4 ᠳ᠋ᠤᠭᠡᠷ ᠰᠠᠷ᠎ᠠ ᠶᠢᠨ 4 ᠤ ᠡᠳᠦᠷ᠂ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ | ᠰᠢᠯᠭᠠᠯᠲᠠ ᠶᠢᠨ ᠲᠥᠪ ᠠᠴᠠ ᠮᠠᠨ ᠤ ᠣᠷᠣᠨ ᠤ ᠤᠳᠠᠯ ᠦᠭᠡᠢ ᠲᠡᠭᠦᠰᠬᠦ ᠪᠠᠷ ᠪᠠᠶᠢᠭ᠎ᠠ ᠳᠤᠮᠳᠠᠳᠤ ᠰᠤᠷᠭᠠᠭᠤᠯᠢ ᠶᠢᠨ | ᠰᠤᠷᠤᠭᠴᠢ ᠨᠡᠶᠢᠲᠡ 3 ᠤᠳᠠᠭ᠎ᠠ ᠶᠢᠨ ᠡᠯᠰᠡᠬᠦ ᠲᠣᠬᠢᠶᠠᠯ ᠢ ᠰᠣᠩᠭᠤᠵᠤ ᠪᠣᠯᠤᠨ᠎ᠠ ᠬᠡᠵᠤ ᠮᠡᠳᠡᠭᠡ ᠨᠡᠶᠢᠲᠡᠯᠡᠪᠡ᠂ | ᠪᠣᠳᠠᠲᠠᠶ ᠪᠠᠷ ᠬᠡᠯᠡᠪᠡᠯ᠄ | 1. ᠡᠩ ᠤᠨ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠳᠤ ᠡᠯᠰᠡᠬᠦ᠃ 7 ᠳ᠋ᠤᠭᠠᠷ ᠰᠠᠷ᠎ᠠ ᠶᠢᠨ 28 ᠤ | ᠡᠳᠦᠷ ᠠᠴᠠ ᠡᠮᠦᠨ᠎ᠡ᠂ ᠪᠦᠬᠦ ᠣᠷᠣᠨ ᠤ ᠡᠯ᠎ᠡ ᠠᠶᠢᠮᠠᠭ ᠬᠤᠲᠠ ᠡᠩ ᠤᠨ ᠦᠨᠳᠦᠷ ᠵᠡᠷᠭᠡ ᠶᠢᠨ ᠳᠤᠮᠳᠠᠳᠤ | ᠰᠤᠷᠭᠠᠭᠤᠯᠢ ᠳᠤ ᠡᠯᠰᠡᠬᠦ ᠠᠵᠢᠯ ᠢ ᠪᠡᠶᠡᠯᠡᠬᠦᠯᠬᠦ ᠶᠢᠨ ᠬᠠᠮᠲᠤ ᠡᠩ ᠤᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠳᠤ ᠦᠯᠦ ᠡᠯᠰᠡᠭᠳᠡᠭᠰᠡᠨ ᠰᠤᠷᠤᠭᠴᠢᠳ ᠤᠨ ᠬᠢᠷᠢ ᠪᠦᠲᠦᠮᠵᠢ ᠶᠢᠨ ᠮᠡᠳᠡᠭᠡ ᠵᠠᠩᠭᠢ ᠶᠢ ᠳᠡᠭᠡᠭᠰᠢ | ᠮᠡᠳᠡᠭᠦᠯᠬᠦ ᠬᠡᠷᠡᠭᠲᠠᠢ᠂ ᠡᠨᠡ ᠬᠦ ᠲᠤᠭ᠎ᠠ ᠪᠠᠷᠢᠮᠲᠠ ᠶᠢ ᠲᠠᠪᠤᠨ ᠵᠢᠯ ᠤᠨ ᠳᠦᠷᠢᠮᠲᠦ ᠳᠡᠭᠡᠳᠦ ᠵᠡᠷᠭᠡ ᠶᠢᠨ ᠠᠵᠢᠯ | ᠮᠡᠷᠭᠡᠵᠢᠯ ︵3 + 2︶ ᠤᠨ ᠰᠤᠷᠭᠠᠭᠤᠯᠢ ᠳᠤ ᠡᠷᠡᠮᠡᠯᠵᠡᠯ ᠲᠠᠭᠯᠠᠬᠤ ᠪᠠ ᠡᠯᠰᠡᠵᠦ ᠠᠪᠬᠤ ᠳᠤ ᠬᠡᠷᠡᠭᠯᠡᠨ᠎ᠡ︔ | 2. ᠲᠠᠪᠤᠨ ᠵᠢᠯ ᠤᠨ ᠳᠦᠷᠢᠮᠲᠦ ᠳᠡᠭᠡᠳᠦ ᠵᠡᠷᠭᠡ ᠶᠢᠨ ᠠᠵᠢᠯ ᠮᠡᠷᠭᠡᠵᠢᠯ ︵3 + 2︶ ᠤᠨ | ᠰᠤᠷᠭᠠᠭᠤᠯᠢ ᠳᠤ ᠡᠯᠰᠡᠬᠦ᠃ 7 ᠳ᠋ᠤᠭᠠᠷ ᠰᠠᠷ᠎ᠠ ᠶᠢᠨ 31 ᠤ ᠡᠳᠦᠷ ᠠᠴᠠ 8 ᠳ᠋ᠤᠭᠠᠷ ᠰᠠᠷ᠎ᠠ ᠶᠢᠨ 3 ᠤ ᠡᠳᠦᠷ | ᠪᠤᠯᠲᠠᠯ᠎ᠠ᠂ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠠᠴᠠ ᠪᠦᠬᠦ | ᠣᠷᠣᠨ ᠤ ᠲᠠᠪᠤᠨ ᠵᠢᠯ ᠤᠨ ᠳᠦᠷᠢᠮᠲᠦ ᠳᠡᠭᠡᠳᠦ ᠵᠡᠷᠭᠡ ᠶᠢᠨ ᠠᠵᠢᠯ ᠮᠡᠷᠭᠡᠵᠢᠯ ︵3 + 2︶ ᠤᠨ | ᠰᠤᠷᠭᠠᠭᠤᠯᠢ ᠶᠢᠨ ᠰᠤᠷᠤᠭᠴᠢ ᠡᠯᠰᠡᠬᠦ ᠠᠵᠢᠯ ᠢ ᠵᠣᠬᠢᠶᠠᠨ ᠪᠠᠶᠢᠭᠤᠯᠤᠨ ᠪᠡᠶᠡᠯᠡᠬᠦᠯᠦᠨ᠎ᠡ᠃ ᠰᠦᠯᠵᠢᠶᠡᠨ ᠳᠡᠭᠡᠷ᠎ᠡ | ᠨᠢᠭᠡᠳᠦᠯᠲᠡᠶ ᠨᠡᠷ᠎ᠡ ᠮᠡᠳᠡᠭᠦᠯᠬᠦ ᠳᠤ ᠣᠷᠣᠯᠴᠠᠭᠰᠠᠨ ᠦᠭᠡᠢ ᠪᠤᠶᠤ ᠨᠢᠭᠡᠨᠲᠡ ᠡ᠊ᠩ ᠤᠨ ᠦᠨᠳᠦᠷ ᠵᠡᠷᠭᠡ ᠶᠢᠨ | ᠳᠤᠮᠳᠠᠲᠤ ᠰᠤᠷᠭᠠᠭᠤᠯᠢ ᠳᠤ ᠡᠯᠰᠡᠭᠳᠡᠭᠰᠡᠨ ᠰᠢᠯᠭᠠᠭᠤᠯᠤᠭᠰᠠᠳ ᠪᠤᠯ ᠲᠠᠪᠤᠨ ᠵᠢᠯ ᠤᠨ ᠳᠦᠷᠢᠮᠲᠦ ᠳᠡᠭᠡᠳᠦ | ᠵᠡᠷᠭᠡ ᠶᠢᠨ ᠠᠵᠢᠯ ᠮᠡᠷᠭᠡᠵᠢᠯ ︵3 + 2︶ ᠤᠨ ᠰᠤᠷᠭᠠᠭᠤᠯᠢ ᠶᠢᠨ ᠰᠤᠷᠤᠭᠴᠢ ᠡᠯᠰᠡᠬᠦ ᠳᠤ ᠣᠷᠣᠯᠴᠠᠵᠤ ᠪᠣᠯᠬᠤ | ᠦᠭᠡᠢ᠂ ᠰᠣᠷᠣᠭᠴᠢ ᠡᠯᠰᠡᠬᠦ ᠠᠵᠢᠯ ᠳᠠᠭᠤᠰᠤᠭᠰᠠᠨ ᠤ ᠳᠠᠷᠠᠭ᠎ᠠ ᠳᠠᠭᠢᠵᠤ ᠨᠥᠬᠦᠨ ᠡᠯᠰᠡᠬᠦ ᠦᠭᠡᠢ︔ | 3. ᠠᠵᠢᠯ ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠳᠤᠮᠳᠠ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ ᠳᠤ ᠡᠯᠰᠡᠬᠦ᠃ 8 ᠳ᠋ᠤᠭᠠᠷ ᠰᠠᠷ᠎ᠠ ᠶᠢᠨ 4 ᠤ ᠡᠳᠦᠷ ᠠᠴᠠ ᠬᠤᠶᠢᠰᠢ᠂ ᠡᠯ᠎ᠡ ᠠᠶᠢᠮᠠᠭ | ᠬᠤᠲᠠ ᠲᠠᠪᠤᠨ ᠵᠢᠯ ᠤᠨ ᠳᠦᠷᠢᠮᠲᠦ ᠳᠡᠭᠡᠳᠦ ᠵᠡᠷᠭᠡ ᠶᠢᠨ ᠠᠵᠢᠯ ᠮᠡᠷᠭᠡᠵᠢᠯ ︵3 + 2︶ ᠤᠨ ᠰᠤᠷᠭᠠᠭᠤᠯᠢ ᠶᠢᠨ | ᠰᠤᠷᠤᠭᠴᠢ ᠡᠯᠰᠡᠬᠦ ᠲᠤᠭ᠎ᠠ ᠪᠠᠷᠢᠮᠲᠠ ᠶᠢ ᠪᠠᠭᠤᠯᠭᠠᠨ ᠠᠪᠬᠤ ᠶᠢᠨ ᠬᠠᠮᠲᠤ ᠠᠵᠢᠯ ᠮᠡᠷᠭᠡᠵᠢᠯ ᠤᠨ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠰᠣᠷᠣᠭᠴᠢ | ᠡᠯᠰᠡᠬᠦ ᠠᠵᠢᠯ ᠢ ᠵᠣᠬᠢᠶᠠᠨ ᠪᠠᠶᠢᠭᠤᠯᠤᠨ᠎ᠠ᠃ |