ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠤᠴᠢᠨ ᠭᠤᠷᠪᠠᠳᠤᠭᠠᠷ ᠤᠳᠠᠭᠠᠨ ᠤ ᠬᠤᠷᠠᠯ ᠢ ᠠᠷᠠᠳ ᠢᠷᠭᠡᠨ ᠰᠤᠯᠠ ᠰᠣᠨᠣᠰᠬᠤ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2017/5/15
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢᠦᠠ ᠤᠨ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠤᠴᠢᠨ ᠭᠤᠷᠪᠠᠳᠤᠭᠠᠷ ᠤᠳᠠᠭᠠᠨ ᠤ ᠬᠤᠷᠠᠯ ᠢ ᠠᠷᠠᠳ ᠢᠷᠭᠡᠨ ᠰᠤᠯᠠ ᠰᠣᠨᠣᠰᠬᠤ ᠶᠢ ᠵᠥᠪᠰᠢᠶᠡᠷᠡᠨ᠎ᠡ ᠭᠡᠵᠦ ᠲᠣᠭᠲᠠᠭᠠᠪᠠ᠃ ᠡᠳᠦᠭᠡ ᠲᠤᠰ ᠤᠳᠠᠭ᠎ᠠ ᠶᠢᠨ ᠬᠤᠷᠠᠯ ᠢ ᠠᠷᠠᠳ ᠢᠷᠭᠡᠳ ᠰᠤᠯᠠ ᠰᠣᠨᠣᠰᠬᠤ ᠲᠤᠬᠠᠶ ᠬᠤᠯᠪᠣᠭᠳᠠᠯ ᠪᠦᠬᠦᠢ ᠶᠠᠪᠤᠳᠠᠯ ᠢ ᠳᠣᠣᠷᠠᠬᠢ ᠮᠡᠲᠦ ᠵᠠᠷᠯᠠᠪᠠ᠄      ᠨᠢᠭᠡ᠂ ᠪᠦᠬᠦᠯᠢ 18 ᠨᠠᠰᠤ ᠬᠦᠷᠦᠭᠰᠡᠨ᠂ ᠢᠷᠭᠡᠨ ᠤ ᠬᠡᠷᠡᠭ ᠤᠨ ᠠᠵᠢᠯᠯᠠᠭ᠎ᠠ ᠶᠢᠨ ᠪᠦᠷᠢᠨ ᠴᠢᠳᠠᠪᠤᠷᠢ ᠲᠠᠢ ᠪᠦᠭᠡᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠪᠦᠬᠦᠯᠢ 2 ᠵᠢᠯ ᠰᠠᠭᠤᠭᠰᠠᠨ ᠳᠤᠮᠳᠠᠳᠤ ᠤᠯᠤᠰ ᠤᠨ ᠠᠷᠠᠳ ᠢᠷᠭᠡᠳ ᠴᠥᠮ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠤᠴᠢᠨ ᠭᠤᠷᠪᠠᠳᠤᠭᠠᠷ ᠤᠳᠠᠭᠠᠨ ᠤ ᠬᠤᠷᠠᠯ ᠢ ᠰᠤᠯᠠ ᠰᠣᠨᠣᠰᠬᠤ ᠪᠠᠷ ᠭᠤᠶᠤᠴᠢᠯᠠᠵᠤ ᠪᠣᠯᠤᠨ᠎ᠠ᠃ ᠬᠠᠤᠯᠢ ᠶᠣᠰᠣᠭᠠᠷ ᠪᠡᠶ᠎ᠡ ᠶᠢᠨ ᠡᠷᠬᠡ ᠪᠠᠨ ᠬᠠᠰᠤᠭᠳᠠᠭᠰᠠᠨ ᠪᠤᠶᠤ ᠤᠯᠤᠰ ᠲᠦᠷᠤ ᠶᠢᠨ ᠡᠷᠬᠡ ᠪᠠᠨ ᠬᠠᠰᠤᠭᠳᠠᠭᠰᠠᠨ ᠬᠥᠮᠦᠨ ᠪᠠᠭᠲᠠᠬᠤ ᠦᠬᠡᠢ᠃ ᠲᠤᠰ ᠤᠳᠠᠭᠠᠨ ᠤ ᠬᠤᠷᠠᠯ ᠤᠨ ᠰᠤᠯᠠ ᠰᠤᠨᠤᠰᠤᠬᠴᠢᠳ ᠤᠨ ᠶᠡᠷᠦᠩᠬᠡᠶ ᠲᠤᠭ᠎ᠠ ᠨᠢ 15 ᠬᠦᠮᠦᠨ ᠪᠣᠯᠣᠨ᠎ᠠ᠃      ᠬᠤᠶᠠᠷ᠂ ᠲᠤᠰ ᠤᠳᠠᠭᠠᠨ ᠤ ᠬᠤᠷᠠᠯ ᠢ ᠰᠤᠯᠠ ᠰᠣᠨᠣᠰᠬᠤ ᠪᠠᠷ ᠭᠤᠶᠤᠴᠢᠯᠠᠭᠴᠢᠳ ᠪᠡᠶ᠎ᠡ ᠶᠢᠨ ᠦᠨᠡᠮᠯᠡᠯ ᠪᠤᠶᠤ ᠪᠤᠰᠤᠳ ᠬᠦᠴᠦᠨ ᠪᠦᠬᠦᠢ ᠦᠨᠡᠮᠯᠡᠯ ᠭᠡᠷᠡᠴᠢ ᠪᠠᠨ ᠠᠪᠴᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠳᠤ ᠭᠤᠶᠤᠴᠢᠯᠠᠯ ᠢᠶᠠᠨ ᠳᠡᠪᠰᠢᠭᠦᠯᠦᠨ᠎ᠡ᠂ ᠬᠥᠬᠡᠬᠤᠲᠠ ᠳᠤ ᠰᠠᠭᠤᠭ᠎ᠠ ᠠᠷᠠᠳ ᠢᠷᠭᠡᠳ ᠰᠢᠭᠤᠳ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠲᠢᠩᠬᠢᠮ ᠳᠤ ᠬᠦᠷᠴᠦ ᠢᠷᠭᠡᠨ ᠤ ᠰᠤᠯᠠ ᠰᠣᠨᠣᠰᠬᠤ ᠭᠤᠶᠤᠴᠢᠯᠠᠯ ᠤᠨ ᠭᠠᠷᠳᠠᠮ ᠭᠦᠢᠴᠡᠳᠬᠡᠵᠦ ᠪᠣᠯᠣᠨ᠎ᠠ᠂ ᠰᠤᠯᠠ ᠰᠣᠨᠣᠰᠬᠤ ᠪᠠᠷ ᠭᠤᠶᠤᠴᠢᠯᠠᠭᠴᠢᠳ ᠲᠤᠰ ᠬᠥᠮᠦᠨ ᠤ ᠣᠶᠢᠷ᠎ᠠ ᠶᠢᠨ ᠬᠤᠭᠤᠴᠠᠭᠠᠨ ᠤ 2 ᠢᠮᠠᠬᠤ ᠶᠢᠨ ᠪᠤᠳᠤᠭᠲᠠᠶ ᠲᠥᠪ ᠰᠡᠭᠦᠳᠡᠷ 2᠎ ᠢ ᠲᠤᠰᠢᠶᠠᠨ᠎ᠠ᠃      1᠂ ᠰᠤᠯᠠ ᠰᠣᠨᠣᠰᠬᠤ ᠪᠠᠷ ᠭᠤᠶᠤᠴᠢᠯᠠᠬᠤ ᠴᠠᠭ ᠬᠤᠭᠤᠴᠠᠭ᠎ᠠ᠄ 2017 ᠣᠨ ᠤ 5 ᠳ᠋ᠤᠭᠠᠷ ᠰᠠᠷ᠎ᠠ ᠶᠢᠨ 13᠎ ᠤ ᠡᠳᠦᠷ᠂ 14᠎ ᠤ ᠡᠳᠦᠷ᠂ 15᠎ ᠤ ᠡᠳᠦᠷ      ᠦᠳᠡ ᠶᠢᠨ ᠡᠮᠤᠨᠨᠡᠬᠢ 9᠄ 00 — 12᠄ 00᠂ ᠦᠳᠡ ᠶᠢᠨ ᠬᠤᠶᠢᠨᠠᠬᠢ 2᠄ 30 — 5᠄ 30      2᠂ ᠰᠤᠯᠠ ᠰᠣᠨᠣᠰᠬᠤ ᠪᠠᠷ ᠭᠤᠶᠤᠴᠢᠯᠠᠬᠤ ᠬᠠᠶ᠋ᠢᠭ᠄ ᠬᠥᠬᠡᠬᠤᠲᠠ ᠶᠢᠨ ᠰᠢᠨ᠎ᠡ ᠬᠤᠳᠠ ᠲᠣᠭᠤᠷᠢᠭ ᠤᠨ ᠵᠦᠩᠱᠠᠨ ᠵᠡᠭᠦᠨ ᠵᠠᠮ ᠤᠨ 3 ᠳ᠋ᠤᠭᠠᠷ ᠨᠣᠮᠧᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠭᠤᠯᠭ᠎ᠠ ᠶᠢᠨ ᠳᠠᠮᠵᠢᠭᠤᠯᠬᠤ ᠲᠠᠰᠤᠬ      3᠂ ᠬᠠᠷᠢᠯᠴᠠᠬᠤ ᠬᠥᠮᠦᠨ᠄ ᠵᠤᠤ ᠯᠸᠢ      ᠬᠠᠷᠢᠯᠴᠠᠬᠤ ᠤᠲᠠᠰᠤ᠄ 0471 — 6600741 ︵ᠳᠦᠷᠰᠦᠲᠦ ᠴᠠᠬᠢᠯᠭᠠᠨ︶      ᠭᠤᠷᠪᠠ᠂ ᠲᠤᠰ ᠤᠳᠠᠭᠠᠨ ᠤ ᠬᠤᠷᠠᠯ ᠢ ᠰᠤᠯᠠ ᠰᠣᠨᠣᠰᠬᠤ ᠪᠠᠷ ᠭᠤᠶᠤᠴᠢᠯᠠᠭᠴᠢᠳ ᠪᠠᠰᠠ ᠥᠪᠥᠷ ᠮᠣᠩᠭᠤᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠫᠣᠷᠲ᠋ᠧᠯ ᠰᠦᠯᠵᠢᠶ᠎ᠡ ︵http : / / www . nmgrd . gov . cn︶᠎ ᠶᠢᠨ ︽ᠰᠤᠯᠠ ᠰᠣᠨᠤᠰᠤᠭᠴᠢᠳ︾᠎ ᠤᠨ ᠪᠤᠯᠤᠩ ᠳᠤ ᠭᠠᠷᠴᠤ᠂ ᠢᠷᠭᠡᠨ ᠤ ᠰᠤᠯᠠ ᠰᠣᠨᠣᠰᠬᠤ ᠭᠠᠷᠳᠠᠮ ᠢ ᠰᠦᠯᠵᠢᠶᠡᠨ ᠳᠡᠭᠡᠷ᠎ᠡ ᠭᠦᠢᠴᠡᠳᠬᠡᠵᠦ ᠪᠣᠯᠤᠨ᠎ᠠ᠃      ᠲᠦᠷᠪᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠲᠢᠩᠬᠢᠮ ᠭᠤᠶᠤᠴᠢᠯᠠᠭᠴᠢᠳ ᠤᠨ ᠨᠡᠷ᠎ᠡ ᠮᠡᠳᠡᠭᠦᠯᠦᠭᠰᠡᠨ ᠲᠡᠰ ᠳᠠᠷᠠᠭᠠᠯᠠᠯ ᠵᠡᠷᠭᠡ ᠪᠠᠶᠢᠳᠠᠯ  ᠢ ᠦᠨᠳᠦᠰᠦᠯᠡᠨ᠂ ᠲᠤᠰ ᠤᠳᠠᠭᠠᠨ ᠤ ᠬᠤᠷᠠᠯ ᠢ ᠰᠤᠯᠠ ᠰᠣᠨᠣᠰᠬᠤ ᠢᠷᠭᠡᠨ ᠤ ᠨᠡᠷᠡᠰ ᠢ ᠲᠣᠭᠲᠠᠭᠠᠬᠤ ᠪᠦᠭᠡᠳ ᠰᠤᠯᠠ ᠰᠣᠨᠤᠰᠤᠭᠴᠢᠳ ᠤᠨ ᠬᠤᠪᠢ ᠬᠦᠮᠦᠨ ᠳᠤ ᠨᠢ ᠮᠡᠳᠡᠭᠳᠡᠨ᠎ᠡ᠃      ᠲᠠᠪᠤ᠂ ᠰᠤᠯᠠ ᠰᠣᠨᠤᠰᠤᠭᠴᠢᠳ ᠮᠡᠳᠡᠭᠳᠡᠭᠰᠡᠨ ᠴᠠᠭ ᠤᠨ ᠶᠣᠰᠣᠭᠠᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠭᠤᠯᠭ᠎ᠠ ᠶᠢᠨ ᠳᠠᠮᠵᠢᠭᠤᠯᠬᠤ ᠲᠠᠰᠤᠬ ᠲᠤ ᠬᠦᠷᠴᠦ ᠰᠤᠯᠠ ᠰᠣᠨᠣᠰᠬᠤ ᠦᠨᠡᠮᠯᠡᠯ ᠢᠶᠠᠨ ᠠᠪᠬᠤ ᠪᠦᠭᠡᠳ ᠠᠵᠢᠯᠳᠠᠨ ᠤ ᠵᠢᠯᠤᠭᠤᠳᠤᠯᠭ᠎ᠠ ᠪᠣᠯᠤᠨ ᠲᠤᠬᠢᠷᠠᠭᠤᠯᠭ᠎ᠠ ᠪᠠᠷ ᠬᠤᠷᠠᠯ ᠢ ᠰᠤᠯᠠ ᠰᠣᠨᠣᠰᠤᠨ᠎ᠠ᠃                             ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ                             ᠶᠡᠭᠡ ᠬᠤᠷᠠᠯ ᠤᠨ ᠪᠠᠶᠢᠩᠭᠤ ᠵᠢᠨ‌ᠬᠤᠷᠢᠶ᠎ᠠ ᠶᠢᠨ ᠠᠯᠪᠠᠨ ᠲᠢᠩᠬᠢᠮ                                       2017 ᠣᠨ ᠤ 5 ᠳ᠋ᠤᠭᠠᠷ ᠰᠠᠷ᠎ᠠ ᠶᠢᠨ 12᠎ ᠤ ᠡᠳᠦᠷ
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号