ᠥᠪᠥᠷ ᠮᠣᠩᠭᠤᠯ ᠠᠵᠢᠯ ᠦᠢᠯᠡᠰ ᠤᠨ ᠨᠢᠭᠡᠴᠡ ᠶᠢᠨ ᠠᠵᠢᠯᠳᠠᠨ ᠡᠯᠰᠡᠬᠦ ᠳᠤ᠄ ᠵᠠᠷᠢᠮ ᠣᠨᠴᠠᠭᠠᠶ ᠠᠵᠢᠯ ᠤᠨ ᠪᠠᠶᠢᠷᠢ ᠶᠢ ᠡᠩ ᠤᠨ ᠠᠵᠢᠯ ᠤᠨ ᠪᠠᠶᠢᠷᠢ ᠪᠣᠯᠭᠠᠪᠠ
ᠨᠡᠶᠢᠲᠡᠯᠡᠭᠰᠡᠨ ᠴᠠᠭ᠄
2017/5/11
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠡ ᠎ ᠶᠢᠨ 2017 ᠣᠨ ᠤ ᠢᠯᠡ ᠪᠠᠷ ᠠᠵᠢᠯᠲᠠᠨ ᠡᠯᠰᠡᠬᠦ ︽ᠲᠥᠷᠥᠯ ᠵᠦᠢᠯ ᠤᠨ ᠬᠥᠮᠥᠰ︾᠎ ᠤᠨ ᠠᠵᠢᠯ ᠤᠨ ᠪᠠᠶᠢᠷᠢ ᠪᠠ ︽ᠮᠣᠩᠭᠤᠯ ᠬᠢᠲᠠᠳ ᠬᠡᠯᠡᠨ ᠳᠤ ᠨᠡᠪᠲᠡᠷᠡᠭᠰᠡᠨ︾ ᠠᠵᠢᠯ ᠤᠨ ᠪᠠᠶᠢᠷᠢ ᠳᠤ ᠨᠡᠷ᠎ᠡ ᠮᠡᠳᠡᠭᠦᠯᠬᠦ ᠪᠠ ᠰᠦᠢᠳᠬᠡᠯ ᠲᠤᠰᠢᠶᠠᠬᠤ ᠠᠵᠢᠯ ᠨᠢᠭᠡᠨᠲᠡ ᠲᠡᠭᠦᠰᠪᠡ᠃ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠪᠡᠯ᠂ ︽ᠲᠥᠷᠥᠯ ᠵᠦᠢᠯ ᠤᠨ ᠬᠥᠮᠥᠰ︾᠎ ᠤᠨ ᠠᠵᠢᠯ ᠤᠨ ᠪᠠᠶᠢᠷᠢ ᠪᠠ ︽ᠮᠣᠩᠭᠤᠯ ᠬᠢᠲᠠᠳ ᠬᠡᠯᠡᠨ ᠳᠤ ᠨᠡᠪᠲᠡᠷᠡᠭᠰᠡᠨ︾ ᠠᠵᠢᠯ ᠤᠨ ᠪᠠᠶᠢᠷᠢ ᠶᠢᠨ ᠰᠦᠢᠳᠬᠡᠯ ᠲᠤᠰᠢᠶᠠᠭᠰᠠᠨ ᠬᠥᠮᠦᠨ ᠤ ᠲᠤᠭ᠎ᠠ 4᠄1᠎ ᠶᠢᠨ ᠰᠢᠯᠭᠠᠬᠤ ᠬᠠᠷᠢᠴᠠᠯ ᠳᠤ ᠬᠦᠷᠦᠭᠰᠡᠨ ᠦᠭᠡᠢ ᠲᠤᠯᠠ ︽ᠡᠩ ᠤᠨ ᠠᠵᠢᠯ ᠤᠨ ᠪᠠᠶᠢᠷᠢ︾ ᠪᠣᠯᠭᠠᠵᠤ ᠳᠠᠬᠢᠨᠲᠠ ᠨᠡᠷ᠎ᠡ ᠮᠡᠳᠡᠭᠦᠯᠬᠦ ᠪᠠᠷ ᠪᠣᠯᠭᠠᠪᠠ᠃      ᠪᠣᠳᠠᠲᠠᠶ ᠬᠤᠪᠢᠷᠠᠭᠤᠯᠤᠭᠰᠠᠨ ᠠᠵᠢᠯ ᠤᠨ ᠪᠠᠶᠢᠷᠢ ᠶᠢ ᠥᠪᠥᠷ ᠮᠣᠩᠭᠤᠯ ᠤᠨ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ︵http://www.impta.com/︶᠎ ᠠᠴᠠ ᠯᠠᠪᠯᠠᠨ ᠦᠵᠡᠵᠦ᠂ ︽2017 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠡ ᠢᠯᠡ ᠪᠠᠷ ᠠᠵᠢᠯᠳᠠᠨ ᠡᠯᠰᠡᠬᠦ ᠠᠵᠢᠯ ᠤᠨ ᠪᠠᠶᠢᠷᠢ ᠶᠢᠨ ᠬᠡᠷᠡᠭᠴᠡᠭᠡᠨ ᠤ ᠬᠦᠰᠦᠨᠦᠭᠲᠦ ︵ᠬᠤᠶᠠᠷ︶︾᠎ ᠢ ᠨᠠᠷᠢᠪᠴᠢᠯᠠᠨ ᠦᠵᠡᠭᠡᠷᠡᠢ᠃ ᠠᠩᠬᠠᠷᠤᠭᠤᠰᠢᠲᠠᠶ ᠵᠦᠢᠯ ᠭᠡᠪᠡᠯ᠂ ︽ᠲᠥᠷᠥᠯ ᠵᠦᠢᠯ ᠤᠨ ᠬᠥᠮᠥᠰ︾ ᠎ ᠤᠨ ᠠᠵᠢᠯ ᠤᠨ ᠪᠠᠶᠢᠷᠢ ᠪᠠ ︽ᠮᠣᠩᠭᠤᠯ ᠬᠢᠲᠠᠳ ᠬᠡᠯᠡᠨ ᠳᠤ ᠨᠡᠪᠲᠡᠷᠡᠭᠰᠡᠨ︾ ᠠᠵᠢᠯ ᠤᠨ ᠪᠠᠶᠢᠷᠢ ᠳᠤ ᠨᠡᠷ᠎ᠡ ᠮᠡᠳᠡᠭᠦᠯᠦᠭᠰᠡᠳ ᠬᠢᠨᠠᠨ ᠬᠠᠷᠭᠤᠭᠤᠯᠤᠯᠲᠠ ᠪᠠᠷ ᠪᠠᠲᠤᠯᠠᠭᠳᠠᠭᠰᠠᠨ ᠦᠭᠡᠢ ᠪᠠ ᠬᠢᠨᠠᠨ ᠪᠠᠲᠤᠯᠠᠭᠳᠠᠭᠰᠠᠨ ᠪᠣᠯᠪᠠᠴᠤ ᠰᠦᠢᠳᠬᠡᠯ ᠲᠤᠰᠢᠶᠠᠭᠰᠠᠨ ᠦᠭᠡᠢ ᠬᠥᠮᠦᠰ᠂ ︽ᠡᠩ ᠤᠨ ᠠᠵᠢᠯ ᠤᠨ ᠪᠠᠶᠢᠷᠢ︾᠎ ᠳᠤ ᠨᠡᠷ᠎ᠡ ᠮᠡᠳᠡᠭᠦᠯᠬᠦ ᠳᠤ ᠡᠷᠬᠡᠪᠰᠢ ︽ᠨᠡᠷ᠎ᠡ ᠮᠡᠳᠡᠭᠦᠯᠬᠦ ᠬᠦᠰᠦᠨᠦᠭᠲᠦ︾᠎ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢ ᠳᠠᠬᠢᠵᠤ ᠲᠠᠭᠯᠠᠨ ᠮᠡᠳᠡᠭᠦᠯᠬᠦ ᠶᠢᠨ ᠬᠠᠮᠲᠤ ᠲᠤᠰᠢᠶᠠᠬᠤ ᠬᠡᠷᠡᠭᠲᠡᠶ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号