ ᠡᠭᠦᠯᠡᠨ ᠪᠤᠳᠤᠯᠳᠠ᠂ ᠠᠮᠢ ᠠᠬᠤᠢ ᠶᠢᠨ ᠰᠢᠨᠵᠢᠯᠡᠬᠦ ᠣᠬᠠᠭᠠᠨ ᠮᠡᠷᠭᠡᠵᠢᠯ᠂ ᠮᠤᠩᠭᠤᠯ ᠬᠢᠳᠠᠳ ᠡᠮ ᠡᠮᠨᠡᠯᠭᠡ ᠵᠡᠷᠭᠡ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠡ ᠪᠠᠷ ᠮᠠᠨᠳᠣᠵᠣ ᠪᠠᠶᠢᠭ᠎ᠠ ᠠᠵᠤ ᠦᠢᠯᠡᠰ ᠤᠨ ︽ᠲᠤᠯᠤᠭᠠᠨ ᠦᠢᠯᠡᠰ︾᠎ ᠢ ᠵᠡᠷᠭᠡᠪᠡᠷ ᠮᠠᠨᠳᠣᠭᠤᠯᠬᠤ ᠬᠦᠭᠵᠢᠯᠳᠡ ᠶᠢᠨ ᠦᠷᠨᠢᠯᠳᠡ ᠶᠢ ᠲᠦᠷᠭᠡᠨ ᠭᠠᠷᠭᠠᠵᠣ᠂ ᠰᠠᠭᠤᠷᠢ ᠪᠠᠨ ᠪᠠᠳᠣᠳᠬᠠᠬᠤ ᠬᠦᠴᠦᠨ ᠢᠶᠠᠨ ᠳᠠᠰᠤᠷᠠᠯᠳᠠ ᠦᠭᠡᠢ ᠨᠦᠭᠡᠴᠡᠯᠡᠵᠦ᠂ ᠬᠡᠯᠪᠡᠷᠢ ᠪᠠᠨ ᠬᠤᠪᠢᠷᠠᠭᠤᠯᠣᠨ ᠳᠡᠰ ᠳᠡᠪᠰᠢᠭᠦᠯᠬᠦ ᠶᠢ ᠲᠦᠷᠬᠡᠳᠭᠡᠵᠤ᠂ ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠡᠶᠡᠯᠡᠭᠦᠯᠬᠦ ᠰᠢᠢᠳᠪᠦᠷᠢᠳᠦ ᠢᠯᠠᠯᠳᠠ ᠶᠢ ᠳᠡᠮᠡᠴᠡ ᠣᠯᠬᠤ᠂ ᠤᠳᠤᠬᠢᠴᠢᠯᠠᠭᠰᠠᠨ ᠦᠪᠦᠷ ᠮᠤᠩᠭᠤᠯ ᠢ ᠪᠦᠳᠦᠭᠡᠨ ᠪᠠᠶᠢᠭᠤᠯᠬᠤ ᠳᠤ ᠬᠦᠴᠦᠨ ᠪᠦᠬᠦᠢ ᠪᠠᠳᠤᠯᠠᠭ᠎ᠠ ᠪᠠ ᠳᠣᠯᠭᠠᠭᠤᠷᠢᠯᠠᠯ ᠬᠠᠩᠭᠠᠬᠤ ᠬᠡᠷᠡᠭᠳᠠᠢ ᠬᠡᠪᠡ᠃      ᠯᠢ ᠵᠢᠢ ᠡᡁᠧᠩ ᠴᠢᠬᠤᠯᠠᠴᠢᠯᠠᠭᠰᠠᠨ ᠨᠢ᠂ ᠬᠦᠭᠵᠢᠯᠳᠡ ᠳᠤ ᠵᠣᠬᠢᠴᠠᠬᠤ᠂ ᠵᠤᠬᠢᠬᠤ ᠬᠡᠮᠵᠢᠶ᠎ᠡ ᠪᠠᠷ ᠤᠷᠢᠳᠴᠢᠯᠡᠬᠤ ᠶᠢ ᠪᠠᠷᠢᠮᠳᠠᠯᠠᠵᠣ᠂ ᠲᠦᠯᠦᠪᠵᠢᠭᠦᠯᠭᠡ ᠲᠦᠯᠦᠪᠯᠡᠭᠡ ᠶᠢ ᠰᠠᠶᠢᠳᠤᠷ ᠠᠳᠬᠤᠵᠣ᠂ ᠲᠦᠷᠦᠯ ᠵᠦᠢᠯ ᠢ ᠠᠬᠢᠭᠤᠯᠬᠤ ᠶᠢ ᠰᠠᠶᠢᠳᠣᠷ ᠠᠳᠬᠤᠵᠣ᠂ ᠴᠢᠬᠤᠯᠠ ᠬᠦᠴᠦᠨ ᠵᠦᠢᠯ ᠤᠨ ᠪᠠᠳᠤᠯᠠᠭ᠎ᠠ ᠶᠢ ᠰᠠᠶᠢᠳᠣᠷ ᠠᠳᠬᠤᠵᠣ᠂ ᠴᠢᠨᠠᠷ ᠴᠢᠨᠰᠠᠭ᠎ᠠ ᠠᠮᠤᠷ ᠲᠦᠪᠰᠢᠨ ᠢ ᠰᠠᠶᠢᠳᠣᠷ ᠠᠳᠬᠤᠵᠣ᠂ ᠦᠪᠡᠷ ᠤᠨ ᠦᠷᠳᠡᠭ ᠢ ᠨᠢ ᠬᠢᠵᠠᠭᠠᠷᠯᠠᠬᠤ ᠶᠢ ᠰᠠᠶᠢᠳᠤᠷ ᠠᠳᠬᠤᠵᠤ᠂ ᠶᠡᠷᠦᠩᠬᠡᠶᠢᠯᠡᠭᠰᠡᠨ ᠰᠠᠭᠤᠷᠢ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠰᠢᠨ᠎ᠡ ᠰᠢᠪᠳᠤᠯᠤᠯᠳᠠ ᠲᠠᠢ ᠪᠣᠯᠬᠤ ᠶᠢ ᠠᠬᠢᠭᠤᠯᠬᠤ ᠬᠡᠷᠡᠭᠳᠡᠢ᠃ ᠦᠨᠳᠦᠷ ᠭᠠᠷᠤᠭ᠎ᠠ ᠠᠴᠠ ᠡᠬᠢᠯᠡᠬᠦᠯᠬᠦ᠂ ᠳᠡᠭᠡᠳᠦ ᠳᠡᠰ ᠤᠨ ᠬᠢ ᠶᠢ ᠴᠣᠭᠯᠠᠷᠠᠭᠤᠯᠬᠤ ᠶᠢ ᠪᠠᠷᠢᠮᠳᠠᠯᠠᠵᠣ᠂ ᠲᠦᠷᠦᠯ ᠵᠦᠢᠯ ᠤᠨ ᠲᠤᠯᠭᠠᠭᠤᠷᠢᠯᠠᠯ ᠢ ᠴᠢᠩᠭᠠᠷᠠᠭᠤᠯᠵᠣ᠂ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠣᠯᠭᠠᠬᠤ ᠶᠢ ᠴᠢᠩᠭᠠᠷᠠᠭᠤᠯᠵᠣ᠂ ᠠᠵᠢᠯ ᠦᠢᠯᠡᠰ ᠢ ᠴᠤᠭᠯᠠᠷᠠᠭᠤᠯᠬᠤ ᠶᠢ ᠴᠢᠩᠭᠠᠷᠠᠭᠤᠯᠵᠣ᠂ ᠨᠡᠭᠡᠭᠡᠯᠳᠡ ᠬᠢᠵᠦ ᠬᠠᠮᠳᠣᠷᠠᠨ ᠠᠵᠢᠯᠯᠠᠬᠤ ᠶᠢ ᠴᠢᠩᠭᠠᠷᠠᠭᠤᠯᠵᠣ᠂ ᠲᠦᠷᠦ ᠶᠢᠨ ᠪᠤᠳᠤᠯᠭ᠎ᠠ ᠶᠢᠨ ᠪᠠᠳᠤᠯᠠᠭ᠎ᠠ ᠶᠢ ᠴᠢᠩᠭᠠᠷᠠᠭᠤᠯᠵᠣ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠡ ᠪᠠᠷ ᠮᠠᠨᠳᠣᠵᠣ ᠪᠠᠶᠢᠭ᠎ᠠ ᠠᠵᠤ ᠦᠢᠯᠡᠰ ᠤᠨ ᠬᠦᠭᠵᠢᠯᠳᠡ ᠰᠢᠨ᠎ᠡ ᠳᠠᠪᠠᠯᠳᠠ ᠲᠠᠢ ᠪᠣᠯᠬᠤ ᠶᠢ ᠠᠬᠢᠭᠤᠯᠬᠤ ᠬᠡᠷᠡᠭᠳᠡᠢ᠃ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠠᠬᠢᠭᠤᠯᠬᠤ ᠳᠣᠭᠳᠠᠴᠠ ᠪᠠᠨ ᠳᠡᠭᠦᠯᠳᠡᠷᠵᠢᠭᠦᠯᠦᠨ᠂ ᠰᠠᠯᠠᠭ᠎ᠠ ᠮᠦᠴᠢᠷ ᠤᠨ ᠬᠤᠷᠰᠢᠯᠴᠠᠯ ᠢ ᠴᠢᠩᠭᠠᠷᠠᠭᠤᠯᠵᠣ᠂ ᠰᠢᠮᠳᠠᠭᠤᠯᠤᠨ ᠪᠠᠶᠢᠴᠠᠭᠠᠵᠣ ᠬᠢᠨᠠᠨ ᠰᠢᠯᠭᠠᠬᠤ ᠶᠢ ᠴᠢᠩᠳᠠᠯᠠᠵᠤ᠂ ᠪᠤᠳᠠᠳᠠᠢ ᠠᠵᠢᠯᠯᠠᠬᠤ ᠰᠤᠷᠳᠠᠯ ᠢ ᠪᠠᠳᠠᠷᠠᠭᠤᠯᠵᠤ᠂ ᠡᠯ᠎ᠡ ᠵᠦᠢᠯ ᠤᠨ ᠠᠵᠢᠯ ᠢ ᠪᠤᠳᠠᠳᠠᠢ ᠳᠤ ᠨᠠᠶᠢᠳᠠᠪᠤᠷᠢᠵᠢᠭᠤᠯᠵᠤ᠂ ᠪᠤᠳᠠᠳᠤ ᠦᠷ᠎ᠡ ᠪᠦᠳᠦᠮᠵᠢ ᠤᠯᠬᠤ ᠶᠢ ᠦᠨᠡᠨᠬᠦ ᠪᠠᠳᠣᠯᠬᠠᠣ ᠬᠡᠷᠡᠭᠳᠠᠢ ᠭᠡᠵᠡᠢ᠃      ᠪᠦ᠋ ᠰᠢᠶᠤᠤ ᠯᠢᠨ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠦᠴᠢᠷ ᠤᠨ ᠬᠢᠨ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠠᠵᠢᠯ ᠤᠨ ᠪᠠᠶᠢᠭᠤᠯᠤᠮᠵᠢ ᠪᠠᠨ ᠳᠡᠭᠦᠯᠳᠡᠷᠵᠢᠭᠦᠯᠵᠦ᠂ ᠠᠵᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠲᠤᠭᠳᠠᠭᠤᠨ ᠤ ᠳᠣᠮᠳᠠ ᠣᠷᠣᠭᠰᠢᠯᠠᠨ ᠳᠠᠪᠰᠢᠬᠤ ᠠᠵᠢᠯ ᠤᠨ ᠶᠡᠷᠦᠩᠭᠡᠢ ᠬᠦᠭ ᠠᠶᠠᠰ ᠂ ᠬᠠᠩᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ᠂ ᠰᠢᠨ᠎ᠡ ᠬᠦᠭᠵᠢᠯᠳᠡ ᠶᠢᠨ ᠣᠨᠣᠯᠵᠢᠬᠤᠨ ᠤ ᠱᠠᠭᠠᠷᠳᠠᠯᠭ᠎ᠠ ᠶᠢ ᠡᠯ᠎ᠡ ᠵᠦᠢᠯ ᠤᠨ ᠠᠵᠢᠯ ᠤᠨ ᠪᠦᠬᠦ ᠶᠠᠪᠤᠴᠠ ᠳᠤ ᠲᠤᠤᠱᠯᠠᠭᠤᠯᠵᠤ᠂ ᠦᠨᠡᠨᠬᠦ ᠠᠳᠬᠤᠨ ᠪᠤᠳᠠᠳᠠᠢ ᠠᠵᠢᠯᠯᠠᠬᠤ ᠵᠤᠷᠢᠭ ᠰᠠᠨᠠᠭ᠎ᠠ ᠶᠢ ᠪᠠᠳᠠᠷᠠᠭᠤᠯᠤᠨ᠂ ᠦᠪᠡᠷᠳᠡᠭᠡᠨ ᠵᠠᠰᠠᠬᠤ ᠤᠷᠤᠨ ᠤ ᠶᠡᠷᠦᠩᠬᠡᠶᠢᠯᠡᠭᠰᠡᠨ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠰᠢᠨ᠎ᠡ ᠰᠢᠪᠳᠤᠯᠤᠯᠳᠠ ᠲᠠᠢ ᠪᠣᠯᠬᠤ ᠶᠢ ᠠᠬᠢᠭᠤᠯᠵᠤ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠡ ᠪᠠᠷ ᠮᠠᠨᠳᠣᠵᠣ ᠪᠠᠶᠢᠭ᠎ᠠ ᠠᠵᠦ ᠦᠢᠯᠡᠰ ᠰᠢᠨ᠎ᠡ ᠬᠦᠭᠵᠢᠯᠳᠡ ᠲᠠᠢ ᠪᠣᠯᠬᠤ ᠶᠢ ᠴᠢᠷᠮᠠᠶᠢᠨ ᠠᠬᠢᠭᠤᠯᠬᠤ ᠬᠡᠷᠡᠭᠳᠠᠢ ᠬᠡᠪᠡ᠃ ᠪᠤᠭᠤᠳᠤ ᠬᠤᠳᠠ᠂ ᠤᠯᠠᠭᠠᠨᠬᠠᠳᠠ ᠬᠤᠳᠠ᠂ ᠦᠪᠡᠷᠳᠡᠭᠡᠨ ᠵᠠᠰᠠᠬᠤ ᠤᠷᠤᠨ ᠤ ᠬᠦᠭᠵᠢᠬᠦᠯᠦᠯᠳᠡ ᠦᠭᠡᠷᠡᠴᠢᠯᠡᠯᠳᠡ ᠶᠢᠨ ᠵᠦᠪᠯᠡᠯ᠂ ᠵᠠᠮ ᠬᠠᠷᠢᠯᠴᠠᠭ᠎ᠠ ᠳᠡᠭᠡᠭᠡᠪᠦᠷᠢ ᠶᠢᠨ ᠲᠢᠩᠬᠢᠮ᠂ ᠲᠤᠮᠤ ᠳ᠋ᠠᠶᠢᠲ᠋ᠠ ᠶᠢᠨ ᠬᠦᠭᠵᠢᠯᠳᠡ ᠶᠢᠨ ᠬᠠᠮᠢᠶᠠᠷᠤᠯᠳᠠ ᠶᠢᠨ ᠲᠤᠪᠴᠢᠶ᠎ᠠ᠂ ᠬᠤᠷᠴᠢᠨ ᠲᠤᠭᠤᠷᠢᠭ᠂ ᠵᠡᠭᠦᠨᠭᠠᠷ ᠬᠤᠰᠢᠭᠤ ᠳᠣᠷᠰᠢᠯᠭ᠎ᠠ ᠪᠠᠨ ᠳᠠᠨᠢᠯᠴᠠᠭᠤᠯᠬᠤ ᠦᠭᠡ ᠬᠡᠯᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号