ᠲᠦᠩᠯᠢᠶᠣᠤ ᠬᠤᠲᠠ ︽ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠬᠠᠮᠢᠭ᠎ᠠ ᠴᠦ ᠭᠦᠢᠴᠡᠳᠬᠡᠬᠦ︾ ᠣᠷᠣᠨ ᠨᠤᠲᠤᠭ ᠤᠨ ᠭᠠᠶᠢᠯᠢ ᠶᠢᠨ ᠲᠤᠬᠠᠶᠢᠯᠠᠭᠰᠠᠨ ᠠᠵᠢᠯ ᠢ ᠲᠦᠷᠦᠭᠦᠯᠡᠨ ᠡᠬᠢᠯᠡᠭᠦᠯᠪᠡ
ᠨᠡᠶᠢᠲᠡᠯᠡᠭᠰᠡᠨ ᠴᠠᠭ᠄
2017/5/10
    5 ᠳ᠋ᠤᠭᠠᠷ ᠰᠠᠷ᠎ᠠ ᠶᠢᠨ 4᠎ ᠤ ᠡᠳᠦᠷ ᠠᠴᠠ ᠡᠬᠢᠯᠡᠨ᠂ ᠲᠦᠩᠯᠢᠶᠣᠤ ᠶᠢᠨ ᠠᠵᠤ ᠠᠬᠤᠶ ᠶᠢᠨ ᠨᠡᠭᠡᠭᠡᠯᠳᠡ ᠶᠢᠨ ᠲᠣᠭᠤᠷᠢᠭ ᠤᠨ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠬᠤᠪᠢᠶᠠᠷᠢ ᠲᠣᠪᠴᠢᠶ᠎ᠠ ᠶᠢᠨ ᠭᠠᠶᠢᠯᠢ ᠭᠦᠢᠴᠡᠳᠬᠡᠬᠦ ᠲᠠᠩᠬᠢᠮ ︽ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠬᠠᠮᠢᠭ᠎ᠠ ᠴᠦ ᠭᠦᠢᠴᠡᠳᠬᠡᠬᠦ︾ ᠴᠣᠩᠬᠤ ᠶᠢ ᠵᠢᠩᠬᠢᠨᠢ ᠪᠠᠷ ᠪᠠᠶᠢᠭᠤᠯᠵᠤ᠂ ᠲᠤᠰ ᠡᠳᠦᠷ ᠲᠤ ᠣᠨᠳᠣᠣ ᠭᠠᠵᠠᠷ ᠤᠨ 3 ᠠᠵᠤ ᠠᠬᠤᠶᠢᠯᠠᠯ ᠤᠨ ᠭᠠᠶᠢᠯᠢ ᠲᠤᠰᠢᠶᠠᠬᠤ ᠲᠤᠬᠠᠶᠢᠯᠠᠭᠰᠠᠨ ᠠᠵᠢᠯ ᠢ ᠭᠦᠢᠴᠡᠳᠬᠡᠵᠦ᠂ ᠨᠡᠶᠢᠲᠡ 13295.95 ᠲᠥᠭᠦᠷᠢᠭ ᠭᠠᠶᠢᠯᠢ ᠶᠢᠨ ᠵᠣᠭᠤᠰ ᠢ ᠬᠥᠮᠥᠷᠭᠡᠯᠡᠵᠦ᠂ ︽ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠬᠠᠮᠢᠭ᠎ᠠ ᠴᠦ ᠭᠦᠢᠴᠡᠳᠬᠡᠬᠦ︾ ᠣᠷᠣᠨ ᠨᠤᠲᠤᠭ ᠤᠨ ᠭᠠᠶᠢᠯᠢ ᠶᠢᠨ ᠲᠤᠬᠠᠶᠢᠯᠠᠭᠰᠠᠨ ᠠᠵᠢᠯ ᠢ ᠲᠦᠷᠦᠭᠦᠯᠡᠨ ᠡᠬᠢᠯᠡᠭᠦᠯᠪᠡ᠃     ᠣᠷᠣᠨ ᠨᠤᠲᠤᠭ ᠤᠨ ᠭᠠᠶᠢᠯᠢ ᠶᠢᠨ ᠲᠤᠬᠠᠶᠢᠯᠠᠭᠰᠠᠨ ᠠᠵᠢᠯ ᠤᠨ ︽ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠬᠠᠮᠢᠭ᠎ᠠ ᠴᠦ ᠭᠦᠢᠴᠡᠳᠬᠡᠬᠦ︾ ᠭᠡᠳᠡᠭ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠠᠬᠢ ᠠᠵᠤ ᠠᠬᠤᠶᠢᠯᠠᠯ ᠤᠨ ᠭᠠᠶᠢᠯᠢ ᠲᠤᠰᠢᠶᠠᠭᠴᠢᠳ᠂ ᠠᠶᠢᠮᠠᠭ ᠬᠤᠳᠠ᠂ ᠬᠤᠰᠢᠭᠤ ᠰᠢᠶᠠᠨ ᠤ ᠣᠷᠣᠨ ᠭᠠᠵᠠᠷ ᠲᠤ ᠬᠢᠵᠠᠭᠠᠷᠯᠠᠭᠳᠠᠬᠤ ᠦᠭᠡᠢ᠂ ᠶᠠᠮᠠᠷᠪᠠ ᠨᠢᠭᠡᠨ ᠣᠷᠣᠨ ᠨᠤᠲᠤᠭ ᠤᠨ ᠭᠠᠶᠢᠯᠢ ᠶᠢᠨ ᠲᠣᠪᠴᠢᠶᠠᠨ ᠤ ᠭᠠᠶᠢᠯᠢ ᠭᠦᠶᠴᠡᠳᠬᠡᠬᠦ ᠦᠶᠯᠡᠴᠢᠯᠡᠭᠡᠨ ᠤ ᠲᠠᠩᠬᠢᠮ ᠳᠤ ᠭᠠᠶᠢᠯᠢ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠵᠦ ᠪᠣᠯᠬᠤ ᠶᠢ ᠵᠢᠭᠠᠵᠤ ᠪᠣᠢ᠃ ᠲᠦᠩᠯᠢᠶᠣᠤ ᠶᠢᠨ ᠨᠡᠭᠡᠭᠡᠯᠳᠡ ᠶᠢᠨ ᠲᠣᠭᠤᠷᠢᠭ ᠤᠨ ᠣᠷᠣᠨ ᠨᠤᠲᠤᠭ ᠤᠨ ᠭᠠᠶᠢᠯᠢ ᠶᠢᠨ ᠬᠤᠪᠢᠶᠠᠷᠢ ᠲᠣᠪᠴᠢᠶ᠎ᠠ ᠪᠣᠯ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠭᠠᠶᠢᠯᠢ ᠶᠢᠨ ᠰᠢᠰᠲ᠋ᠧᠮ ᠤᠨ ᠤᠷᠢᠳᠠᠪᠠᠷ ᠲᠤᠷᠰᠢᠯᠲᠠ ᠬᠢᠭᠰᠡᠨ ᠨᠢᠭᠡᠴᠡ ᠪᠣᠯᠣᠨ᠎ᠠ᠂ ᠥᠨᠥ᠂ ᠭᠠᠶᠢᠯᠢ ᠲᠤᠰᠢᠶᠠᠭᠴᠢ ᠶᠢᠨ ᠬᠠᠷᠢᠶ᠎ᠠ ᠪᠦᠬᠦᠢ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ᠂ ᠭᠠᠶᠢᠯᠢ ᠶᠢᠨ ᠲᠥᠰᠦᠪ ᠤᠨ ᠲᠥᠷᠥᠯ ᠢᠯᠭᠠᠯ᠂ ᠲᠥᠰᠦᠪ ᠤᠨ ᠬᠤᠪᠢᠶᠠᠷᠢᠯᠠᠯᠲᠠ ᠶᠢᠨ ᠬᠠᠷᠢᠴᠠᠯ ᠪᠠ ᠵᠣᠭᠤᠰ ᠬᠤᠷᠢᠶᠠᠬᠤ ᠤᠯᠤᠰ ᠤᠨ ᠬᠥᠮᠥᠷᠭᠡ ᠶᠢ ᠬᠤᠪᠢᠷᠠᠭᠤᠯᠬᠤ ᠦᠭᠡᠢ ᠪᠠᠶᠢᠬᠤ ᠤᠷᠢᠲᠠᠯ ᠳᠣᠣᠷ᠎ᠠ᠂ ᠲᠦᠩᠯᠢᠶᠣᠤ ᠶᠢᠨ ᠨᠡᠬᠡᠬᠡᠯᠳᠡ ᠶᠢᠨ ᠲᠣᠭᠤᠷᠢᠭ ᠤᠨ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠬᠤᠪᠢᠶᠠᠷᠢ ᠲᠣᠪᠴᠢᠶ᠎ᠠ ᠨᠢ ᠭᠠᠶᠢᠯᠢ ᠶᠢᠨ ᠶᠠᠪᠤᠳᠠᠯ ᠢ ᠳᠠᠩᠰᠠᠯᠠᠭᠤᠯᠬᠤ᠂ ᠭᠠᠶᠢᠯᠢ ᠮᠡᠳᠡᠭᠦᠯᠬᠦ᠂ ᠭᠠᠶᠢᠯᠢ ᠶᠢᠨ ᠮᠥᠩᠭᠦ ᠬᠤᠷᠢᠶᠠᠬᠤ᠂ ᠭᠠᠶᠢᠯᠢ ᠲᠠᠲᠠᠪᠤᠷᠢ ᠶᠢᠨ ᠬᠠᠷᠠᠭᠠᠯᠵᠠᠯ᠂ ᠭᠠᠶᠢᠯᠢ ᠳᠤ ᠬᠤᠯᠪᠣᠭᠳᠠᠬᠤ ᠵᠥᠪᠯᠡᠯᠭᠡ ᠥᠭᠬᠦ᠂ ᠬᠦᠰᠦᠨᠦᠭ ᠦᠨᠡᠮᠯᠡᠯ ᠠᠪᠬᠤ ᠵᠡᠷᠭᠡ 6 ᠶᠡᠭᠡ ᠲᠥᠷᠥᠯ ᠤᠨ ᠪᠥᠬᠦ ᠣᠷᠣᠨ ᠳᠤ ᠬᠠᠮᠢᠭ᠎ᠠ ᠴᠦ ᠭᠦᠢᠴᠡᠳᠬᠡᠬᠦ ᠵᠦᠢᠯᠡᠰ ᠢ ᠪᠡᠶᠡᠯᠡᠭᠦᠯᠪᠡ᠂ ᠡᠭᠦᠨ ᠳᠤ ᠭᠠᠶᠢᠯᠢ ᠶᠢᠨ ᠮᠥᠩᠭᠦ ᠬᠤᠷᠢᠶᠠᠬᠤ ᠶᠠᠪᠤᠳᠠᠯ ᠢ ᠲᠠᠲᠠᠪᠤᠷᠢᠯᠠᠬᠤ ᠬᠤᠭᠤᠴᠠᠭᠠᠨ ᠳᠤ ᠭᠠᠶᠢᠯᠢ ᠶᠢᠨ ᠬᠥᠮᠥᠷᠭᠡ ᠶᠢᠨ ᠪᠠᠩᠬᠢ ᠶᠢᠨ ᠺᠠᠷᠲ ᠤᠨ ᠬᠤᠯᠪᠣᠭᠠᠨ ᠤ ᠰᠦᠯᠵᠢᠶ᠎ᠡ ᠨᠢ ᠭᠠᠶᠢᠯᠢ ᠶᠢᠨ ᠮᠥᠩᠭᠦ ᠶᠢ ᠰᠠᠭᠤᠯᠭᠠᠨ ᠲᠤᠰᠢᠶᠠᠯᠭᠠᠬᠤ ᠪᠠᠷ ᠬᠢᠵᠠᠭᠠᠷᠯᠠᠨ ᠲᠣᠭᠲᠠᠭᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号