2017 ᠣᠨ ᠤ ᠮᠠᠨ ᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠬᠢᠲᠠᠳ ᠬᠡᠯᠡᠨ ᠤ ᠬᠢᠷᠢ | ᠲᠦᠪᠰᠢᠨ ᠤ ᠳᠡᠰ ᠤᠨ ᠰᠢᠯᠭᠠᠯᠲᠠ ︵ᠭᠤᠷᠪᠠᠨ ᠳᠡᠰ ︶ ︵ᠴᠥᠭᠡᠨ ᠲᠣᠭᠠᠲᠤ ᠦᠨᠳᠦᠰᠦᠲᠡᠨ ᠤ ᠬᠢᠲᠠᠳ ᠬᠡᠯᠡᠨ ᠤ | ᠬᠢᠷᠢ ᠲᠦᠪᠰᠢᠨ ᠤ ᠭᠤᠷᠪᠠᠨ ᠳᠡᠰ ᠭᠡᠵᠦ ᠲᠣᠪᠴᠢᠯᠠᠨᠡ ︶ 4 ᠳ᠋ᠦ᠋ᠭᠡᠷ ᠰᠠᠷ᠎ᠠ ᠶᠢᠨ 9 ᠤ ᠡᠳᠦᠷ ᠠᠴᠠ ᠡᠬᠢᠯᠡᠨ᠎ᠡ᠂ | ᠡᠨᠡ ᠪᠣᠯ ᠬᠢᠲᠠᠳ ᠬᠡᠯᠡᠨ ᠤ ᠬᠢᠷᠢ ᠲᠦᠪᠰᠢᠨ ᠤ ᠰᠢᠯᠭᠠᠯᠲᠠ ᠶᠢᠨ ᠠᠯᠪᠠᠨ ᠭᠡᠷ ᠠᠴᠠ ᠰᠢᠯᠭᠠᠬᠤ ᠴᠠᠭ ᠢ | ᠲᠣᠬᠢᠷᠠᠭᠤᠯᠤᠭᠰᠠᠨ ᠤ ᠳᠠᠷᠠᠭᠠᠬᠢ ᠠᠩᠬᠠᠳᠤᠭᠠᠷ ᠤᠳᠠᠭᠠᠨ ᠤ ᠰᠢᠯᠭᠠᠯᠲᠠ ᠪᠣᠯᠣᠨ᠎ᠠ᠃ | ᠣᠶᠢᠯᠠᠭᠠᠭᠰᠠᠨ ᠢᠶᠠᠷ᠂ ᠡᠨᠡ ᠵᠢᠯ ᠤᠨ ᠴᠥᠭᠡᠨ ᠲᠣᠭᠠᠲᠤ ᠦᠨᠳᠦᠰᠦᠲᠡᠨ ᠤ ᠬᠢᠲᠠᠳ ᠬᠡᠯᠡᠨ ᠤ ᠬᠢᠷᠢ | ᠲᠦᠪᠰᠢᠨ ᠤ ᠭᠤᠷᠪᠠᠨ ᠳᠡᠰ ᠤᠨ ᠰᠢᠯᠭᠠᠯᠲᠠ ᠶᠢ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ | ᠰᠢᠯᠭᠠᠯᠲᠠ ᠲᠠᠢ ᠵᠡᠷᠭᠡ ᠳᠤᠨᠢ ᠰᠢᠯᠭᠠᠬᠤ ᠦᠭᠡᠢ ᠤᠴᠢᠷ ᠠᠴᠠ ᠪᠢᠴᠢᠭ ᠤᠨ ᠬᠡᠷᠡᠭᠰᠡᠯ ᠬᠠᠩᠭᠠᠬᠤ ᠦᠭᠡᠢ᠂ | ᠰᠢᠯᠭᠠᠭᠤᠯᠤᠭᠴᠢ ᠰᠢᠯᠭᠠᠯᠲᠠ ᠳᠤ ᠬᠡᠷᠡᠭᠰᠡᠬᠦ ᠪᠢᠷ᠂ 2B ᠬᠠᠷᠠᠨᠳᠠ᠂ ᠪᠠᠯᠠᠯᠤᠭᠤᠷ ᠵᠡᠷᠭᠡ ᠪᠢᠴᠢᠭ ᠤᠨ ᠬᠡᠷᠡᠭᠰᠡᠯ ᠪᠠ | ᠰᠢᠯᠭᠠᠯᠲᠠ ᠶᠢᠨ ᠬᠡᠷᠡᠭᠰᠡᠯ ᠢᠶᠠᠨ ᠥᠪᠡᠷ ᠲᠡᠭᠡᠨ ᠪᠡᠯᠡᠳᠬᠡᠨ᠎ᠡ᠃ ᠰᠢᠯᠭᠠᠯᠲᠠ ᠨᠢ ᠦᠳᠡ ᠶᠢᠨ ᠡᠮᠦᠨᠡᠬᠢ 9 | ᠴᠠᠭ ᠠᠴᠠ 11 ᠴᠠᠭ ᠪᠣᠯᠲᠠᠯ᠎ᠠ ᠶᠠᠪᠤᠭᠳᠠᠨ᠎ᠠ᠂ ᠰᠢᠯᠭᠠᠯᠲᠠ ᠡᠬᠢᠯᠡᠭᠡᠳ 15 ᠮᠢᠨᠦ᠋ᠲ ᠪᠣᠯᠪᠠᠯ᠂ | ᠰᠢᠯᠭᠠᠭᠤᠯᠤᠭᠴᠢᠳ ᠤᠨ ᠰᠢᠯᠭᠠᠯᠲᠠ ᠶᠢᠨ ᠲᠠᠯᠠᠪᠠᠢ ᠳᠤ ᠣᠷᠣᠬᠤ ᠶᠢ ᠴᠠᠭᠠᠵᠠᠯᠠᠨ᠎ᠡ᠃ | ᠴᠥᠭᠡᠨ ᠲᠣᠭᠠᠲᠤ ᠦᠨᠳᠦᠰᠦᠲᠡᠨ ᠤ ᠬᠢᠲᠠᠳ ᠬᠡᠯᠡᠨ ᠤ ᠬᠢᠷᠢ ᠲᠦᠪᠰᠢᠨ ᠤ ᠰᠢᠯᠭᠠᠯᠲᠠ ᠪᠣᠯ ᠡᠬᠡ ᠬᠡᠯᠡ ᠨᠢ | ᠬᠢᠲᠠᠳ ᠬᠡᠯᠨ ᠪᠤᠰᠤ ᠴᠥᠭᠡᠨ ᠲᠣᠭᠠᠲᠤ ᠦᠨᠳᠦᠰᠦᠲᠡᠨ ᠤ ᠬᠢᠲᠠᠳ ᠬᠡᠯᠡ ᠰᠤᠷᠤᠯᠴᠠᠭᠴᠢᠳ ᠤᠨ ᠬᠢᠲᠠᠳ ᠬᠡᠯᠡᠨ ᠤ | ᠬᠢᠷᠢ ᠬᠡᠮᠵᠢᠶ᠎ᠡ ᠶᠢ ᠲᠤᠰᠬᠠᠶ ᠲᠤᠷᠰᠢᠨ ᠰᠢᠯᠭᠠᠬᠤ ᠤᠯᠤᠰ ᠤᠨ ᠳᠡᠰ ᠤᠨ ᠪᠡᠷᠢᠮᠵᠢᠶᠡᠴᠢᠯᠡᠬᠰᠡᠠ ᠰᠢᠯᠭᠠᠯᠲᠠ ᠪᠣᠯᠣᠨ᠎ᠠ᠃ | ᠰᠢᠯᠭᠠᠯᠲᠠ ᠳᠤ ᠰᠣᠨᠣᠰᠴᠤ ᠣᠶᠢᠯᠠᠭᠠᠬᠤ᠂ ᠤᠩᠰᠢᠵᠤ ᠣᠶᠢᠯᠠᠭᠠᠬᠤ᠂ ᠪᠢᠴᠢᠭ ᠢᠶᠠᠷ ᠢᠯᠡᠳᠬᠡᠬᠦ᠂ ᠶᠠᠷᠢᠵᠤ | ᠢᠯᠡᠳᠬᠡᠬᠦ 4 ᠬᠡᠰᠡᠭ ᠪᠠᠭᠲᠠᠵᠤ᠂ ᠬᠡᠯᠡᠨ ᠤ ᠠᠳᠠᠯᠢ ᠪᠤᠰᠤ ᠤᠷ᠎ᠠ ᠮᠡᠷᠭᠡᠵᠢᠯ ᠢ ᠰᠢᠯᠭᠠᠬᠤ ᠪᠠᠷ ᠳᠠᠮᠵᠢᠭᠤᠯᠤᠨ᠂ | ᠰᠢᠯᠭᠠᠭᠤᠯᠤᠭᠴᠢ ᠶᠢᠨ ᠬᠢᠲᠠᠳ ᠬᠡᠯᠡ ᠪᠠᠷ ᠬᠠᠷᠢᠯᠴᠠᠬᠤ ᠴᠢᠳᠠᠪᠤᠷᠢ ᠶᠢ ᠨᠢ ᠪᠦᠬᠦ ᠲᠠᠯ᠎ᠠ ᠪᠠᠷ ᠬᠢᠨᠠᠨ ᠪᠠᠶᠢᠴᠠᠭᠠᠨ᠎ᠠ᠃ | ᠣᠶᠢᠯᠠᠭᠠᠭᠰᠠᠨ ᠢᠶᠠᠷ᠂ ᠴᠥᠭᠡᠨ ᠲᠣᠭᠠᠲᠤ ᠦᠨᠳᠦᠰᠦᠲᠡᠨ ᠤ ᠬᠢᠲᠠᠳ ᠬᠡᠯᠡᠨ ᠤ ᠬᠢᠷᠢ ᠲᠦᠪᠰᠢᠨ ᠤ ᠭᠤᠷᠪᠠᠨ | ᠳᠡᠰ ᠤᠨ ᠬᠢᠷᠢ ᠲᠡᠩᠴᠡᠬᠦ ᠪᠠᠷᠢᠮᠵᠢᠶ᠎ᠠ ᠶᠢᠨ ᠶᠡᠷᠦᠩᠬᠡᠶ ᠬᠤᠪᠢ ᠨᠢ 195 ᠬᠤᠪᠢ ᠠᠴᠠ ᠳᠡᠭᠡᠭᠰᠢ ᠪᠠᠶᠢᠬᠤ ᠪᠦᠭᠡᠳ | ᠰᠣᠨᠣᠰᠬᠤ ᠴᠢᠳᠠᠪᠤᠷᠢ᠂ ᠤᠩᠰᠢᠬᠤ᠂ ᠪᠢᠴᠢᠭ ᠢᠶᠠᠷ ᠢᠯᠡᠳᠬᠡᠬᠦ ᠭᠤᠷᠪᠠᠨ ᠬᠡᠰᠡᠭ ᠤᠨ ᠬᠢᠷᠢ ᠪᠦᠲᠦᠮᠵᠢ ᠨᠢ ᠲᠤᠰ | ᠲᠤᠰ 55 ᠬᠤᠪᠢ ᠠᠴᠠ ᠳᠡᠭᠡᠭᠰᠢ ᠳᠤ ᠬᠦᠷᠦᠭᠰᠡᠨ ᠪᠠᠶᠢᠬᠤ ᠬᠡᠷᠡᠭᠲᠡᠢ᠃ |